ᠭᠤᠷᠪᠠᠨ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠪᠠᠭᠤᠯᠭᠠᠵᠤ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠬᠢᠲᠠᠳ ᠡᠮ ᠡᠮᠨᠡᠯᠭᠡ᠎ᠶ᠋ᠢᠨ ᠦᠶ᠋ᠯᠡᠴᠢᠯᠡᠭᠡᠨ᠎ᠦ ᠬᠠᠮᠢᠶᠠᠷᠤᠯᠲᠠ᠎ᠶ᠋ᠢ ᠵᠢᠷᠤᠮᠵᠢᠭᠤᠯᠵᠤ ᠪᠤᠢ
2026-03-26 15:46:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠯᠤᠰ᠎ᠤᠨ ᠬᠢᠲᠠᠳ ᠡᠮ ᠡᠮᠨᠡᠯᠭᠡ᠎ᠶ᠋ᠢᠨ ᠲᠣᠪᠴᠢᠶ᠎ᠠ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠣᠪᠴᠢᠶ᠎ᠠ ᠬᠠᠮᠲᠤᠷᠠᠨ 3 ᠰᠠᠷ᠎ᠠ᠎ᠶ᠋ᠢᠨ 24᠎ᠤ᠋ ᠡᠳᠦᠷ 《ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠤᠷᠢᠶ᠎ᠠ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠲᠥᠪ᠎ᠦᠨ ᠬᠢᠲᠠᠳ ᠡᠮ ᠡᠮᠨᠡᠯᠭᠡ᠎ᠶ᠋ᠢᠨ ᠦᠶ᠋ᠯᠡᠴᠢᠯᠡᠭᠡᠨ᠎ᠦ ᠬᠠᠮᠢᠶᠠᠷᠤᠯᠲᠠ᠎ᠶ᠋ᠢᠨ ᠦᠨᠳᠦᠰᠦᠨ ᠵᠢᠷᠤᠮᠵᠢᠯ》 ᠢ᠋ ᠨᠡᠢᠲᠡᠯᠡᠵᠦ᠍᠂ ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠂ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠲᠥᠪ ᠨᠢ ᠬᠢᠲᠠᠳ ᠴᠢᠨᠠᠬᠰᠠᠨ ᠡᠮ᠂ ᠵᠡᠭᠦᠦ ᠲᠥᠭᠡᠨᠡᠯᠭᠡ᠂ ᠰᠤᠢᠬ᠎ᠠ ᠪᠡᠷ ᠳᠦᠬᠡᠨᠡᠬᠦ᠂ ᠴᠠᠩᠬ᠎ᠠ ᠬᠤᠰᠤᠬᠤ ᠮᠡᠷᠭᠡᠵᠢᠯ᠂ ᠰᠣᠷᠣᠭᠤᠯ ᠲᠠᠯᠪᠢᠬᠤ᠂ ᠬᠢᠲᠠᠳ ᠡᠮᠨᠡᠯᠭᠡ᠎ᠶ᠋ᠢᠨ ᠪᠢᠴᠢᠯ ᠰᠦᠪᠡᠳᠦ ᠵᠠᠰᠠᠯ ᠵᠡᠷᠭᠡ ᠲᠥᠷᠥᠯ ᠵᠦᠶ᠋ᠯ᠎ᠦᠨ ᠳᠣᠲᠣᠷᠠᠬᠢ 6 ᠲᠥᠷᠥᠯ᠎ᠦᠨ 10 ᠵᠦᠶ᠋ᠯ᠎ᠡᠴᠡ ᠳᠡᠭᠡᠭ᠌ᠰᠢᠬᠢ ᠬᠢᠲᠠᠳ ᠡᠮ ᠡᠮᠨᠡᠯᠭᠡ᠎ᠶ᠋ᠢᠨ ᠮᠡᠷᠭᠡᠵᠢᠯ᠎ᠦᠨ ᠠᠷᠭ᠎ᠠ᠎ᠶ᠋ᠢ ᠬᠠᠩᠭᠠᠵᠤ ᠴᠢᠳᠠᠬᠤ ᠬᠡᠷᠡᠭᠳᠡᠢ ᠭᠡᠵᠦ᠍ ᠲᠣᠳᠣᠷᠬᠠᠶ ᠲᠣᠭ᠍ᠲᠠᠭᠠᠪᠠ᠃

ᠡᠨᠡ ᠬᠦ᠌ ᠪᠢᠴᠢᠭ ᠮᠠᠲ᠋ᠧᠷᠢᠶᠠᠯ ᠨᠢ 2003 ᠣᠨ᠎ᠳᠤ ᠳᠠᠷᠤᠮᠠᠯᠯᠠᠨ ᠲᠠᠷᠬᠠᠭᠠᠭ᠍ᠰᠠᠨ 《ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠤᠷᠢᠶ᠎ᠠ᠎ᠶᠢᠨ ᠬᠢᠲᠠᠳ ᠡᠮ ᠡᠮᠨᠡᠯᠭᠡ᠎ᠶ᠋ᠢᠨ ᠦᠶ᠋ᠯᠡᠴᠢᠯᠡᠭᠡᠨ᠎ᠦ ᠬᠠᠮᠢᠶᠠᠷᠤᠯᠲᠠ᠎ᠶ᠋ᠢᠨ ᠦᠨᠳᠦᠰᠦᠨ ᠵᠢᠷᠤᠮᠵᠢᠯ》᠂ 《ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠲᠥᠪ᠎ᠦᠨ ᠬᠢᠲᠠᠳ ᠡᠮ ᠡᠮᠨᠡᠯᠭᠡ᠎ᠶ᠋ᠢᠨ ᠦᠶ᠋ᠯᠡᠴᠢᠯᠡᠭᠡᠨ᠎ᠦ ᠬᠠᠮᠢᠶᠠᠷᠤᠯᠲᠠ᠎ᠶ᠋ᠢᠨ ᠦᠨᠳᠦᠰᠦᠨ ᠵᠢᠷᠤᠮᠵᠢᠯ》 ᠳ᠋ᠤ ᠵᠠᠰᠠᠪᠤᠷᠢ ᠣᠷᠣᠭᠤᠯᠤᠭ᠍ᠰᠠᠨ ᠰᠠᠭᠤᠷᠢᠨ ᠳᠡᠭᠡᠷ᠎ᠡ ᠪᠦᠷᠢᠯᠳᠦᠵᠦ᠍᠂ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠬᠢᠲᠠᠳ ᠡᠮ ᠡᠮᠨᠡᠯᠭᠡ᠎ᠶ᠋ᠢᠨ ᠦᠶ᠋ᠯᠡᠴᠢᠯᠡᠭᠡᠨ᠎ᠦ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢ ᠵᠤᠷᠢᠬᠰᠠᠨ ᠶᠤᠮ᠃

ᠪᠢᠴᠢᠭ ᠮᠠᠲ᠋ᠧᠷᠢᠶᠠᠯ᠎ᠢ ᠦᠨᠳᠦᠰᠦᠯᠡᠪᠡᠯ᠂ ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠂ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠲᠥᠪ᠎ᠦᠨ ᠬᠢᠲᠠᠳ ᠡᠮᠨᠡᠯᠭᠡ᠎ᠶ᠋ᠢᠨ ᠰᠠᠯᠠᠭ᠎ᠠ ᠲᠠᠰᠤᠭ᠎ᠢ ᠲᠥᠪᠯᠡᠷᠡᠭᠦᠯᠦᠨ ᠪᠠᠢᠷᠢᠯᠠᠭᠤᠯᠵᠤ᠂ ᠤᠷᠢᠳᠴᠢᠯᠠᠨ ᠰᠡᠷᠭᠡᠢᠯᠡᠨ ᠡᠷᠡᠭᠦᠯ ᠮᠡᠨᠳᠦ᠍᠎ᠶ᠋ᠢ ᠬᠠᠮᠠᠭᠠᠯᠠᠬᠤ᠂ ᠡᠪᠡᠳᠴᠢᠨ ᠡᠮᠭᠡᠭ᠎ᠢ ᠵᠠᠰᠠᠬᠤ ᠪᠠ ᠡᠷᠡᠭᠦᠯᠵᠢᠭᠦᠯᠬᠦ᠌᠎ᠶ᠋ᠢ ᠨᠢᠭᠡ ᠴᠤᠭ᠍ᠴᠠᠵᠢᠭᠤᠯᠤᠭ᠍ᠰᠠᠨ ᠬᠢᠲᠠᠳ ᠡᠮ ᠡᠮᠨᠡᠯᠭᠡ᠎ᠶ᠋ᠢᠨ ᠦᠢᠯᠡᠴᠢᠯᠡᠭᠡ᠎ᠶ᠋ᠢ ᠬᠠᠩᠭᠠᠵᠤ᠂ ᠬᠢᠲᠠᠳ ᠡᠮ ᠡᠮᠨᠡᠯᠭᠡ᠎ᠶ᠋ᠢᠨ ᠰᠣᠶᠣᠯ᠎ᠤᠨ ᠣᠨᠴᠠᠯᠢᠭ᠎ᠢ ᠢᠯᠡᠷᠡᠭᠦᠯᠦᠭ᠌ᠰᠡᠨ ᠪᠥᠭᠡᠳ ᠬᠠᠷᠢᠴᠠᠩᠭᠤᠶ᠎ᠪᠠᠷ ᠪᠡᠶ᠎ᠡ᠎ᠪᠡᠨ ᠳᠠᠭᠠᠭᠠᠭ᠍ᠰᠠᠨ ᠬᠢᠲᠠᠳ ᠡᠮᠨᠡᠯᠭᠡ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠦ ᠣᠷᠣᠨ (ᠬᠢᠲᠠᠳ ᠡᠮᠨᠡᠯᠭᠡ᠎ᠶ᠋ᠢᠨ ᠣᠷᠳᠣᠨ)᠎ᠢ᠋ ᠪᠦᠷᠢᠯᠳᠦᠭᠦᠯᠬᠦ ᠬᠡᠷᠡᠭᠳᠡᠢ᠃

ᠡᠮ᠎ᠦᠨ ᠶᠠᠪᠤᠳᠠᠯ᠎ᠤᠨ ᠦᠶ᠋ᠯᠡᠴᠢᠯᠡᠭᠡᠨ᠎ᠦ ᠲᠠᠯ᠎ᠠ᠎ᠪᠠᠷ᠂ ᠪᠢᠴᠢᠭ ᠮᠠᠲ᠋ᠧᠷᠢᠶᠠᠯ᠎ᠳᠤ᠂ ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠂ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠲᠥᠪ᠎ᠦᠨ ᠬᠠᠩᠭᠠᠵᠤ ᠪᠠᠢᠭ᠎ᠠ ᠬᠢᠲᠠᠳ ᠪᠡᠯᠡᠨ ᠡᠮ᠎ᠦᠨ ᠲᠥᠷᠥᠯ ᠵᠦᠶ᠋ᠯ᠎ᠢ ᠵᠠᠷᠴᠢᠮ ᠳᠡᠭᠡᠷ᠎ᠡ᠎ᠪᠡᠨ 80 ᠵᠦᠶ᠋ᠯ᠎ᠡᠴᠡ ᠳᠤᠲᠠᠭᠤ ᠥᠬᠡᠶ ᠪᠠᠢᠯᠭᠠᠵᠤ᠂ ᠴᠢᠨᠠᠬᠰᠠᠨ ᠬᠢᠲᠠᠳ ᠡᠮ (ᠬᠢᠲᠠᠳ ᠡᠮ᠎ᠦᠨ ᠮᠥᠬᠥᠯᠢᠭ᠌ᠲᠦ ᠡᠮ ᠪᠠᠭ᠍ᠲᠠᠨ᠎ᠠ) ᠢ᠋ ᠵᠠᠷᠴᠢᠮ ᠳᠡᠭᠡᠷ᠎ᠡ᠎ᠪᠡᠨ 300 ᠵᠦᠶ᠋ᠯ᠎ᠡᠴᠡ ᠳᠤᠲᠠᠭᠤ ᠥᠬᠡᠶ ᠪᠠᠢᠯᠭᠠᠨ᠎ᠠ; ᠬᠢᠲᠠᠳ ᠡᠮ ᠳᠡᠪᠳᠦᠭᠡᠨ ᠦᠢᠯᠡᠳᠬᠦ ᠲᠠᠰᠤᠭ᠂ ᠡᠮ ᠴᠢᠨᠠᠬᠤ ᠲᠠᠰᠤᠭ ᠭᠠᠷᠭᠠᠵᠤ ᠪᠣᠯᠤᠨ᠎ᠠ᠂ ᠳᠡᠭᠡᠳᠦ ᠱᠠᠲᠤᠨ᠎ᠤ ᠬᠢᠲᠠᠳ ᠡᠮᠨᠡᠯᠭᠡ᠎ᠶ᠋ᠢᠨ ᠬᠣᠷᠢᠶ᠎ᠠ ᠪᠤᠶᠤ ᠬᠢᠷᠢ ᠲᠡᠩᠴᠡᠭ᠌ᠰᠡᠨ ᠬᠢᠷᠢ ᠬᠡᠮ᠎ᠲᠡᠶ ᠡᠮ᠎ᠦᠨ ᠵᠦᠢᠯ᠎ᠢ ᠡᠵᠡᠩᠨᠡᠬᠦ᠌ ᠠᠵᠤ ᠠᠬᠤᠢᠯᠠᠯ ᠵᠡᠷᠭᠡ᠎ᠲᠡᠶ ᠬᠠᠤᠯᠢ ᠲᠣᠭ᠍ᠲᠠᠭᠠᠯ ᠶᠣᠰᠣᠭᠠᠷ ᠬᠠᠮᠲᠤᠷᠠᠯᠴᠠᠵᠤ᠂ ᠢᠨᠲ᠋ᠸᠷ ᠰᠦᠯᠵᠢᠶ᠎ᠡ᠂ ᠪᠠᠷᠠᠭ᠎ᠠ᠎ᠶᠢᠨ ᠰᠦᠯᠵᠢᠶ᠎ᠡ ᠵᠡᠷᠭᠡ ᠮᠡᠷᠭᠡᠵᠢᠯ᠎ᠢ ᠬᠡᠷᠡᠭ᠌ᠯᠡᠨ ᠬᠢᠲᠠᠳ ᠴᠢᠨᠠᠬᠰᠠᠨ ᠡᠮ᠎ᠢ ᠲᠣᠬᠢᠷᠠᠭᠤᠯᠤᠨ ᠬᠦᠷᠭᠡᠬᠦ᠌᠂ ᠣᠷᠣᠯᠠᠨ ᠴᠢᠨᠠᠬᠤ᠂ ᠣᠷᠣᠯᠠᠨ ᠬᠦᠷᠭᠡᠬᠦ᠌ ᠵᠡᠷᠭᠡ ᠦᠢᠯᠡᠴᠢᠯᠡᠭᠡ ᠬᠠᠩᠭᠠᠭ᠍ᠰᠠᠨ ᠴᠤ᠌ ᠪᠣᠯᠤᠨ᠎ᠠ ᠭᠡᠪᠡ᠃

ᠤᠷᠢᠳᠴᠢᠯᠠᠨ ᠰᠡᠷᠭᠡᠢᠯᠡᠬᠦ ᠡᠷᠡᠭᠦᠯ ᠮᠡᠨᠳᠦ᠍᠎ᠶ᠋ᠢ ᠬᠠᠮᠠᠭᠠᠯᠠᠬᠤ ᠲᠠᠯ᠎ᠠ᠎ᠪᠠᠷ᠂ ᠪᠢᠴᠢᠭ ᠮᠠᠲ᠋ᠧᠷᠢᠶᠠᠯ᠎ᠢ ᠦᠨᠳᠦᠰᠦᠯᠡᠪᠡᠯ᠂ ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠂ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠲᠥᠪ᠎ᠨᠢ ᠤᠯᠤᠰ᠎ᠤᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠨᠳᠦᠰᠦᠨ ᠦᠶ᠋ᠯᠡᠴᠢᠯᠡᠭᠡᠨ᠎ᠦ ᠬᠢᠲᠠᠳ ᠡᠮ ᠡᠮᠨᠡᠯᠭᠡ᠎ᠶ᠋ᠢᠨ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢᠨ ᠦᠶ᠋ᠯᠡᠴᠢᠯᠡᠭᠡᠨ᠎ᠦ ᠲᠥᠷᠥᠯ ᠵᠦᠶ᠋ᠯ᠎ᠢ ᠥᠷᠨᠢᠭᠦᠯᠬᠦ᠌᠎ᠡᠴᠡ ᠭᠠᠳᠠᠨ᠎ᠠ᠂ ᠪᠠᠰᠠ ᠭᠤᠤᠯᠳᠠᠯᠭ᠎ᠠ᠎ᠲᠠᠶ ᠬᠥᠮᠦᠰ ᠪᠠ ᠴᠢᠰᠤᠨ ᠳᠠᠷᠤᠯᠲᠠ ᠥᠨᠳᠥᠷ ᠬᠥᠮᠦᠰ᠂ 2 ᠬᠡᠯᠪᠡᠷᠢ᠎ᠶ᠋ᠢᠨ ᠱᠢᠬᠢᠷ ᠱᠢᠵᠢᠩ ᠡᠪᠡᠳᠴᠢᠨ᠂ ᠤᠳᠠᠭᠠᠨ ᠴᠢᠨᠠᠷᠲᠠᠶ ᠲᠦᠭ᠌ᠵᠢᠷᠡᠬᠦ᠌ ᠴᠢᠨᠠᠷᠲᠠᠶ ᠠᠭᠤᠰᠭᠢᠨ᠎ᠤ ᠡᠪᠡᠳᠴᠢᠨ ᠵᠡᠷᠭᠡ ᠡᠪᠡᠳᠴᠢᠨ ᠡᠮᠭᠡᠭ᠎ᠲᠦ ᠴᠢᠭ᠌ᠯᠡᠭᠦᠯᠦᠨ ᠬᠢᠲᠠᠳ ᠡᠮ ᠡᠮᠨᠡᠯᠭᠡ᠎ᠶ᠋ᠢᠨ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢᠨ ᠦᠶ᠋ᠯᠡᠴᠢᠯᠡᠭᠡ ᠥᠷᠨᠢᠭᠦᠯᠬᠦ᠌᠎ᠶ᠋ᠢᠨ ᠬᠠᠮᠲᠤ ᠬᠢᠲᠠᠳ ᠡᠮ ᠡᠮᠨᠡᠯᠭᠡ᠎ᠶ᠋ᠢᠨ ᠮᠡᠳᠡᠯᠭᠡ᠎ᠶ᠋ᠢ ᠬᠡᠷᠡᠭ᠌ᠯᠡᠨ ᠲᠣᠷᠨᠢᠭᠤᠨ ᠳᠦᠷᠦᠵᠦ᠍ ᠲᠣᠷᠨᠢᠭᠤᠨ ᠥᠰᠭᠡᠬᠦ᠌᠂ ᠦᠷᠡᠵᠢᠯ᠎ᠦᠨ ᠡᠷᠡᠭᠦᠯᠵᠢᠯ᠂ ᠵᠢᠷᠮᠦᠰᠦᠨ ᠡᠮᠡᠭ᠌ᠲᠡᠶ ᠬᠦᠩᠭᠡᠵᠢᠭᠰᠡᠨ ᠡᠮᠡᠭᠳᠡᠢ᠎ᠶ᠋ᠢᠨ ᠡᠷᠡᠭᠦᠯᠵᠢᠯ ᠪᠠ ᠪᠡᠶ᠎ᠡ᠎ᠶ᠋ᠢᠨ ᠬᠦᠨᠳᠦ᠍᠎ᠶ᠋ᠢᠨ ᠬᠠᠮᠢᠶᠠᠷᠤᠯᠲᠠ ᠵᠡᠷᠭᠡ᠎ᠶ᠋ᠢᠨ ᠵᠥᠪᠯᠡᠯᠭᠡ ᠪᠠ ᠵᠢᠯᠣᠭᠣᠳᠣᠯᠭ᠎ᠠ᠎ᠶ᠋ᠢ ᠥᠷᠨᠢᠭᠦᠯᠪᠡᠯ ᠵᠤᠬᠢᠨ᠎ᠠ ᠭᠡᠵᠡᠢ᠃

(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 24᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号