ᠦᠪᠤᠷ ᠮᠤᠡᠭᠭᠤᠯ ᠬᠠᠭᠤᠷᠮᠠᠭ ᠮᠠᠭᠤ ᠲᠠᠸᠠᠷ ᠢ᠋ ᠤᠰᠠᠳᠭᠠᠬᠤ ᠠᠵᠢᠯᠯᠠᠭ᠎ᠠ ᠦᠷᠨᠢᠬᠦᠯᠪᠠ
2026-03-26 16:40:15
ᠵᠣᠬᠢᠶᠠᠭ᠍ᠴᠢ᠄
​ ᠤᠷᠠᠨ᠎ᠠ
ᠣᠩᠱᠢᠭ᠍ᠰᠠᠨ ᠣᠳᠠᠭ᠎ᠠ᠄
★★★☆☆

3 ᠰᠠᠷ᠎ᠠ ᠶ᠋ᠢᠨ 24 ᠤ᠋ ᠦᠳᠡ ᠶ᠋ᠢᠨ ᠡᠮᠦᠨ᠎ᠡ᠂ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨ ᠬᠥᠬᠡᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠂ ᠬᠥᠬᠡᠬᠣᠲᠠ ᠶ᠋ᠢᠨ ᠳᠣᠲᠣᠭᠠᠳᠤ ᠵᠢ ᠬᠠᠮᠠᠭᠠᠯᠠᠬᠤ ᠲᠣᠪᠴᠢᠶ᠎ᠠ  ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠥᠬᠡᠬᠣᠲᠠ ᠳ᠋ᠤ ᠡᠷᠬᠡ ᠳ᠋ᠤ ᠬᠠᠯᠳᠠᠭ᠍ᠰᠠᠨ ᠬᠠᠭᠤᠷᠮᠠᠭ ᠮᠠᠭᠤ ᠲᠠᠸᠠᠷ  ᠢ᠋  ᠲᠥᠪᠯᠡᠷᠡᠭᠦᠯᠦᠨ  ᠤᠰᠠᠳᠭᠠᠬᠤ ᠠᠵᠢᠯᠯᠠᠭ᠎ᠠ ᠥᠷᠨᠢᠭᠦᠯᠪᠡ᠃

ᠤᠢᠯᠠᠭᠠᠬᠰᠠᠨ ᠢ᠋ᠶ᠋ᠡᠷ᠂ ᠲᠣᠰ ᠤᠳᠠᠭ᠎ᠠ ᠶ᠋ᠢᠨ ᠬᠠᠤᠯᠢ ᠶᠤᠰᠤᠭᠠᠷ ᠤᠰᠠᠳᠬᠠᠬᠰᠠᠨ ᠡᠷᠬᠡ ᠳ᠋ᠤ ᠬᠠᠯᠳᠠᠭ᠍ᠰᠠᠨ ᠬᠠᠭᠤᠷᠮᠠᠭ ᠮᠠᠭᠤ ᠲᠠᠸᠠᠷ ᠲᠦ᠍ ᠢᠳᠡᠭᠡᠨ᠂ ᠠᠷᠢᠬᠢ ᠲᠠᠮᠠᠬᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠬᠤᠪᠴᠠᠰᠤ ᠱᠠᠬᠠᠶ ᠮᠠᠯᠠᠭᠠᠶ ᠵᠡᠷᠭᠡ 14 ᠶᠡᠬᠡ ᠲᠥᠷᠥᠯ᠎ᠤᠨ 15 ᠲᠣᠨ ᠪᠠᠷᠠᠭ᠎ᠠ ᠪᠠᠢᠵᠦ᠂  ᠥᠷᠲᠡᠭ ᠨᠢ 213 ᠲᠦᠮᠡᠨ ᠲᠥᠭᠥᠷᠢᠭ ᠱᠢᠬᠠᠮ ᠬᠦᠷᠴᠦ ᠪᠠᠢᠨ᠎ᠠ᠃ ᠡᠳᠡᠬᠡᠷ ᠪᠠᠷᠠᠭ᠎ᠠ ᠵᠢ ᠳᠠᠷᠤᠬᠤ᠂ ᠵᠠᠳᠠᠯᠬᠤ᠂ ᠬᠡᠮᠬᠡᠯᠬᠦ᠌ ᠵᠡᠷᠭᠡ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠱᠠᠭᠠᠷᠳᠠᠯᠭ᠎ᠠ ᠳ᠋ᠤ ᠨᠡᠢᠴᠡᠭ᠌ᠰᠡᠨ ᠬᠤᠤᠷ ᠥᠬᠡᠢᠳᠡᠭᠦᠯᠦᠨ ᠱᠢᠶ᠋ᠳᠪᠦᠷᠢᠯᠡᠬᠦ᠌ ᠠᠷᠭ᠎ᠠ ᠪᠡᠷ ᠤᠰᠠᠳᠬᠠᠵᠠᠢ᠃

ᠡᠨᠡ ᠵᠢᠯ᠂ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠎ᠵᠢᠨ ᠬᠢᠨ 《2026 ᠣᠨ ᠳ᠋ᠤ ᠡᠷᠬᠡ ᠳ᠋ᠤ ᠬᠠᠯᠳᠠᠭ᠍ᠰᠠᠨ ᠬᠠᠭᠤᠷᠮᠠᠭ ᠮᠠᠭᠤ ᠲᠠᠸᠠᠷ ᠢ᠋ ᠲᠥᠪᠯᠡᠷᠡᠭᠦᠯᠦᠨ ᠨᠢᠭᠡᠳᠦᠯᠲᠡᠶ ᠤᠰᠠᠳᠭᠠᠬᠤ ᠵᠢ ᠦᠷᠨᠢᠭᠦᠯᠬᠦ ᠠᠵᠢᠯ ᠤ᠋ᠨ ᠲᠥᠰᠦᠯ》 ᠢ᠋ ᠲᠣᠭ᠍ᠲᠠᠭᠠᠨ ᠳᠠᠷᠤᠮᠠᠯᠯᠠᠨ ᠲᠠᠷᠬᠠᠭᠠᠵᠤ᠂ ᠪᠥᠬᠥ᠌ ᠣᠷᠣᠨ ᠤ᠋ ᠬᠡᠪᠴᠢᠶᠡᠨ ᠳ᠋ᠤ ᠲᠥᠪᠯᠡᠷᠡᠭᠦᠯᠦᠨ ᠨᠢᠭᠡᠳᠦᠯᠲᠡᠶ ᠤᠰᠠᠳᠭᠠᠬᠤ ᠠᠵᠢᠯ ᠢ᠋ ᠵᠣᠬᠢᠶᠠᠨ ᠪᠠᠢᠭᠤᠯᠤᠨ ᠥᠷᠨᠢᠭᠦᠯᠵᠦ᠍᠂ ᠮᠠᠨ ᠤ᠋ ᠣᠷᠣᠨ ᠤ᠋ ᠬᠢᠨᠠᠯᠲᠠ ᠬᠠᠮᠢᠶᠠᠷᠤᠯᠲᠠ ᠶ᠋ᠢᠨ ᠬᠠᠤᠯᠢ ᠬᠡᠷᠡᠭ᠌ᠵᠢᠭᠦᠯᠬᠦ᠌ ᠰᠠᠯᠠᠭ᠎ᠠ ᠮᠥᠴᠢᠷ ᠤ᠋ᠨ ᠡᠷᠬᠡ ᠳ᠋ᠤ ᠬᠠᠯᠳᠠᠭ᠍ᠰᠠᠨ ᠬᠠᠭᠤᠷᠮᠠᠭ ᠮᠠᠭᠤ ᠲᠠᠸᠠᠷ ᠲᠦ᠍ ᠴᠢᠨᠭᠭ᠎ᠠ ᠴᠣᠬᠢᠯᠲᠠ ᠥᠭ᠌ᠴᠦ᠂ ᠬᠡᠷᠡᠭ᠌ᠯᠡᠭ᠌ᠴᠢᠳ ᠤ᠋ᠨ ᠬᠠᠤᠯᠢ ᠶᠣᠰᠣᠨ ᠤ᠋ ᠡᠷᠬᠡ ᠠᠱᠢᠭ ᠢ᠋ ᠬᠠᠮᠠᠭᠠᠯᠠᠬᠤ ᠡᠷᠡᠰ ᠪᠠᠲᠤ ᠢᠲᠡᠭᠡᠯ ᠵᠣᠷᠢᠭ ᠢ᠋ ᠬᠠᠷᠠᠭᠤᠯᠵᠤ᠂ ᠡᠷᠬᠡ ᠳ᠋ᠤ ᠬᠠᠯᠳᠠᠭ᠍ᠰᠠᠨ ᠬᠠᠭᠤᠷᠮᠠᠭ ᠮᠠᠭᠤ ᠲᠠᠸᠠᠷ ᠦᠢᠯᠡᠳᠪᠦᠷᠢᠯᠡᠵᠦ ᠪᠤᠷᠤᠯᠠᠭᠤᠯᠬᠤ ᠬᠠᠤᠯᠢ ᠡᠴᠡ ᠵᠥᠷᠢᠴᠡᠭ᠌ᠰᠡᠨ ᠡᠲᠡᠭᠡᠳ ᠲᠦ᠍ ᠬᠦᠴᠦᠲᠡᠶ ᠰᠦᠷᠳᠡᠭᠦᠯᠦᠯ ᠦᠵᠡᠭᠦᠯᠪᠡ᠃

ᠲᠠᠷᠠᠭᠠᠴᠢ ᠪᠡᠷ᠂ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨ ᠬᠠᠤᠯᠢ ᠶᠣᠰᠣᠭᠠᠷ ᠵᠠᠰᠠᠬᠤ᠂ ᠴᠤᠬᠢᠯᠲᠠ ᠦᠭᠭᠦ ᠪᠠ ᠲᠤᠬᠲᠠᠭᠠᠯ ᠳ᠋ᠤ ᠨᠡᠢᠴᠡᠭᠦᠯᠬᠦ ᠵᠢᠯᠤᠭᠤᠳᠤᠮᠵᠢ ᠵᠢ ᠴᠢᠨᠭᠭᠠᠳᠬᠠᠬᠤ ᠵᠢ ᠤᠶᠠᠯᠳᠤᠭᠤᠯᠬᠤ᠂ ᠨᠢᠭᠡᠳᠦᠯᠲᠡᠶ ᠲᠥᠯᠥᠪᠵᠢᠭᠦᠯᠦᠨ ᠬᠠᠮᠵᠢᠯᠴᠠᠬᠤ᠂ ᠨᠡᠢᠭᠡᠮ ᠢ᠋ᠶ᠋ᠡᠷ ᠢ᠋ᠶ᠋ᠡᠨ ᠬᠠᠮᠲᠤ ᠪᠡᠷ ᠵᠠᠰᠠᠬᠤ ᠵᠠᠷᠴᠢᠮ ᠢ᠋ ᠦᠷᠭᠦᠯᠵᠢᠯᠡᠨ ᠪᠠᠷᠢᠮᠲᠠᠯᠠᠵᠤ᠂ ᠣᠯᠠᠨ ᠲᠦᠮᠡᠨ ᠤ᠋ ᠲᠤᠰᠭᠠᠯ ᠶᠡᠭᠡᠳᠠᠢ᠂ ᠨᠠᠢᠭᠡᠮ ᠲᠠᠶᠠᠭᠠᠷ᠎ᠤᠨ ᠴᠢᠨᠭᠭ᠎ᠠ ᠠᠩᠬᠠᠷᠴᠤ᠌ ᠪᠠᠢᠭ᠎ᠠ᠂ ᠡᠷᠬᠡ ᠳ᠋ᠤ ᠬᠠᠯᠳᠠᠬᠰᠠᠨ ᠬᠠᠭᠤᠷᠮᠠᠭ ᠮᠠᠭᠤ ᠲᠠᠸᠠᠷ ᠣᠯᠠᠨᠲᠠ ᠡᠭᠦᠰᠳᠡᠭ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠣᠷᠣᠨ ᠪᠦᠰᠡ ᠳ᠋ᠤ ᠴᠢᠭ᠌ᠯᠡᠭᠦᠯᠦᠨ᠂ ᠭᠤᠤᠯᠳᠠᠯᠭ᠎ᠠ ᠲᠠᠢ ᠠᠵᠢᠯ ᠲᠥᠷᠥᠯ᠂ ᠣᠨᠴᠠᠯᠢᠭ᠍ᠲᠤ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠪᠠ ᠵᠠᠬ᠎ᠠ ᠳᠡᠯᠭᠡᠭᠦᠷ ᠲᠦ᠍ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠬᠠᠤᠯᠢ ᠬᠡᠷᠡᠭ᠌ᠵᠢᠭᠦᠯᠬᠦ᠌ ᠬᠦᠴᠦᠨ ᠢ᠋ᠶ᠋ᠡᠨ ᠲᠥᠪᠯᠡᠷᠡᠭᠦᠯᠦᠨ᠂ ᠡᠷᠬᠡ ᠳ᠋ᠤ ᠬᠠᠯᠳᠠᠬᠰᠠᠨ ᠬᠠᠭᠤᠷᠮᠠᠭ ᠮᠠᠭᠤ ᠲᠠᠸᠠᠷ ᠲᠦ᠍ ᠴᠣᠬᠢᠯᠲᠠ ᠥᠭ᠌ᠬᠦ  ᠴᠡᠭ᠌ᠴᠡᠯᠡᠨ ᠵᠠᠰᠠᠬᠤ ᠲᠤᠰᠭᠠᠶ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠍᠂ ᠰᠠᠨᠠᠭ᠎ᠠ ᠠᠮᠤᠷ ᠬᠡᠷᠡᠭ᠌ᠯᠡᠭᠡᠨ ᠤ᠋ ᠣᠷᠴᠢᠨ ᠲᠣᠭᠣᠷᠢᠨ ᠢ᠋ ᠪᠣᠶ ᠪᠣᠯᠭᠠᠨ᠂ ᠬᠡᠷᠡᠭ᠌ᠯᠡᠭ᠌ᠴᠢᠳ ᠤ᠋ᠨ ᠬᠠᠤᠯᠢ ᠶᠣᠰᠣᠨ ᠤ᠋ ᠡᠷᠬᠡ ᠠᠱᠢᠭ ᠢ᠋ ᠪᠥᠬᠥ᠌ ᠲᠠᠯ᠎ᠠ ᠪᠡᠷ ᠬᠠᠮᠠᠭᠠᠯᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号