ᠤᠢᠷ᠎ᠠ᠎ᠳᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠵᠠᠰᠠᠭ ᠵᠠᠬᠢᠷᠭᠠᠨ᠎ᠤ ᠳᠠᠬᠢᠨ ᠵᠥᠪᠯᠡᠭᠦ ᠬᠡᠷᠡᠭ᠎ᠦᠨ ᠵᠢᠱ᠌ᠢᠶ᠎ᠡ ᠵᠢ ᠵᠠᠳᠠᠯᠤᠨ ᠰᠣᠯᠢᠯᠴᠠᠬᠤ ᠬᠤᠷᠠᠯ ᠬᠤᠷᠠᠯᠳᠤᠭᠤᠯᠪᠠ᠃
ᠲᠣᠰ ᠤᠳᠠᠭᠠᠨ᠎ᠤ ᠬᠤᠷᠠᠯ ᠵᠢᠡᠷ ᠲᠠᠮᠵᠢᠨ ᠡᠶᠡᠳᠡᠭᠦᠯᠦᠭᠰᠡᠨ ᠪᠠ ᠰᠢᠢᠳᠪᠦᠷᠢᠯᠡᠭᠰᠡᠨ ᠬᠡᠷᠡᠭ᠎ᠤᠨ ᠬᠠᠷᠢᠴᠠᠯ 50% ᠵᠢ ᠡᠵᠡᠯᠡᠵᠦ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠣᠷᠤᠨ ᠰᠠᠭᠤᠴᠠ ᠪᠠ ᠬᠤᠲᠠ ᠬᠥᠳᠡᠭᠡ ᠵᠢᠨ ᠪᠥᠲᠦᠭᠡᠨ ᠪᠠᠶ᠋ᠢᠭᠤᠯᠤᠯᠲᠠ᠂ ᠪᠠᠶ᠋ᠢᠭᠠᠯᠢ ᠵᠢᠨ ᠡᠬᠢ ᠪᠠᠶᠠᠯᠢᠭ᠋ ᠬᠢᠭᠡᠳ ᠬᠥᠮᠦᠨ᠎ᠤ ᠬᠦᠴᠦᠨ᠎ᠤ ᠡᠬᠢ ᠪᠠᠶᠠᠯᠢᠭ᠋ ᠪᠠ ᠨᠡᠶ᠋ᠢᠭᠡᠮ᠎ᠤᠨ ᠪᠠᠲᠤᠯᠠᠭ᠎ᠠ ᠵᠡᠷᠭᠡ ᠬᠦᠷᠢᠶᠡᠨ᠎ᠳᠤ ᠬᠤᠯᠪᠤᠭᠳᠠᠵᠠᠢ᠂ ᠡᠨᠡ᠎ᠨᠢ ᠮᠥᠨ ᠴᠦ᠍ ᠨᠢᠳᠤᠨᠤᠨ ᠪᠥᠬᠦ ᠣᠷᠤᠨ᠎ᠤ ᠵᠠᠰᠠᠭ ᠵᠠᠬᠢᠷᠭᠠᠨ᠎ᠤ ᠳᠠᠬᠢᠨ ᠵᠥᠪᠯᠡᠵᠦ ᠡᠶᠡᠳᠡᠭᠦᠯᠦᠭᠰᠡᠨ ᠪᠠ ᠰᠢᠢᠳᠪᠦᠷᠢᠯᠡᠵᠦ ᠳᠠᠭᠤᠰᠬᠠᠭᠰᠠᠨ ᠬᠡᠷᠡᠭ᠎ᠤᠨ ᠨᠣᠷᠮ᠎ᠠ 25% ᠪᠠᠷ ᠨᠡᠮᠡᠭᠳᠡᠭᠰᠡᠨᠢ ᠠᠮᠢᠳᠤᠯᠢᠭ ᠵᠢᠡᠷ ᠬᠠᠷᠠᠭᠤᠯᠵᠤ ᠪᠠᠢᠭ᠎ᠠ ᠶᠤᠮ᠂ ᠡᠨᠡ᠎ᠨᠢ ᠪᠥᠬᠦ ᠣᠷᠤᠨ᠎ᠤ ᠡᠯ᠎ᠡ ᠱᠠᠲᠤᠨ᠎ᠤ ᠵᠠᠰᠠᠭ ᠵᠠᠬᠢᠷᠭᠠᠨ᠎ᠤ ᠳᠠᠬᠢᠨ ᠵᠥᠪᠯᠡᠬᠦ ᠪᠠᠶ᠋ᠢᠭᠤᠯᠤᠮᠵᠢ ᠵᠢᠨ ᠰᠢᠨ᠎ᠡ ᠴᠠᠭ ᠦᠶ᠎ᠡ ᠵᠢᠨ 《ᠹᠧᠩᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠦᠭᠰᠡᠨᠢ ᠢᠯᠡᠷᠡᠭᠦᠯᠵᠦ᠂ 《ᠠᠰᠠᠭᠤᠳᠠᠯ᠎ᠢ ᠲᠤᠰᠲᠤᠨᠢ ᠦᠵᠡᠬᠦ》 ᠰᠡᠳᠬᠢᠬᠦᠢ ᠵᠢ ᠡᠪᠳᠡᠵᠦ᠂ ᠲᠤᠬᠠᠢ ᠵᠢᠨ ᠬᠥᠮᠦᠨ᠎ᠤ ᠭᠦᠨ ᠳᠠᠪᠬᠤᠷᠭ᠎ᠠ ᠵᠢᠨ ᠠᠰᠢᠭ᠋ ᠲᠤᠰᠠ ᠵᠢᠨ ᠬᠦᠰᠡᠯ ᠱᠠᠭᠠᠷᠳᠠᠯᠭ᠎ᠠ ᠵᠢ ᠣᠨᠤᠪᠴᠢᠲᠠᠢ ᠡᠵᠡᠮᠳᠡᠵᠦ᠂ ᠨᠠᠩ ᠳᠣᠲᠤᠨᠤᠰᠤᠭ ᠮᠥᠷᠲᠡᠭᠡᠨ ᠬᠦᠴᠦᠨ ᠲᠠᠢ ᠠᠷᠭ᠎ᠠ ᠮᠠᠶᠢᠭ᠋ ᠵᠶ᠋ᠠᠷ ᠮᠠᠷᠭᠤᠭᠠᠨ᠎ᠢ ᠰᠢᠢᠳᠪᠦᠷᠢᠯᠡᠵᠦ᠂ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠠᠷᠢᠯᠭᠠᠬᠤ ᠵᠢ ᠨᠠᠩ ᠥᠨᠳᠦᠷ ᠪᠦᠲᠦᠮᠵᠢᠲᠡᠢ ᠨᠠᠩ ᠡᠷᠴᠢᠮ᠎ᠲᠠᠢ ᠪᠣᠯᠭᠠᠵᠠᠢ᠃
ᠬᠤᠷᠠᠯ ᠡᠴᠡ ᠡᠯ᠎ᠡ ᠭᠠᠵᠠᠷ᠎ᠤᠨ ᠣᠶ᠋ᠢᠷ᠎ᠠ ᠵᠢᠨ ᠬᠤᠭᠤᠴᠠᠭᠠᠨ᠎ᠤ ᠵᠠᠰᠠᠭ ᠵᠠᠬᠢᠷᠭᠠᠨ᠎ᠤ ᠳᠠᠬᠢᠨ ᠵᠥᠪᠯᠡᠬᠦ ᠠᠵᠢᠯ᠎ᠤᠨ ᠦᠷ᠎ᠡ ᠪᠦᠲᠦᠮᠵᠢ ᠵᠢ ᠭᠦᠢᠴᠡᠳ ᠨᠤᠲᠠᠯᠠᠵᠤ᠂ ᠲᠠᠷᠠᠭᠠᠴᠢ ᠵᠢᠨ ᠠᠯᠬᠤᠮ᠎ᠳᠤ 《ᠬᠤᠶᠠᠷ᠎ᠢ ᠳᠡᠭᠡᠭᠰᠢᠯᠡᠭᠦᠯᠵᠦ ᠭᠤᠷᠪᠠ ᠵᠢ ᠪᠠᠭᠤᠷᠠᠭᠤᠯᠬᠤ》 ᠬᠠᠷᠠᠯᠲᠠ ᠶᠣᠰᠤᠭᠠᠷ᠂ ᠵᠠᠰᠠᠭ ᠵᠠᠬᠢᠷᠭᠠᠨ᠎ᠤ ᠳᠠᠬᠢᠨ ᠵᠥᠪᠯᠡᠬᠦ᠎ᠪᠡᠷ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠨᠠᠮᠳᠠᠭᠤᠯᠬᠤ ᠭᠣᠣᠯ ᠠᠷᠭ᠎ᠠ ᠵᠠᠮ᠎ᠤᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠵᠢ ᠦᠷᠭᠦᠯᠵᠢᠯᠡᠨ ᠭᠦᠨᠵᠡᠭᠡᠢᠷᠡᠭᠦᠯᠬᠦ ᠬᠡᠷᠡᠭᠲᠡᠢ; ᠵᠠᠰᠠᠭ ᠵᠠᠬᠢᠷᠭᠠᠨ ᠵᠶ᠋ᠠᠷ ᠲᠠᠬᠢᠨ ᠵᠥᠪᠯᠡᠵᠦ ᠬᠡᠷᠡᠭ᠎ᠢ ᠰᠢᠢᠳᠪᠦᠷᠢᠯᠡᠬᠦ ᠶᠠᠰᠤ ᠴᠢᠨᠠᠷ᠎ᠢ ᠴᠥᠬᠦᠷᠡᠰᠢ ᠦᠭᠡᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠵᠶ᠋ᠠᠷ ᠲᠠᠬᠢᠨ ᠵᠥᠪᠯᠡᠬᠦ ᠡᠯ᠎ᠡ ᠲᠦᠷᠦᠯ᠎ᠤᠨ ᠪᠢᠴᠢᠭ ᠬᠠᠷ᠎ᠠ᠂ ᠬᠡᠷᠡᠭ᠎ᠤᠨ ᠵᠢᠱ᠌ᠢᠶ᠎ᠡ ᠵᠢᠨ ᠵᠢᠯᠤᠭᠤᠳᠤᠯᠭ᠎ᠠ᠂ ᠬᠡᠷᠡᠭ᠎ᠤᠨ ᠡᠪᠬᠡᠮᠡᠯ᠎ᠤᠨ ᠶᠠᠰᠤ ᠴᠢᠨᠠᠷ᠎ᠢ ᠢᠯᠡᠳᠲᠡ ᠳᠡᠭᠡᠭᠰᠢᠯᠡᠭᠦᠯᠬᠦ ᠵᠢ ᠪᠡᠶᠡᠯᠡᠭᠦᠯᠬᠦ ᠬᠡᠷᠡᠭᠲᠡᠢ; ᠳᠠᠬᠢᠨ ᠵᠥᠪᠯᠡᠵᠦ ᠠᠵᠤ ᠠᠬᠤᠶ᠋ᠢᠯᠠᠯ᠎ᠢ ᠬᠠᠮᠠᠭᠠᠯᠠᠬᠤ᠂ ᠬᠡᠷᠡᠭ᠎ᠤᠨ ᠵᠢᠱ᠌ᠢᠶ᠎ᠡ ᠪᠡᠷ ᠵᠠᠰᠠᠯᠲᠠ ᠵᠢ ᠠᠬᠢᠭᠤᠯᠬᠤ᠂ ᠮᠠᠷᠭᠤᠯᠳᠤᠭᠠᠨ᠎ᠢ ᠦᠨᠡᠨ ᠪᠤᠳᠠᠲᠠᠢ᠎ᠪᠠᠷ ᠰᠢᠢᠳᠪᠦᠷᠢᠯᠡᠬᠦ ᠵᠡᠷᠭᠡ ᠭᠤᠤᠯᠳᠠᠯᠭ᠎ᠠ᠎ᠲᠠᠢ ᠠᠵᠢᠯ᠎ᠢ ᠲᠤᠪᠤᠶ᠋ᠢᠯᠭᠠᠵᠤ᠂ ᠨᠡᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠣᠯᠭᠠᠬᠤ᠎ᠳᠤ ᠳᠠᠬᠢᠨ ᠵᠥᠪᠯᠡᠬᠦ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠡᠢ ᠱᠠᠭᠠᠷᠲᠠᠪᠠ᠃
ᠲᠣᠰ ᠤᠳᠠᠭᠠᠨ᠎ᠤ ᠵᠠᠰᠠᠭ ᠵᠠᠬᠢᠷᠭᠠᠨ᠎ᠤ ᠳᠠᠬᠢᠨ ᠵᠥᠪᠯᠡᠬᠦ ᠬᠡᠷᠡᠭ᠎ᠤᠨ ᠵᠢᠱ᠌ᠢᠶ᠎ᠡ ᠵᠢᠨ ᠰᠣᠯᠢᠯᠴᠠᠭᠠᠨ᠎ᠤ ᠬᠤᠷᠠᠯ ᠨᠢ ᠪᠥᠬᠦ ᠣᠷᠤᠨ᠎ᠤ ᠡᠯ᠎ᠡ ᠱᠠᠲᠤᠨ᠎ᠤ ᠵᠠᠰᠠᠭ ᠵᠠᠬᠢᠷᠭᠠᠨ᠎ᠤ ᠳᠠᠬᠢᠨ ᠵᠥᠪᠯᠡᠬᠦ ᠪᠠᠶ᠋ᠢᠭᠤᠯᠤᠮᠵᠢ ᠵᠢᠨ ᠰᠡᠳᠬᠢᠴᠡ᠎ᠪᠠᠨ ᠥᠷᠭᠡᠳᠬᠡᠵᠦ᠂ ᠬᠠᠷᠢᠯᠴᠠᠨ ᠰᠤᠷᠤᠯᠴᠠᠵᠤ ᠬᠠᠮᠲᠤ᠎ᠪᠠᠷ ᠲᠣᠯᠢᠯᠠᠬᠤ᠎ᠳᠤ ᠰᠣᠯᠢᠯᠴᠠᠭᠠᠨ᠎ᠤ ᠲᠠᠪᠴᠠᠩ᠎ᠢ ᠪᠠᠶ᠋ᠢᠭᠤᠯᠤᠨ ᠥᠭᠴᠦ᠂ ᠬᠠᠷᠠᠯᠲᠠ᠎ᠪᠠᠨ ᠲᠣᠳᠤᠷᠬᠠᠶ᠋ᠢᠯᠠᠨ᠂ ᠬᠠᠮᠲᠤ ᠵᠢᠨ ᠲᠠᠨᠢᠯᠲᠠ᠎ᠪᠠᠨ ᠨᠢᠭᠡᠳᠬᠡᠵᠦ᠂ ᠳᠡᠭᠡᠷ᠎ᠡ ᠲᠤᠤᠷ᠎ᠠ ᠱᠠᠲᠤ᠎ᠪᠠᠷ ᠵᠶ᠋ᠠᠨ ᠬᠤᠯᠪᠤᠭᠠᠯᠠᠨ ᠬᠥᠳᠡᠯᠦᠯᠴᠡᠵᠦ᠂ ᠵᠠᠰᠠᠭ ᠵᠠᠬᠢᠷᠭᠠᠨ᠎ᠤ ᠳᠠᠬᠢᠨ ᠵᠥᠪᠯᠡᠬᠦ ᠠᠵᠢᠯᠲᠠᠨ᠎ᠤ ᠵᠠᠰᠠᠭ ᠵᠠᠬᠢᠷᠭᠠᠨ᠎ᠤ ᠳᠠᠬᠢᠨ ᠵᠥᠪᠯᠡᠬᠦ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠵᠶ᠋ᠠᠨ ᠲᠥᠪᠯᠡᠷᠡᠭᠦᠯᠦᠨ ᠠᠮᠵᠢᠯᠲᠠ ᠪᠦᠲᠦᠮᠵᠢ ᠭᠠᠷᠭᠠᠬᠤ ᠵᠢ ᠵᠣᠷᠢᠭ᠍ᠵᠢᠭᠤᠯᠪᠠ᠃