ᠲᠤᠳᠤᠭᠠᠳᠤ ᠵᠢ ᠬᠠᠮᠠᠭᠠᠯᠠᠬᠤ ᠪᠠ ᠪᠠᠢᠴᠠᠭᠠᠬᠤ ᠪᠠᠢᠭᠤᠯᠭ᠎ᠠ ᠬᠤᠯᠪᠤᠭᠠᠯᠠᠨ ᠮᠡᠬᠡᠯᠡᠯ᠎ᠢ ᠡᠰᠡᠷᠬᠦᠴᠡᠬᠦ ᠬᠡᠷᠡᠭ᠎ᠢ ᠬᠠᠮᠳᠤ ᠪᠡᠷ ᠰᠢᠢᠳᠪᠦᠷᠢᠯᠡᠨ᠎ᠡ
2026-03-26 17:02:06
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ ᠬᠦᠬᠡᠬᠤᠳᠠ ᠵᠢᠨ ᠰᠠᠢᠬᠠᠨ ᠲᠤᠭᠤᠷᠢᠬ ᠤ᠋ᠨ ᠠᠷᠠᠳ ᠤ᠋ᠨ ᠪᠠᠢᠴᠠᠭᠠᠬᠤ ᠬᠤᠷᠢᠶ᠎ᠠ ᠬᠢᠬᠡᠳ ᠰᠠᠢᠬᠠᠨ ᠲᠤᠭᠤᠷᠢᠬ ᠤ᠋ᠨ ᠲᠤᠳᠤᠭᠠᠳᠤ ᠵᠢ ᠬᠠᠮᠠᠭᠠᠯᠠᠬᠤ ᠬᠤᠪᠢᠶᠠᠷᠢ ᠲᠤᠪᠴᠢᠶ᠎ᠠ ᠵᠢᠨ ᠰᠢᠨ᠎ᠡ ᠬᠡᠯᠪᠡᠷᠢ ᠵᠢᠨ ᠶᠠᠯᠠᠳᠤ ᠠᠵᠢᠯᠯᠠᠭ᠎ᠠ ᠵᠢ ᠲᠠᠩᠨᠠᠨ ᠪᠠᠢᠴᠠᠭᠠᠬᠤ ᠲᠤᠮᠳᠠ ᠠᠩᠬᠢ ᠵᠢᠴᠢ ᠬᠠᠤᠯᠢ ᠲᠦᠷᠢᠮ ᠤ᠋ᠨ ᠶᠡᠬᠡ ᠠᠩᠬᠢ ᠬᠤᠯᠪᠤᠭᠠᠳᠤ ᠬᠤᠷᠠᠯ ᠬᠤᠷᠠᠯᠳᠤᠭᠤᠯᠵᠤ᠂ ᠴᠠᠬᠢᠯᠭᠠᠨ ᠬᠤᠯᠪᠤᠭ᠎ᠠ ᠰᠦᠯᠵᠢᠶᠡᠨ ᠤ᠋ ᠮᠡᠬᠡᠯᠡᠯ ᠵᠢᠴᠢ ᠬᠤᠯᠪᠤᠬᠳᠠᠯ ᠪᠦᠬᠦᠢ ᠶᠠᠯᠠᠳᠤ ᠬᠡᠷᠡᠭ ᠎ᠢ ᠰᠢᠢᠳᠪᠦᠷᠢᠯᠡᠬᠦ ᠳ᠋ᠸ᠋ ᠠᠩᠬᠠᠷᠤᠯ ᠵᠢᠡᠨ ᠲᠦᠪᠯᠡᠷᠡᠬᠦᠯᠦᠨ᠂ ᠰᠠᠢᠨ ᠠᠷᠭ᠎ᠠ ᠵᠢ ᠬᠠᠮᠳᠤ ᠪᠡᠷ ᠵᠦᠪᠳᠡᠯᠴᠡᠨ᠂ ᠬᠡᠷᠡᠭ ᠰᠢᠢᠳᠪᠦᠷᠢᠯᠡᠬᠦ ᠶᠠᠰᠦ ᠴᠢᠨᠠᠷ ᠪᠠ ᠦᠷ᠎ᠡ ᠪᠦᠳᠦᠮᠵᠢ ᠵᠢ ᠳᠡᠭᠡᠭᠰᠢᠯᠡᠬᠦᠯᠪᠡ᠃ 

ᠬᠤᠷᠠᠯ ᠲᠡᠭᠡᠷ᠎ᠡ᠂ ᠪᠠᠢᠴᠠᠭᠠᠬᠤ ᠪᠠᠢᠭᠤᠯᠭ᠎ᠠ ᠡᠴᠨ ᠤᠢᠷ᠎ᠠ ᠵᠢᠨ ᠵᠢᠯ ᠤ᠋ᠨ ᠲᠤᠷᠰᠢᠬᠢ ᠮᠡᠬᠡᠯᠡᠯ ᠎ᠢ ᠡᠰᠡᠷᠬᠦᠴᠡᠬᠦ ᠬᠡᠷᠡᠭ ᠎ᠢ ᠰᠢᠢᠳᠪᠦᠷᠢᠯᠡᠭᠰᠡᠨ ᠦᠢᠯᠡᠳᠦᠯᠬᠡ ᠲᠠᠢ ᠤᠶᠠᠯᠳᠤᠭᠤᠯᠤᠨ᠂ ᠲᠠᠩᠨᠠᠨ ᠪᠠᠢᠴᠠᠭᠠᠵᠤ ᠬᠡᠷᠡᠴᠢ ᠠᠪᠬᠤ᠂ ᠵᠢᠷᠤᠮ ᠤ᠋ᠨ ᠲᠦᠷᠢᠮᠵᠢᠯ᠂ ᠬᠠᠤᠯᠢ ᠴᠠᠭᠠᠵᠠ ᠵᠢᠨ ᠪᠢᠴᠢᠭ ᠬᠠᠷ᠎ᠠ ᠵᠡᠷᠬᠡ ᠲᠠᠯ᠎ᠠ ᠪᠡᠷ ᠬᠢ ᠤᠷᠤᠰᠢᠵᠤ ᠪᠠᠢᠭ᠎ᠠ ᠠᠰᠠᠭᠤᠳᠠᠯ ᠎ᠢ ᠵᠠᠷᠯᠠᠨ ᠮᠡᠳᠡᠭᠳᠡᠵᠦ᠂ ᠵᠡᠷᠬᠡ ᠪᠡᠷ ᠠᠰᠠᠭᠤᠳᠠᠯ ᠤ᠋ᠨ ᠦᠨᠳᠦᠰᠦ ᠰᠤᠷᠪᠤᠯᠵᠢ ᠵᠢ ᠬᠦᠨᠵᠡᠬᠡᠢ ᠵᠠᠳᠠᠯᠤᠨ ᠰᠢᠨᠵᠢᠯᠡᠪᠡ᠃ ᠬᠤᠶᠠᠷ ᠲᠠᠯ᠎ᠠ ᠪᠡᠷ ᠵᠢᠡᠨ ᠠᠰᠠᠭᠤᠳᠠᠯ ᠤ᠋ᠨ ᠤᠳᠤᠷᠢᠳᠤᠮᠵᠢ ᠵᠢ ᠪᠠᠷᠢᠮᠳᠠᠯᠠᠨ᠂ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠵᠢᠨ ᠲᠠᠩᠨᠠᠨ ᠪᠠᠢᠴᠠᠭᠠᠬᠤ ᠭᠤᠬᠴᠤᠭᠠᠨ ᠤ᠋ ᠪᠠᠭᠤᠷᠠᠢ ᠲᠠᠯ᠎ᠠ ᠳ᠋ᠸ᠋ ᠰᠢᠭᠤᠳ ᠬᠠᠨᠳᠤᠨ᠂ ᠪᠠᠢᠴᠠᠭᠠᠬᠤ ᠪᠠᠢᠭᠤᠯᠭ᠎ᠠ ᠵᠢᠨ ᠬᠢᠨᠠᠯᠳᠠ ᠲᠠᠯᠪᠢᠵᠤ ᠬᠦᠳᠦᠯᠦᠨ ᠵᠢᠯᠤᠭᠤᠳᠬᠤ ᠲᠠᠯ᠎ᠠ ᠪᠡᠷ ᠬᠢ ᠬᠦᠷᠦᠯᠴᠡᠬᠦ ᠦᠬᠡᠢ ᠲᠠᠯ᠎ᠠ ᠵᠢ ᠪᠤᠳᠤᠯᠬᠢᠯᠠᠨ᠂ ᠦᠨᠡᠨᠴᠢ ᠪᠡᠷ ᠪᠤᠳᠤᠯ ᠰᠠᠨᠠᠯ ᠵᠢᠡᠨ ᠰᠤᠯᠢᠯᠴᠠᠬᠤ ᠲᠤᠮᠳᠠ ᠬᠠᠮᠳᠤ ᠵᠢᠨ ᠲᠠᠨᠢᠯᠳᠠ ᠵᠢ ᠨᠢᠬᠳᠠᠷᠠᠭᠤᠯᠪᠠ᠃ 

ᠬᠤᠷᠠᠯ ᠡᠴᠨ᠂ ᠢᠯᠡᠷᠡᠬᠦᠯᠦᠭᠰᠡᠨ ᠲᠤᠳᠠᠭᠤᠳᠠᠯ ᠲᠠᠢ ᠲᠠᠯ᠎ᠠ ᠳ᠋ᠸ᠋ ᠬᠠᠨᠳᠤᠭᠤᠯᠤᠨ᠂ ᠵᠢᠷᠤᠮ ᠤ᠋ᠨ ᠦᠵᠡᠯ ᠤᠬᠠᠮᠰᠠᠷ ᠎ᠢ ᠴᠢᠩᠭᠠᠷᠠᠭᠤᠯᠤᠨ᠂ ᠵᠢᠷᠤᠮᠵᠢᠭᠤᠨ ᠬᠠᠤᠯᠢ ᠬᠡᠷᠡᠭᠵᠢᠬᠦᠯᠬᠦ ᠵᠢ ᠬᠡᠷᠡᠭ ᠰᠢᠢᠳᠪᠦᠷᠢᠯᠡᠬᠦ ᠪᠦᠬᠦᠢᠯᠡ ᠶᠠᠪᠤᠴᠠ ᠳ᠋ᠸ᠋ ᠲᠤᠭᠤᠰᠢᠯᠠᠭᠤᠯᠤᠨ᠂ ᠬᠠᠤᠯᠢ ᠴᠠᠭᠠᠵᠠ ᠵᠢᠨ ᠲᠦᠪ ᠭᠤᠤᠯᠴᠢ ᠵᠢᠨ ᠰᠠᠭᠤᠷᠢ ᠵᠢ ᠪᠠᠳᠤ ᠴᠤᠬᠴᠠᠯᠠᠨ᠎ᠠ; ᠬᠡᠷᠡᠴᠢ ᠪᠠᠷᠢᠮᠳᠠ ᠵᠢᠨ ᠪᠠᠷᠢᠮᠵᠢᠶ᠎ᠠ ᠵᠢ ᠨᠢᠬᠡᠳᠦᠯᠵᠢᠬᠦᠯᠦᠨ᠂ ᠬᠢᠨᠠᠯᠳᠠ ᠲᠠᠯᠪᠢᠬᠤ ᠵᠢ ᠤᠷᠤᠬᠰᠢ ᠲᠠᠯᠪᠢᠨ᠂ ᠬᠦᠨᠳᠦ ᠶᠡᠬᠡ ᠬᠦᠴᠢᠷ ᠲᠦᠪᠡᠭᠳᠡᠢ ᠬᠡᠷᠡᠭ ᠲᠦ᠍ ᠤᠷᠢᠳᠴᠢᠯᠠᠨ ᠤᠷᠤᠬᠤ ᠲᠤᠬᠳᠠᠴᠠ ᠵᠢ ᠪᠦᠷᠢᠨᠰᠢᠬᠦᠯᠦᠨ᠎ᠡ; ᠡᠯᠸᠺᠲᠷᠤᠨ ᠲᠤᠭ᠎ᠠ ᠪᠠᠷᠢᠮᠳᠠ᠂ ᠪᠡᠯᠡ ᠮᠦᠩᠬᠦᠨ ᠤ᠋ ᠴᠤᠪᠤᠷᠠᠯ ᠵᠡᠷᠬᠡ ᠬᠡᠷᠡᠴᠢ ᠠᠪᠬᠤ ᠬᠦᠴᠢᠷᠳᠡᠯ ᠲᠠᠢ ᠴᠡᠭ ᠲᠦ᠍ ᠠᠩᠬᠠᠷᠤᠯ ᠵᠢᠡᠨ ᠲᠦᠪᠯᠡᠷᠡᠬᠦᠯᠦᠨ᠂ ᠲᠤᠰᠬᠠᠢ ᠰᠡᠳᠦᠪᠳᠦ ᠪᠤᠯᠪᠠᠰᠤᠷᠠᠯ᠎ᠢ ᠦᠷᠨᠢᠬᠦᠯᠦᠨ᠂ ᠲᠤᠰᠬᠠᠢᠵᠢᠬᠰᠠᠨ ᠬᠢᠷᠢ ᠲᠦᠪᠰᠢᠨ ᠎ᠢ ᠲᠡᠭᠡᠭᠰᠢᠯᠡᠬᠦᠯᠦᠨ᠎ᠡ ᠬᠡᠵᠦ ᠬᠠᠮᠳᠦ ᠵᠢᠨ ᠳᠠᠨᠢᠯᠳᠠ ᠪᠠᠨ ᠬᠦᠨᠵᠡᠭᠡᠢᠷᠡᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号