ᠤᠢᠷ᠎ᠠ ᠵᠢᠨ ᠡᠳᠦᠷ᠂ ᠤᠷᠳᠤᠰ ᠬᠤᠳᠠ ᠶ᠋ᠢᠨ 2026 ᠤᠨ ᠤ᠋ ᠬᠠᠪᠤᠷ ᠤ᠋ᠨ ᠤᠯᠠᠷᠢᠯ ᠤ᠋ᠨ ᠠᠵᠢᠯ ᠤᠯᠭᠤᠵᠤ ᠬᠠᠪᠰᠤᠷᠤᠨ ᠳᠡᠳᠬᠦᠬᠦ ᠳᠤᠰᠬᠠᠢ ᠳᠠᠯᠠᠪᠤᠷ ᠠᠵᠢᠯᠳᠠᠨ ᠡᠯᠰᠡᠬᠦ ᠠᠵᠢᠯᠯᠠᠭ᠎ᠠ ᠤᠷᠳᠤᠰ ᠬᠤᠳᠠ ᠶ᠋ᠢᠨ ᠠᠵᠢᠯᠳᠠᠨ ᠤ᠋ ᠰᠤᠶᠤᠯ ᠤ᠋ᠨ ᠤᠷᠳᠤᠨ ᠳ᠋ᠤ ᠶᠠᠪᠤᠭᠳᠠᠵᠤ᠂ 130 ᠭᠠᠷᠤᠢ ᠠᠵᠤ ᠠᠬᠤᠢᠯᠠᠯ ᠤᠷᠤᠯᠴᠠᠨ᠂ 621 ᠠᠵᠢᠯ ᠤ᠋ᠨ ᠪᠠᠢᠷᠢ ᠬᠠᠩᠭᠠᠵᠤ᠂ 2745 ᠠᠵᠢᠯᠳᠠᠨ ᠡᠯᠰᠡᠬᠦ ᠱᠠᠭᠠᠷᠳᠠᠯᠭ᠎ᠠ ᠭᠠᠷᠭᠠᠭᠰᠠᠨ ᠪᠠᠢᠨ᠎ᠠ᠃
ᠳᠤᠰ ᠤᠳᠠᠭᠠᠨ ᠤ᠋ ᠠᠵᠢᠯ ᠤᠯᠭᠤᠵᠤ ᠬᠠᠪᠰᠤᠷᠤᠨ ᠳᠡᠳᠬᠦᠬᠦ ᠳᠤᠰᠬᠠᠢ ᠳᠠᠯᠠᠪᠤᠷ ᠠᠵᠢᠯᠳᠠᠨ ᠡᠯᠰᠡᠬᠦ ᠠᠵᠢᠯᠯᠠᠭ᠎ᠠ 《ᠳᠤᠬᠠᠢ ᠶ᠋ᠢᠨ ᠳᠠᠯᠠᠪᠤᠷ ᠲᠤ᠌ ᠠᠵᠢᠯᠳᠠᠨ ᠡᠯᠰᠡᠬᠦ + ᠰᠦᠯᠵᠢᠶ᠎ᠠ ᠪᠡᠷ ᠰᠢᠭᠤᠳ ᠨᠡᠪᠳᠡᠷᠡᠬᠦᠯᠬᠦ 》 ᠬᠤᠶᠠᠷ ᠵᠦᠢᠯ ᠤ᠋ᠨ ᠬᠡᠯᠪᠡᠷᠢ ᠪᠡᠷ ᠶᠠᠪᠤᠭᠳᠠᠨ᠂ ᠦᠪᠦᠷ ᠮᠤᠩᠭᠤᠯ ᠤ᠋ᠨ ᠠᠵᠢᠯᠳᠠᠨ ᠡᠯᠰᠡᠬᠦ ᠳᠠᠪᠴᠠᠩ᠂ ᠤᠷᠳᠤᠰ ᠤ᠋ᠨ ᠡᠬᠦᠯᠡᠨ ᠠᠵᠢᠯᠳᠠᠨ ᠡᠯᠰᠡᠬᠦ ᠰᠦᠯᠵᠢᠶ᠎ᠡ ᠵᠡᠷᠭᠡ ᠳᠠᠪᠴᠠᠩ ᠶ᠋ᠢᠡᠷ ᠳᠠᠮᠵᠢᠭᠤᠯᠤᠨ ᠠᠵᠢᠯᠳᠠᠨ ᠡᠯᠰᠡᠬᠦ ᠵᠠᠷ᠂ ᠠᠵᠢᠯ ᠤ᠋ᠨ ᠪᠠᠢᠷᠢ ᠶ᠋ᠢᠨ ᠮᠡᠳᠡᠭᠡ ᠵᠠᠩᠭᠢ ᠵᠡᠷᠭᠡ ᠵᠢ ᠴᠠᠭ ᠲᠤᠬᠠᠢ ᠳ᠋ᠤᠨᠢ ᠰᠢᠨᠡᠴᠢᠯᠡᠨ ᠬᠦᠮᠦᠰ ᠤ᠋ᠨ ᠠᠵᠢᠯ ᠡᠷᠢᠬᠦ ᠳ᠋ᠤ ᠳᠦᠬᠦᠮ ᠦᠵᠡᠬᠦᠯᠬᠦ ᠶ᠋ᠢᠨ ᠬᠠᠮᠳᠤ᠂ ᠳᠤᠬᠠᠢ ᠶ᠋ᠢᠨ ᠳᠠᠯᠠᠪᠤᠷ ᠲᠤ᠌ ᠠᠵᠤ ᠠᠬᠤᠢᠯᠠᠯ ᠠᠵᠢᠯᠳᠠᠨ ᠡᠯᠰᠡᠬᠦ᠂ ᠳᠦᠷᠦ ᠶ᠋ᠢᠨ ᠪᠤᠳᠤᠯᠭ᠎ᠠ ᠶ᠋ᠢᠨ ᠵᠦᠪᠯᠡᠯᠭᠡ ᠬᠠᠩᠭᠠᠬᠤ᠂ ᠠᠵᠢᠯ ᠡᠷᠢᠵᠤ ᠳᠠᠳᠤᠯᠭ᠎ᠠ ᠬᠢᠬᠦ᠂ ᠬᠦᠮᠦᠨ ᠤ᠋ ᠬᠦᠴᠦᠨ ᠤ᠋ ᠡᠬᠢ ᠪᠡᠶᠠᠯᠢᠭ ᠤ᠋ᠨ ᠦᠢᠯᠡᠴᠢᠯᠡᠭᠡ ᠬᠠᠩᠭᠠᠬᠤ᠂ ᠠᠵᠢᠯ ᠤᠯᠭᠤᠯᠳᠠ ᠶ᠋ᠢᠨ ᠵᠢᠯᠤᠭᠤᠳᠤᠯᠭ᠎ᠠ ᠬᠠᠩᠭᠠᠬᠤ ᠪᠠ ᠳᠤᠮᠳᠠ ᠪᠠᠭ᠎ᠠ ᠠᠵᠤ ᠠᠬᠤᠢᠯᠠᠯ ᠳ᠋ᠤ ᠴᠢᠳᠠᠪᠤᠷᠢᠳᠠᠨ ᠨᠦᠭᠡᠴᠡᠯᠡᠬᠦ ᠵᠡᠷᠭᠡ 7 ᠳᠤᠮᠤ ᠳᠤᠰᠬᠠᠢ ᠳᠤᠭᠤᠷᠢᠭ ᠢ᠋ ᠳᠤᠬᠢᠷᠠᠭᠤᠯᠤᠨ᠂ ᠠᠵᠤ ᠠᠬᠤᠢᠯᠠᠯ ᠤ᠋ᠨ ᠦᠨᠳᠦᠷ ᠪᠦᠳᠦᠮᠵᠢᠳᠠᠢ ᠨᠡᠪᠳᠡᠷᠡᠯᠴᠡᠬᠦ᠂ ᠠᠵᠢᠯ ᠡᠷᠢᠭᠰᠡᠳ ᠲᠤ᠌ ᠡᠯ᠎ᠡ ᠵᠦᠢᠯ ᠤ᠋ᠨ ᠦᠢᠯᠡᠴᠢᠯᠡᠭᠡ ᠬᠠᠩᠭᠠᠬᠤ ᠵᠡᠷᠭᠡ ᠠᠵᠢᠯᠳᠠᠨ ᠡᠯᠰᠡᠬᠦ ᠠᠵᠢᠯᠯᠠᠭ᠎ᠠ ᠶ᠋ᠢᠨ ᠬᠦᠴᠢᠷ ᠠᠰᠠᠭᠤᠳᠠᠯ ᠢ᠋ ᠨᠠᠷᠢᠯᠢᠭ ᠤᠨᠤᠴᠠᠳᠠᠢ ᠰᠢᠢᠳᠪᠦᠷᠢᠯᠡᠭᠰᠡᠨ ᠪᠠᠢᠨ᠎ᠠ᠃ 621 ᠠᠵᠢᠯ ᠤ᠋ᠨ ᠪᠠᠢᠷᠢ ᠨᠢ ᠪᠠᠷᠢᠯᠭ᠎ᠠ ᠶ᠋ᠢᠨ ᠠᠵᠢᠯ᠂ ᠰᠤᠶᠤᠯ ᠵᠢᠭᠤᠯᠴᠢᠯᠠᠯ ᠰᠤᠶᠤᠯ ᠤ᠋ᠨ ᠡᠬᠦᠳᠦᠯᠳᠡ ᠶ᠋ᠢᠨ ᠠᠵᠢᠯ᠂ ᠲᠧᠭᠨᠢᠭ ᠮᠡᠷᠭᠡᠵᠢᠯ ᠰᠦᠯᠵᠢᠶᠡᠨ ᠤ᠋ ᠠᠵᠢᠯ᠂ ᠰᠢᠨ᠎ᠡ ᠡᠨᠧᠷᠬᠢ ᠶ᠋ᠢᠨ ᠮᠠᠰᠢᠨ ᠳᠡᠷᠭᠡ ᠶ᠋ᠢᠨ ᠪᠤᠷᠤᠯᠠᠭᠤᠯᠭ᠎ᠠ ᠶ᠋ᠢᠨ ᠠᠵᠢᠯ ᠵᠡᠷᠭᠡ ᠤᠯᠠᠨ ᠬᠦᠷᠢᠶ᠎ᠡ ᠴᠠᠷᠠᠭ᠎ᠠ ᠵᠢ ᠬᠠᠮᠤᠷᠴᠠᠢ᠂ ᠡᠬᠦᠨ ᠳ᠋ᠤ ᠠᠵᠢᠯ ᠮᠡᠷᠭᠡᠵᠢᠯ ᠤ᠋ᠨ ᠠᠵᠢᠯ ᠤ᠋ᠨ ᠪᠠᠢᠷᠢ ᠪᠤᠯᠤᠨ ᠠᠷᠠᠳ ᠤ᠋ᠨ ᠠᠮᠢᠳᠤᠷᠠᠯ ᠤ᠋ᠨ ᠦᠢᠯᠡᠴᠢᠯᠡᠭᠡᠨ ᠤ᠋ ᠠᠵᠢᠯ ᠤ᠋ᠨ ᠪᠠᠢᠷᠢ ᠶ᠋ᠢᠨ ᠭᠡᠷᠡᠭᠴᠡᠭᠡ ᠱᠠᠭᠠᠷᠳᠠᠯᠭ᠎ᠠ ᠨᠢ ᠮᠠᠰᠢ ᠶᠡᠬᠡ ᠪᠤᠢ᠃
ᠤᠢᠯᠠᠭᠠᠭᠰᠠᠨ ᠶ᠋ᠢᠡᠷ᠂ 2026 ᠤᠨ ᠡᠴᠡ ᠨᠠᠭᠠᠰᠢ ᠤᠷᠳᠤᠰ ᠬᠤᠳᠠ ᠠᠵᠢᠯ ᠤᠯᠭᠤᠬᠤ ᠳᠤᠰᠬᠠᠢ ᠳᠠᠯᠠᠪᠤᠷ ᠠᠵᠢᠯᠯᠠᠭ᠎ᠠ ᠵᠢ 10 ᠳᠠᠯᠠᠪᠤᠷ ᠤᠳᠠᠭ᠎ᠠ ᠦᠷᠨᠢᠬᠦᠯᠵᠦ᠂ 160 ᠭᠠᠷᠤᠢ ᠠᠵᠤ ᠠᠬᠤᠢᠯᠠᠯ ᠤᠷᠤᠯᠴᠠᠨ᠂ ᠠᠵᠢᠯ ᠤᠯᠭᠤᠵᠤ ᠠᠵᠢᠯᠳᠠᠨ ᠡᠯᠰᠡᠬᠦ ᠠᠵᠢᠯᠯᠠᠭ᠎ᠠ ᠵᠢ ᠪᠠᠢᠩᠭᠤᠵᠢᠭᠤᠯᠤᠨ ᠦᠷᠨᠢᠬᠦᠯᠦᠨ᠂ ᠠᠵᠢᠯ ᠤᠯᠭᠤᠯᠳᠠ ᠵᠢ ᠪᠠᠳᠤᠯᠠᠵᠤ ᠪᠤᠢ᠃