ᠬᠦᠬᠡᠬᠤᠳᠠ ᠶ᠋ᠢᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠤᠢᠷ᠎ᠠ ᠳ᠋ᠤ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠡᠵᠡᠩᠨᠡᠯᠳᠡ ᠶ᠋ᠢ ᠠᠯᠤᠰ ᠡᠴᠡ ᠬᠢᠨᠠᠨ ᠬᠠᠮᠢᠶᠠᠷᠬᠤ ᠳᠠᠪᠴᠠᠩ ᠢ᠋ ᠨᠡᠪᠳᠡᠷᠡᠭᠦᠯᠵᠤ᠂ ᠠᠯᠤᠰ ᠡᠴᠡ《ᠲᠤᠬᠠᠢ ᠶ᠋ᠢᠨ ᠲᠠᠯᠠᠪᠤᠷ ᠤ᠋ᠨ ᠪᠤᠰᠤ》ᠬᠢᠨᠠᠯᠳᠠ ᠬᠠᠮᠢᠶᠠᠷᠤᠯᠳᠠ ᠬᠢᠬᠦ ᠵᠠᠭᠪᠤᠷ ᠢ᠋ ᠰᠢᠨ᠎ᠠ ᠶ᠋ᠢ ᠡᠭᠦᠳᠬᠦ ᠴᠢᠨᠠᠷᠳᠠᠢ ᠪᠡᠷ ᠳᠡᠯᠭᠡᠷᠡᠭᠦᠯᠦᠨ᠂ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠶᠠᠰᠤ ᠴᠢᠨᠠᠷ ᠤ᠋ᠨ ᠠᠮᠦᠷ ᠲᠦᠪᠰᠢᠨ ᠤ᠋ ᠰᠡᠷᠭᠡᠢᠯᠡᠯᠳᠡ ᠶ᠋ᠢᠨ ᠱᠤᠭᠤᠮ ᠢ᠋ ᠤᠯᠠᠮ ᠪᠠᠳᠤᠳᠬᠠᠪᠠ᠃
ᠲᠤᠰ ᠳᠠᠪᠴᠠᠩ ᠨᠢ ᠢᠨᠲᠧᠷ ᠰᠦᠯᠵᠢᠶᠡᠨ ᠤ᠋ ᠮᠡᠷᠭᠡᠵᠢᠯ ᠤ᠋ᠨ ᠳᠠᠪᠠᠭᠤᠯᠢᠭ ᠲᠤ᠌ ᠲᠦᠰᠢᠭᠯᠡᠨ᠂ 《ᠢᠳᠡᠭᠡᠮᠵᠢ ᠶ᠋ᠢᠨ ᠠᠮᠠᠯᠠᠯᠳᠠ + ᠠᠯᠤᠰ ᠡᠵᠡᠮᠰᠢᠯ ᠤ᠋ᠨ ᠬᠢᠨᠠᠯᠳᠠ ᠬᠠᠮᠢᠶᠠᠷᠤᠯᠳᠠ》 ᠵᠢᠨ ᠡᠭᠦᠯᠡᠨ ᠳᠠᠪᠴᠠᠩ ᠤ᠋ᠨ ᠸᠢᠳᠢᠤ᠋ ᠦᠢᠯᠡᠴᠢᠯᠡᠭᠡᠨ ᠤ᠋ ᠵᠠᠭᠪᠤᠷ ᠢ᠋ ᠰᠢᠨ᠎ᠠ ᠶ᠋ᠢ ᠡᠭᠦᠳᠬᠦ ᠴᠢᠨᠠᠷᠳᠠᠢ ᠪᠡᠷ ᠪᠠᠢᠭᠤᠯᠵᠤ᠂ 《ᠭᠠᠷ ᠤᠳᠠᠰᠤᠨ ᠤ᠋ ᠦᠢᠯᠡᠴᠢᠯᠡᠭᠡᠨ ᠤ᠋ ᠦᠵᠦᠭᠦᠷ + ᠬᠢᠨᠠᠯᠳᠠ ᠬᠠᠮᠢᠶᠠᠷᠤᠯᠳᠠ ᠶ᠋ᠢᠨ ᠭᠦᠢᠴᠡᠳᠭᠡᠬᠦ ᠦᠵᠦᠭᠦᠷ》 ᠤ᠋ᠨ ᠪᠦᠬᠦ ᠶᠠᠪᠤᠴᠠ ᠶ᠋ᠢᠨ ᠰᠦᠯᠵᠢᠶ᠎ᠠ ᠪᠡᠷ ᠬᠢᠨᠠᠨ ᠬᠠᠮᠢᠶᠠᠷᠬᠤ ᠪᠢᠳᠡᠭᠦᠦ ᠬᠡᠯᠬᠢᠶ᠎ᠠ ᠶ᠋ᠢ ᠴᠤᠭᠴᠠᠯᠠᠪᠠ᠃ ᠪᠤᠳᠠᠳᠠᠢ ᠬᠢᠨᠠᠨ ᠬᠠᠮᠢᠶᠠᠷᠬᠤ ᠶᠠᠪᠤᠴᠠ ᠳ᠋ᠤ᠂ ᠠᠵᠤ ᠠᠬᠤᠢᠯᠠᠯ ᠤ᠋ᠨ ᠬᠢᠨ ᠲᠤᠬᠠᠢ ᠶ᠋ᠢᠨ ᠲᠠᠯᠠᠪᠤᠷ ᠤ᠋ᠨ ᠦᠨᠡᠨ ᠪᠤᠳᠠᠳᠤ ᠴᠢᠨᠠᠷ ᠤ᠋ᠨ ᠠᠮᠠᠯᠠᠯᠳᠠ ᠬᠢᠭᠰᠡᠨ ᠤ᠋ ᠳᠠᠷᠠᠭ᠎ᠠ ᠤᠨᠴᠠ ᠲᠤᠳᠤ ᠸᠢᠳᠢᠤ᠋ ᠬᠠᠷᠢᠯᠴᠠᠭ᠎ᠠ᠂ ᠲᠤᠬᠠᠢ ᠶ᠋ᠢᠨ ᠴᠠᠭ ᠤ᠋ᠨ ᠪᠤᠳᠠᠳᠤ ᠦᠵᠡᠭᠳᠡᠯ ᠤ᠋ᠨ ᠳᠠᠮᠵᠢᠭᠤᠯᠭ᠎ᠠ ᠵᠡᠷᠭᠡ ᠮᠡᠷᠭᠡᠵᠢᠯ ᠤ᠋ᠨ ᠠᠷᠭ᠎ᠠ ᠪᠠᠷᠢᠯ ᠶ᠋ᠢᠡᠷ ᠠᠵᠢᠯᠴᠢᠨ ᠤ᠋ ᠬᠢᠷᠢ ᠭᠡᠮ᠂ ᠲᠦᠬᠦᠭᠡᠷᠦᠮᠵᠢ ᠶ᠋ᠢᠨ ᠪᠠᠢᠳᠠᠯ ᠵᠡᠷᠭᠡ ᠵᠠᠩᠬᠢᠯᠠᠭ᠎ᠠ ᠶ᠋ᠢᠨ ᠬᠦᠴᠦᠨ ᠵᠦᠢᠯ ᠢ᠋ ᠰᠦᠯᠵᠢᠶ᠎ᠠ ᠪᠡᠷ ᠰᠢᠭᠤᠳ ᠬᠠᠷᠠᠭᠤᠯᠵᠤ ᠪᠤᠯᠤᠨ᠎ᠠ᠃ ᠡᠭᠦᠨ ᠤ᠋ ᠬᠠᠮᠳᠤ ᠬᠢᠨᠠᠯᠳᠠ ᠬᠠᠮᠢᠶᠠᠷᠤᠯᠳᠠ ᠶ᠋ᠢᠨ ᠠᠵᠢᠯᠳᠠᠳ ᠲᠤᠬᠠᠢ ᠶ᠋ᠢᠨ ᠲᠠᠯᠠᠪᠤᠷ ᠤ᠋ᠨ ᠪᠠᠢᠴᠠᠭᠠᠯᠳᠠ ᠶ᠋ᠢᠨ ᠪᠠᠷᠢᠮᠵᠢᠶ᠎ᠠ᠂ ᠶᠠᠪᠤᠴᠠ ᠪᠤᠯᠤᠨ ᠠᠭᠤᠯᠭ᠎ᠠ ᠶ᠋ᠢ ᠴᠢᠩᠭ᠎ᠠ ᠵᠢᠷᠦᠮᠯᠠᠨ᠂ ᠠᠯᠤᠰ ᠡᠴᠡ ᠸᠢᠳᠢᠤ᠋ ᠪᠤᠯᠤᠨ ᠰᠦᠯᠵᠢᠶ᠎ᠠ ᠪᠡᠷ ᠬᠢᠨᠠᠨ ᠪᠠᠢᠴᠠᠭᠠᠬᠤ ᠠᠵᠢᠯᠯᠠᠭ᠎ᠠ ᠶ᠋ᠢ ᠪᠡᠶᠡᠯᠡᠭᠦᠯᠵᠦ᠂ ᠪᠠᠰᠠ ᠡᠯᠧᠺᠲ᠋ᠷᠤᠨ ᠭᠡᠷᠡᠴᠢ ᠠᠪᠬᠤ ᠪᠠ ᠪᠦᠬᠦ ᠶᠠᠪᠤᠴᠠ ᠶ᠋ᠢᠨ ᠪᠠᠷᠢᠮᠳᠠ ᠶ᠋ᠢ ᠦᠯᠡᠳᠡᠭᠡᠨ ᠬᠠᠳᠠᠭᠠᠯᠠᠬᠤ ᠠᠵᠢᠯ ᠢ᠋ ᠵᠡᠷᠭᠡ ᠪᠡᠷ ᠭᠦᠢᠴᠡᠳᠭᠡᠨ᠂ ᠬᠢᠨᠠᠯᠳᠠ ᠬᠠᠮᠢᠶᠠᠷᠤᠯᠳᠠ ᠶ᠋ᠢᠨ ᠶᠠᠪᠤᠴᠠ ᠶ᠋ᠢ 《ᠸᠢᠳᠢᠣ᠋ ᠪᠡᠷ ᠬᠢᠨᠠᠨ ᠰᠢᠯᠭᠠᠵᠤ ᠪᠤᠯᠬᠤ᠂ ᠭᠡᠳᠡᠷᠬᠦ ᠮᠦᠷᠳᠡᠵᠦ ᠪᠤᠯᠬᠤ》ᠶ᠋ᠢ ᠪᠠᠳᠤᠯᠠᠵᠤ᠂ ᠬᠢᠨᠠᠯᠳᠠ ᠬᠠᠮᠢᠶᠠᠷᠤᠯᠳᠠ ᠶ᠋ᠢᠨ ᠳᠦᠷᠢᠮᠵᠢᠭᠦᠨ ᠪᠦᠭᠡᠳ ᠢᠯᠡ ᠲᠤᠳᠤ ᠪᠠᠢᠬᠤ ᠶ᠋ᠢ ᠠᠬᠢᠭᠤᠯᠪᠠ᠃
ᠤᠢᠯᠠᠭᠠᠭᠰᠠᠨ ᠵᠢᠡᠷ᠂ ᠲᠤᠰ ᠬᠢᠨᠠᠯᠳᠠ ᠬᠠᠮᠢᠶᠠᠷᠤᠯᠳᠠ ᠶ᠋ᠢᠨ ᠵᠠᠭᠪᠤᠷ ᠨᠢ ᠲᠤᠬᠠᠢ ᠶ᠋ᠢᠨ ᠲᠠᠯᠠᠪᠤᠷ ᠤ᠋ᠨ ᠪᠠᠢᠴᠠᠭᠠᠯᠳᠠ ᠶ᠋ᠢᠨ ᠴᠢᠬᠤᠯᠠ ᠨᠦᠬᠦᠪᠤᠷᠢᠯᠡᠯ ᠪᠤᠯᠵᠤ᠂ ᠰᠦᠯᠵᠢᠶᠠᠨ ᠳᠡᠭᠡᠷᠡᠬᠢ ᠬᠢᠨᠠᠯᠳᠠ ᠬᠠᠮᠢᠶᠠᠷᠤᠯᠳᠠ ᠪᠠ ᠲᠤᠬᠠᠢ ᠶ᠋ᠢᠨ ᠲᠠᠯᠠᠪᠤᠷ ᠤ᠋ᠨ ᠬᠢᠨᠠᠯᠳᠠ ᠬᠠᠮᠢᠶᠠᠷᠤᠯᠳᠠ ᠶ᠋ᠢᠨ ᠬᠠᠮᠵᠢᠯᠴᠠᠭ᠎ᠠ ᠶ᠋ᠢ ᠴᠢᠩᠭᠠᠳᠬᠠᠨ᠂ ᠬᠢᠨᠠᠯᠳᠠ ᠬᠠᠮᠢᠶᠠᠷᠤᠯᠳᠠ ᠶ᠋ᠢᠨ ᠡᠭᠦᠷᠭᠡ ᠬᠦᠨᠳᠤ᠂ ᠬᠢᠨᠠᠯᠳᠠ ᠬᠠᠮᠢᠶᠠᠷᠤᠯᠳᠠ ᠶ᠋ᠢᠨ ᠬᠦᠴᠦᠨ ᠬᠦᠷᠦᠯᠴᠡᠬᠦ ᠦᠭᠡᠢ ᠠᠰᠠᠭᠤᠳᠠᠯ ᠢ᠋ ᠪᠦᠲᠦᠮᠵᠢᠳᠠᠢ ᠨᠠᠮᠳᠠᠭᠤᠯᠵᠤ᠂ ᠬᠢᠨᠠᠯᠳᠠ ᠬᠠᠮᠢᠶᠠᠷᠤᠯᠳᠠ ᠶ᠋ᠢᠨ ᠬᠠᠮᠤᠷᠬᠤ ᠬᠡᠪᠴᠢᠶ᠎ᠠ ᠶ᠋ᠢ ᠢᠯᠡᠳᠳᠡ ᠨᠡᠮᠡᠭᠳᠡᠭᠦᠯᠦᠨ᠂ ᠬᠢᠨᠠᠯᠳᠠ ᠬᠠᠮᠢᠶᠠᠷᠤᠯᠳᠠ ᠶ᠋ᠢᠨ ᠤᠨᠤᠪᠴᠢᠳᠤ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ᠋ ᠳᠡᠭᠡᠭᠰᠢᠯᠡᠭᠦᠯᠪᠡ᠃