ᠮᠠᠨ ᠤ᠋ ᠤᠷᠤᠨ 《ᠭᠡᠷᠡᠯ ᠭᠡᠭᠡ ᠶ᠋ᠢᠨ ᠠᠶᠠᠯᠠᠯ》 ᠤ᠋ᠨ ᠤᠨ ᠤ᠋ ᠡᠭᠦᠷᠭᠡ ᠪᠡᠨ ᠲᠡᠭᠦᠰ ᠠᠮᠵᠢᠯᠳᠠ ᠲᠠᠢ ᠪᠡᠶᠡᠯᠡᠭᠦᠯᠪᠡ
2026-03-26 09:55:18
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠡᠴᠡ ᠤᠢᠯᠠᠭᠠᠭᠰᠠᠨ ᠶ᠋ᠢᠡᠷ᠂ 2025 ᠤᠨ ᠳ᠋ᠤ ᠮᠠᠨ ᠤ᠋ ᠤᠷᠤᠨ 《ᠭᠡᠷᠡᠯ ᠭᠡᠭᠡ ᠶ᠋ᠢᠨ ᠠᠶᠠᠯᠠᠯ》 ᠨᠡᠢᠳᠡ ᠶ᠋ᠢᠨ ᠠᠰᠠᠷᠠᠮᠵᠢ ᠶ᠋ᠢᠨ ᠠᠵᠢᠯᠯᠠᠭ᠎ᠠ ᠶ᠋ᠢᠨ ᠤᠨ ᠤ᠋ ᠡᠭᠦᠷᠭᠡ ᠪᠡᠨ ᠲᠡᠭᠦᠰ ᠠᠮᠵᠢᠯᠳᠠ ᠲᠠᠢ ᠪᠡᠶᠡᠯᠡᠭᠦᠯᠵᠦ᠂ ᠪᠦᠬᠦ ᠵᠢᠯ ᠳ᠋ᠤ ᠨᠡᠢᠳᠡ 1794 ᠵᠢᠱ᠌ᠢᠶ᠎ᠠ ᠬᠠᠷᠠᠭ᠎ᠠ ᠤᠷᠤᠭᠤᠯᠬᠤ ᠴᠠᠭᠠᠨ ᠬᠠᠷᠠᠩ ᠤ᠋ᠨ ᠵᠠᠰᠠᠯ ᠢ᠋ ᠭᠦᠢᠴᠡᠳᠭᠡᠨ᠂ ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠭᠡᠯ ᠳ᠋ᠤ ᠳᠤᠷᠠᠳᠤᠭᠰᠠᠨ ᠠᠷᠠᠳ ᠤ᠋ᠨ ᠠᠮᠢᠳᠤᠷᠠᠯ ᠤ᠋ᠨ ᠪᠤᠳᠠᠳᠤ ᠶᠠᠪᠤᠳᠠᠯ ᠤ᠋ᠨ ᠲᠦᠷᠦᠯ ᠵᠦᠢᠯ ᠤ᠋ᠨ ᠤᠨ ᠤ᠋ ᠡᠭᠦᠷᠭᠡ ᠪᠡᠨ 79.4% ᠪᠡᠷ ᠳᠠᠪᠠᠭᠤᠯᠤᠨ ᠪᠡᠶᠡᠯᠡᠭᠦᠯᠦᠭᠰᠠᠨ ᠪᠠᠢᠨ᠎ᠠ᠃

ᠤᠢᠯᠠᠭᠠᠭᠰᠠᠨ ᠶ᠋ᠢᠡᠷ᠂ ᠬᠠᠷᠠᠭ᠎ᠠ ᠤᠷᠤᠭᠤᠯᠬᠤ ᠵᠠᠰᠠᠯ ᠡᠴᠡ ᠭᠠᠳᠠᠨ᠎ᠠ᠂ 2025 ᠤᠨ ᠤ᠋ 11 ᠰᠠᠷ᠎ᠠ ᠳ᠋ᠤ ᠦᠪᠡᠷᠳᠡᠭᠡᠨ ᠵᠠᠰᠠᠬᠤ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠡᠴᠡ ᠪᠠᠰᠠ 《ᠨᠢᠳᠤ ᠪᠡᠨ ᠬᠠᠮᠠᠭᠠᠯᠠᠬᠤ ᠵᠢᠵᠢᠭ ᠦᠷᠦᠭᠡ》 ᠵᠠᠯᠠᠭᠤᠴᠤᠳ ᠪᠠᠭᠠᠴᠤᠳ ᠤ᠋ᠨ ᠨᠢᠳᠤᠨ ᠤ᠋ ᠡᠷᠡᠭᠦᠯ ᠮᠡᠨᠳᠦ ᠶ᠋ᠢᠨ ᠲᠦᠷᠦᠯ ᠵᠦᠢᠯ ᠢ᠋ ᠡᠬᠢᠯᠡᠭᠦᠯᠵᠦ᠂ ᠬᠦᠬᠡᠬᠤᠳᠠ᠂ ᠤᠯᠠᠭᠠᠨᠬᠠᠳᠠ ᠬᠤᠳᠠ ᠪᠠ ᠤᠷᠳᠤᠰ ᠬᠤᠳᠠ ᠳ᠋ᠡᠬᠢ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠵᠠᠯᠠᠭᠤᠴᠤᠳ ᠪᠠᠭᠠᠴᠤᠳ ᠤ᠋ᠨ ᠤᠢᠷ᠎ᠠ ᠬᠠᠷᠠᠭ᠎ᠠ ᠶ᠋ᠢ ᠰᠡᠷᠭᠡᠢᠯᠡᠬᠦ ᠲᠤᠷᠰᠢᠯᠳᠠ ᠶ᠋ᠢᠨ ᠴᠡᠭ ᠤ᠋ᠨ ᠰᠤᠷᠭᠠᠭᠤᠯᠢ ᠡᠴᠡ ᠲᠤᠰᠪᠤᠷᠢ 1 ᠰᠤᠷᠭᠠᠭᠤᠯᠢ ᠶ᠋ᠢ ᠰᠤᠩᠭᠤᠨ 《ᠨᠢᠳᠤ ᠪᠡᠨ ᠬᠠᠮᠠᠭᠠᠯᠠᠬᠤ ᠵᠢᠵᠢᠭ ᠦᠷᠦᠭᠡ》 ᠪᠠᠢᠭᠤᠯᠵᠤ᠂ ᠰᠤᠷᠭᠠᠭᠤᠯᠢ᠂ ᠭᠡᠷ ᠪᠦᠯᠢ ᠪᠠ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠪᠠᠢᠭᠤᠯᠤᠮᠵᠢ ᠵᠡᠷᠭᠡ ᠤᠯᠠᠨ ᠲᠠᠯ᠎ᠠ ᠶ᠋ᠢᠨ ᠬᠦᠴᠦᠨ ᠢ᠋ ᠨᠡᠢᠳᠭᠡᠵᠤ᠂ ᠪᠠᠭᠰᠢ ᠰᠤᠷᠤᠭᠴᠢᠳ ᠲᠤ᠌ ᠬᠠᠨᠳᠤᠭᠤᠯᠤᠨ ᠬᠤᠷᠰᠢᠯᠴᠠᠬᠤ ᠬᠡᠯᠪᠡᠷᠢ ᠶ᠋ᠢᠨ ᠨᠢᠳᠤᠨ ᠤ᠋ ᠡᠷᠡᠭᠦᠯ ᠮᠡᠨᠳᠦ ᠶ᠋ᠢᠨ ᠮᠡᠳᠡᠯᠭᠡ ᠶ᠋ᠢ ᠲᠦᠭᠡᠮᠡᠯᠵᠢᠭᠦᠯᠬᠦ ᠠᠵᠢᠯᠯᠠᠭ᠎ᠠ ᠦᠷᠨᠢᠭᠦᠯᠵᠠᠢ᠃

2026 ᠤᠨ ᠪᠤᠯ 《ᠠᠷᠪᠠᠨ ᠳᠠᠪᠤᠳᠤᠭᠠᠷ ᠳᠠᠪᠤᠨ ᠵᠢᠯ》 ᠤ᠋ᠨ ᠡᠬᠢᠯᠡᠯᠳᠡ ᠶ᠋ᠢᠨ ᠵᠢᠯ ᠪᠤᠯᠬᠤ ᠪᠦᠭᠡᠳ ᠪᠦᠬᠦ ᠤᠷᠤᠨ ᠤ᠋ 《ᠭᠡᠷᠡᠯ ᠭᠡᠭᠡ ᠶ᠋ᠢᠨ ᠠᠶᠠᠯᠠᠯ》 ᠨᠡᠢᠳᠡ ᠶ᠋ᠢᠨ ᠠᠰᠠᠷᠠᠮᠵᠢ ᠶ᠋ᠢᠨ ᠠᠵᠢᠯᠯᠠᠭ᠎ᠠ ᠵᠠᠯᠭᠠᠭ᠎ᠠ ᠪᠡᠷ ᠳᠦᠷᠪᠡᠳᠡᠬᠢ ᠤᠳᠠᠭ᠎ᠠ ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠭᠡᠯ ᠤ᠋ᠨ ᠠᠷᠠᠳ ᠤ᠋ᠨ ᠠᠮᠢᠳᠤᠷᠠᠯ ᠤ᠋ᠨ ᠪᠤᠳᠠᠳᠤ ᠶᠠᠪᠤᠳᠠᠯ ᠤ᠋ᠨ ᠲᠦᠷᠦᠯ ᠵᠦᠢᠯ ᠳ᠋ᠤ ᠵᠢᠭᠰᠠᠭᠠᠭᠳᠠᠭᠰᠠᠨ ᠵᠢᠯ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ 《ᠨᠢᠭᠡ ᠬᠦᠮᠦᠨ ᠳ᠋ᠤ ᠬᠠᠷᠠᠭ᠎ᠠ ᠤᠷᠤᠭᠤᠯᠤᠨ᠂ ᠨᠢᠭᠡ ᠭᠡᠷ ᠪᠦᠯᠢ ᠶ᠋ᠢ ᠵᠤᠯ ᠵᠢᠷᠭᠠᠯᠳᠠᠢ ᠪᠤᠯᠭᠠᠵᠤ᠂ ᠨᠢᠭᠡ ᠭᠠᠵᠠᠷ ᠤᠷᠤᠨ ᠤ᠋ ᠬᠢᠨ ᠢ᠋ ᠳᠤᠭᠳᠤᠯᠤᠭᠤᠯᠬᠤ》 ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠡᠨ ᠦᠷᠭᠦᠯᠵᠢᠯᠡᠨ ᠪᠠᠷᠢᠮᠳᠠᠯᠠᠵᠤ᠂ ᠲᠦᠷᠦᠯ ᠵᠦᠢᠯ ᠤ᠋ᠨ ᠬᠠᠮᠢᠶᠠᠷᠤᠯᠳᠠ ᠶ᠋ᠢ ᠴᠢᠨᠠᠭᠰᠢᠳᠠ ᠰᠢᠯᠢᠳᠡᠭᠵᠢᠭᠦᠯᠦᠨ᠂ ᠪᠦᠬᠦ ᠵᠢᠯ ᠳ᠋ᠤ 1000 ᠵᠢᠱ᠌ᠢᠶ᠎ᠠ ᠨᠡᠢᠳᠡ ᠶ᠋ᠢᠨ ᠠᠰᠠᠷᠠᠮᠵᠢ ᠶ᠋ᠢᠨ ᠬᠠᠷᠠᠭ᠎ᠠ ᠤᠷᠤᠭᠤᠯᠬᠤ ᠵᠠᠰᠠᠯ ᠢ᠋ ᠭᠦᠢᠴᠡᠳᠭᠡᠬᠦ ᠶ᠋ᠢᠨ ᠬᠠᠮᠳᠤ 《ᠨᠢᠳᠤ ᠪᠡᠨ ᠬᠠᠮᠠᠭᠠᠯᠠᠬᠤ ᠵᠢᠵᠢᠭ ᠦᠷᠦᠭᠡ》 ᠶ᠋ᠢᠨ ᠠᠵᠢᠯᠯᠠᠭ᠎ᠠ ᠶ᠋ᠢ ᠦᠷᠭᠦᠯᠵᠢᠯᠡᠨ ᠠᠬᠢᠭᠤᠯᠵᠤ᠂ ᠮᠠᠨ ᠤ᠋ ᠤᠷᠤᠨ ᠤ᠋ ᠪᠤᠳᠠᠳᠤ ᠪᠠᠢᠳᠠᠯ ᠳ᠋ᠤ ᠨᠡᠢᠴᠡᠬᠦ᠂ ᠬᠠᠭᠤᠯᠪᠤᠷᠢᠯᠡᠨ ᠳᠡᠯᠭᠡᠷᠡᠭᠦᠯᠵᠦ ᠪᠤᠯᠬᠤ ᠰᠤᠷᠭᠠᠭᠤᠯᠢ ᠶ᠋ᠢᠨ ᠬᠦᠷᠢᠶᠡᠨ ᠤ᠋ ᠨᠢᠳᠤᠨ ᠤ᠋ ᠡᠷᠡᠭᠦᠯ ᠮᠡᠨᠳᠦ ᠶ᠋ᠢᠨ ᠠᠵᠢᠯᠯᠠᠭ᠎ᠠ ᠶ᠋ᠢ ᠰᠦᠪᠡᠭᠴᠢᠯᠡᠨ ᠬᠡᠷᠡᠭᠵᠢᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号