ᠥᠪᠥᠷ ᠮᠣᠩᠭᠣᠯ ᠤᠷᠤᠨ᠎ᠤ ᠳᠡᠰ᠎ᠤᠨ ᠭᠤᠤᠯᠳᠠᠯᠭ᠎ᠠ᠎ᠲᠠᠶ 5ᠲᠤᠷᠱᠢᠯᠲᠠ᠎ᠶ᠋ᠢᠨ ᠲᠠᠰᠤᠭ ᠢ᠋ ᠱᠢᠨ᠎ᠡ᠎ᠪᠡᠷ ᠪᠠᠢᠷᠢᠯᠠᠭᠤᠯᠪᠠ
2026-03-26 16:42:46
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠵᠢᠯᠴᠠᠭᠠᠨ᠎ᠤ ᠣᠶᠤᠨᠴᠢ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢᠷ᠎ᠠ ᠤᠭᠲᠠᠷᠭᠤᠢ᠎ᠶᠢᠨ ᠮᠡᠷᠭᠡᠵᠢᠯ ᠬᠢᠭᠡᠳ ᠢᠨᠵᠧᠨᠧᠷᠢᠩ᠎ᠦᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ》 ᠵᠡᠷᠭᠡ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ  5 ᠲᠤᠷᠱᠢᠯᠲᠠ᠎ᠶ᠋ᠢᠨ ᠲᠠᠰᠤᠭ᠎ᠢ ᠳᠡᠮᠵᠢᠵᠦ᠍᠂ 《ᠵᠣᠬᠢᠶᠠᠮᠠᠯ ᠣᠶᠤᠨ ᠴᠢᠳᠠᠪᠤᠷᠢ + ᠤᠢᠷ᠎ᠠ ᠤᠭᠲᠠᠷᠭᠤᠢ᠎ᠶᠢᠨ ᠠᠵᠤ ᠠᠬᠤᠶ》᠂ ᠠᠮᠢᠳᠤ ᠪᠣᠳᠠᠰ᠎ᠤᠨ ᠮᠡᠷᠭᠡᠵᠢᠯ᠂ ᠡᠨᠧᠷᠭᠢ᠂  ᠰᠣᠯᠪᠢᠴᠠᠯ ᠱᠢᠨᠵᠢᠯᠡᠭᠡᠨ᠎ᠦ ᠰᠠᠯᠠᠭ᠎ᠠ ᠵᠡᠷᠭᠡ ᠬᠦᠷᠢᠶᠡᠨ᠎ᠳᠡᠬᠢ ᠪᠠᠢᠷᠢᠯᠠᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠪᠠ᠃

ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ ᠪᠣᠯ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠱᠢᠰᠲ᠋ᠧᠮ᠎ᠤᠨ ᠴᠢᠬᠤᠯᠠ ᠪᠦᠷᠢᠯᠳᠦᠬᠦᠨ ᠬᠡᠰᠡᠭ ᠪᠠᠢᠵᠤ᠂ ᠴᠢᠬᠤᠯᠠ ᠶᠡᠬᠡ  ᠱᠢᠨ᠎ᠡ᠎ᠶ᠋ᠢ ᠡᠭᠦᠳᠬᠦ᠌ ᠂ ᠱᠢᠨᠵᠢᠯᠡᠭᠡᠨ᠎ᠦ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠨ ᠪᠣᠯᠬᠤ ᠪᠥᠭᠡᠳ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠠᠬᠢ ᠴᠢᠬᠤᠯᠠ ᠶᠡᠬᠡ ᠱᠢᠨᠵᠢᠯᠡᠬᠦ᠌ ᠤᠬᠠᠭᠠᠨ᠎ᠤ ᠠᠰᠠᠭᠤᠳᠠᠯ᠎ᠢ ᠱᠢᠶ᠋ᠳᠪᠦᠷᠢᠯᠡᠬᠦ᠌᠎ᠳᠦ ᠴᠢᠬᠤᠯᠠ ᠦᠶ᠋ᠯᠡᠳᠦᠯ᠎ᠲᠡᠶ ᠶᠤᠮ᠃ ᠲᠣᠰ ᠤᠳᠠᠭ᠎ᠠ ᠱᠢᠨ᠎ᠡ᠎ᠪᠡᠷ ᠵᠥᠪᠱᠢᠶᠡᠷᠡᠨ ᠪᠠᠢᠭᠤᠯᠤᠭ᠍ᠰᠠᠨ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠨᠢ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠪᠤᠵᠠᠭᠠᠢᠷᠠᠭᠤᠯᠬᠤ ᠪᠠ ᠢᠷᠡᠭᠡᠳᠦᠶ᠎ᠶ᠋ᠢᠨ ᠠᠵᠤ ᠦᠶ᠋ᠯᠡᠰ᠎ᠢ ᠪᠣᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠶ᠋ᠯᠡᠳᠪᠦᠷᠢᠯᠡᠬᠦ᠌ ᠵᠢᠭᠠᠬᠤ ᠰᠤᠳᠤᠯᠬᠤ ᠬᠡᠷᠡᠭ᠌ᠯᠡᠬᠦ᠌ ᠪᠥᠬᠥ᠌ ᠬᠡᠯᠬᠢᠶ᠎ᠡ᠎ᠶ᠋ᠢ ᠨᠡᠪᠲᠡᠷᠡᠭᠦᠯᠵᠦ᠍᠂ ᠰᠠᠭᠤᠷᠢ ᠰᠤᠳᠤᠯᠭᠠᠨ ᠪᠠ ᠬᠡᠷᠡᠭ᠌ᠯᠡᠭᠡᠨ᠎ᠦ ᠰᠠᠭᠤᠷᠢ ᠰᠤᠳᠤᠯᠭᠠᠨ᠎ᠢ ᠥᠷᠨᠢᠭᠦᠯᠵᠦ᠍᠂ ᠮᠡᠷᠭᠡᠵᠢᠯ᠎ᠦᠨ ᠱᠢᠪᠲᠤᠯᠤᠯᠲᠠ ᠪᠠ ᠠᠵᠤ ᠦᠶ᠋ᠯᠡᠰ᠎ᠦᠨ ᠲᠠᠰ ᠳᠠᠪᠱᠢᠯᠲᠠ᠎ᠶ᠋ᠢ ᠲᠦᠷᠭᠡᠳᠭᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ ᠪᠠ ᠠᠵᠤ ᠦᠶ᠋ᠯᠡᠰ᠎ᠦᠨ ᠱᠢᠨ᠎ᠡ ᠡᠭᠦᠳᠦᠯᠲᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠪᠣᠯᠤᠨ᠎ᠠ᠃

ᠤᠢᠯᠠᠭᠠᠭᠰᠠᠨ᠎ᠶ᠋ᠢᠡᠷ᠂  ᠣᠢᠷ᠎ᠠ᠎ᠶ᠋ᠢᠨ ᠵᠢᠯ᠎ᠦᠨ ᠲᠤᠷᠰᠢ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠱᠢᠨ᠎ᠡ᠎ᠶ᠋ᠢ ᠡᠭᠦᠳᠬᠦ᠌ ᠲᠠᠪᠴᠠᠩ᠎ᠢ ᠱᠢᠯᠢᠳᠡᠭ᠌ᠵᠢᠭᠦᠯᠦᠨ ᠳᠠᠬᠢᠨ ᠵᠣᠬᠢᠶᠠᠨ ᠪᠠᠢᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ᠂ ᠪᠥᠬᠥ᠌ ᠤᠯᠤᠰ᠎ᠤᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠂ ᠥᠪᠥᠷ ᠮᠣᠩᠭᠣᠯ᠎ᠤᠨ ᠲᠤᠷᠱᠢᠯᠲᠠ᠎ᠶ᠋ᠢᠨ ᠲᠠᠰᠤᠭ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠢ ᠱᠠᠲᠤᠯᠢᠭ᠎ᠢᠶᠠᠷ ᠵᠣᠯᠭᠠᠭᠤᠯᠤᠭ᠍ᠰᠠᠨ ᠭᠤᠷᠪᠠᠨ ᠳᠡᠰ᠎ᠤᠨ ᠲᠤᠷᠱᠢᠯᠲᠠ᠎ᠶ᠋ᠢᠨ ᠲᠠᠰᠤᠭ᠎ᠤᠨ ᠱᠢᠰᠲ᠋ᠧᠮ᠎ᠢ ᠪᠦᠷᠢᠯᠳᠦᠭᠦᠯᠵᠦ᠍᠂ ᠣᠷᠣᠨ ᠪᠦᠰᠡ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠱᠢᠨ᠎ᠡ᠎ᠶ᠋ᠢ ᠡᠭᠦᠳᠬᠦ᠌ ᠰᠠᠭᠤᠷᠢ᠎ᠶ᠋ᠢ ᠪᠡᠬᠢᠵᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号