ᠥᠪᠥᠷ ᠮᠣᠩᠭᠣᠯ᠎ᠤᠨ 《ᠵᠡᠮᠳᠡᠭ᠌ᠴᠦᠳ᠎ᠲᠤ ᠨᠦᠬᠦᠷᠰᠡᠭ ᠡᠮᠴᠢᠯᠡᠭᠡᠨ᠎ᠦ ᠪᠠᠢᠭᠤᠯᠤᠮᠵᠢ》 ᠶ᠋ᠢᠨ ᠲᠤᠷᠱᠢᠯᠲᠠ᠎ᠵᠢᠨ ᠴᠡᠭ᠎ᠤᠨ ᠠᠵᠢᠯ ᠢᠯᠡᠳᠲᠡ ᠦᠷ᠎ᠡ ᠪᠦᠲᠦᠮᠵᠢ ᠣᠯᠪᠠ
2026-03-26 16:45:30
ᠵᠣᠬᠢᠶᠠᠭ᠍ᠴᠢ᠄
​ᠰᠠᠴᠤᠷᠠᠯ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠵᠡᠮᠳᠡᠭ᠌ᠴᠦᠳ᠎ᠦᠨ ᠬᠣᠯᠪᠣᠭ᠎ᠠ᠎ᠠᠴᠠ ᠣᠢᠯᠠᠭᠠᠭ᠍ᠰᠠᠨ᠎ᠢᠶᠠᠷ᠂ ᠬᠥᠬᠡᠬᠣᠲᠠ᠂ ᠪᠤᠭᠤᠲᠤ ᠬᠣᠲᠠ᠎ᠶ᠋ᠢᠨ 6 ᠡᠷᠦᠬᠡ 《ᠵᠡᠮᠳᠡᠭ᠌ᠴᠦᠳ᠎ᠲᠤ ᠨᠥᠬᠥᠷᠰᠡᠭ ᠡᠮᠴᠢᠯᠡᠭᠡᠨ᠎ᠦ ᠪᠠᠢᠭᠤᠯᠤᠮᠵᠢ》 ᠨᠢᠳᠤᠨᠤᠨ᠎ᠤ ᠵᠢᠯ᠎ᠤᠨ ᠡᠴᠦᠰ᠎ᠲᠤ ᠭᠡᠷ᠎ᠡ ᠲᠣᠭ᠍ᠲᠠᠵᠦ ᠫᠠᠢᠰᠠ ᠰᠡᠬᠦᠭᠰᠡᠨ᠎ᠤ ᠳᠠᠷᠠᠭ᠎ᠠ ᠢᠯᠡᠳᠲᠡ ᠦᠷ᠎ᠡ ᠪᠦᠲᠦᠮᠵᠢ ᠣᠯᠵᠤ᠂ ᠪᠥᠬᠥ᠌ ᠣᠷᠣᠨ᠎ᠤ ᠵᠡᠮᠳᠡᠭ᠌ᠴᠦᠳ᠎ᠦᠨ ᠡᠮᠴᠢᠯᠡᠭᠡᠨ᠎ᠦ ᠪᠠᠲᠤᠯᠠᠭ᠎ᠠ᠎ᠳᠤ ᠦᠶ᠋ᠯᠡᠳᠦᠯᠭᠡ᠎ᠶ᠋ᠢᠨ ᠵᠠᠭ᠍ᠪᠤᠷ ᠬᠠᠩᠭᠠᠪᠠ᠃

ᠰᠠᠭᠤᠷᠢ ᠲᠥᠬᠥᠭᠡᠷᠦᠮᠵᠢ᠎ᠶ᠋ᠢᠨ ᠲᠠᠯ᠎ᠠ᠎ᠪᠠᠷ᠂ 6 ᠲᠤᠷᠱᠢᠯᠲᠠ᠎ᠶ᠋ᠢᠨ ᠴᠡᠭ᠎ᠤᠨ ᠡᠮᠨᠡᠯᠭᠡ᠎ᠶ᠋ᠢᠨ ᠬᠣᠷᠢᠶ᠎ᠠ ᠨᠢ ᠰᠠᠭᠠᠳ ᠥᠬᠡᠶ ᠣᠷᠴᠢᠨ ᠲᠣᠭᠣᠷᠢᠨ᠎ᠢ ᠪᠥᠬᠥ᠌ ᠲᠠᠯ᠎ᠠ᠎ᠪᠠᠷ ᠲᠠᠰ ᠳᠡᠪᠱᠢᠭᠦᠯᠪᠡ᠃ ᠡᠬᠦᠨ᠎ᠳᠤ ᠰᠠᠭᠠᠳ ᠥᠬᠡᠶ ᠨᠠᠯᠠᠸ᠋ ᠵᠠᠮ᠂ ᠬᠠᠷᠠᠭ᠎ᠠ ᠠᠯᠳᠠᠬᠰᠠᠳ᠎ᠤᠨ ᠵᠠᠮ᠂ ᠳᠤᠤᠷ᠎ᠠ ᠪᠠᠢᠷᠢ᠎ᠶ᠋ᠢᠨ ᠴᠣᠩᠬᠣ ᠵᠡᠷᠭᠡ᠎ᠶ᠋ᠢ ᠪᠦᠷᠢᠨ ᠪᠥᠷᠬᠥᠭᠦᠯᠬᠦ᠌᠎ᠶ᠋ᠢ ᠪᠡᠶᠡᠯᠡᠭᠦᠯᠵᠦ᠍᠂ ᠪᠠᠰᠠ ᠰᠠᠭᠠᠳ ᠥᠬᠡᠶ ᠠᠷᠢᠭᠤᠨ ᠴᠡᠪᠡᠷ᠎ᠦᠨ ᠲᠠᠰᠤᠯᠭ᠎ᠠ᠂ ᠲᠦᠱᠢᠭᠦᠷᠳᠦ ᠴᠠᠬᠢᠯᠭᠠᠨ ᠱᠠᠲᠤ ᠵᠡᠷᠭᠡ᠎ᠶ᠋ᠢ ᠪᠦᠷᠢᠨ ᠳᠣᠭᠢᠷᠠᠭᠤᠯᠵᠤ᠂ ᠪᠥᠬᠥ᠌ ᠴᠤᠪᠤᠷᠠᠯ᠎ᠳᠤ ᠰᠠᠭᠠᠳ ᠥᠬᠡᠶ᠎ᠪᠡᠷ ᠡᠪᠡᠳᠴᠢᠨ ᠦᠵᠡᠭᠦᠯᠬᠦ᠌ ᠣᠷᠴᠢᠨ ᠨᠥᠬᠥᠴᠡᠯ᠎ᠢ ᠪᠣᠶ ᠪᠣᠯᠭᠠᠨ᠂ ᠵᠡᠮᠳᠡᠭ᠌ᠴᠦᠳ᠎ᠦᠨ ᠡᠪᠡᠳᠴᠢᠨ ᠦᠵᠡᠭᠦᠯᠬᠦ᠌᠎ᠳᠦ ᠨᠠᠩ ᠲᠦᠬᠦᠮ ᠨᠦᠭᠦᠴᠡᠯ ᠬᠠᠩᠭᠠᠪᠠ᠃ ᠦᠶ᠋ᠯᠡᠴᠢᠯᠡᠭᠡ ᠪᠠ ᠲᠥᠷᠥ᠎ᠶ᠋ᠢᠨ ᠪᠣᠳᠣᠯᠭ᠎ᠠ᠎ᠶ᠋ᠢᠨ ᠲᠠᠯ᠎ᠠ᠎ᠪᠠᠷ᠂ ᠡᠯ᠎ᠡ ᠡᠮᠨᠡᠯᠭᠡ᠎ᠶ᠋ᠢᠨ ᠬᠣᠷᠢᠶ᠎ᠠ ᠵᠢᠨ ᠬᠢᠨ ᠣᠨᠴᠠᠯᠢᠭ ᠳᠠᠪᠠᠭᠤᠯᠢᠭ᠎ᠢᠶᠠᠨ ᠪᠠᠳᠠᠷᠠᠭᠤᠯᠵᠤ᠂ ᠦᠷᠭᠡᠨ ᠤᠯᠠᠨ ᠵᠡᠮᠳᠡᠭᠴᠦᠳ᠎ᠲᠦ ᠪᠣᠳᠠᠲᠤ ᠠᠱᠢᠭ ᠪᠠ ᠳᠥᠭᠥᠮ ᠦᠵᠡᠭᠦᠯᠪᠠ᠃ ᠬᠥᠬᠡᠬᠣᠲᠠ᠎ᠶ᠋ᠢᠨ ᠬᠢᠲᠠᠳ ᠮᠣᠩᠭᠣᠯ ᠡᠮᠨᠡᠯᠭᠡ᠎ᠶ᠋ᠢᠨ ᠬᠣᠷᠢᠶ᠎ᠠ ᠬᠢᠲᠠᠳ ᠮᠣᠩᠭᠣᠯ ᠡᠮᠨᠡᠯᠭᠡ᠎ᠶ᠋ᠢᠨ ᠣᠨᠴᠠᠯᠢᠭ᠍ᠲᠤ ᠡᠷᠡᠭᠦᠯᠵᠢᠯ᠎ᠤᠨ ᠠᠵᠢᠯᠯᠠᠭ᠎ᠠ ᠭᠠᠷᠭᠠᠪᠠ; ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ᠎ᠨᠢ ᠡᠮᠡᠭ᠌ᠲᠡᠢᠴᠦᠳ ᠬᠡᠦᠬᠡᠳ ᠵᠡᠮᠳᠡᠭ ᠬᠥᠮᠦᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠦᠨ᠎ᠡ ᠲᠥᠯᠥᠪᠦᠷᠢ ᠥᠬᠡᠶ᠎ᠪᠡᠷ ᠪᠠᠢᠴᠠᠭᠠᠬᠤ᠂ ᠵᠠᠷᠤᠳᠠᠯ᠎ᠢ᠎ᠨᠢ ᠬᠠᠰᠤᠵᠤ ᠬᠡᠯᠲᠦᠷᠢᠭᠦᠯᠬᠦ᠌ ᠵᠡᠷᠭᠡ ᠦᠶ᠋ᠯᠡᠴᠢᠯᠡᠭᠡ ᠬᠠᠩᠭᠠᠪᠠ; ᠪᠤᠭᠤᠲᠤ ᠬᠣᠲᠠ᠎ᠶ᠋ᠢᠨ ᠳᠥᠷᠪᠡᠳᠦᠭᠡᠷ ᠡᠮᠨᠡᠯᠭᠡ᠎ᠶ᠋ᠢᠨ ᠬᠣᠷᠢᠶ᠎ᠠ ᠵᠡᠮᠳᠡᠭ᠌ᠴᠦᠳ᠎ᠲᠦ ᠬᠠᠷᠠᠭᠠᠯᠵᠠᠯ ᠦᠵᠡᠭᠦᠯᠬᠦ᠌ ᠬᠣᠷᠢᠨ ᠵᠤᠷᠪᠤᠰ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠡᠪᠡᠳᠴᠢᠨ ᠦᠵᠡᠭᠦᠯᠬᠦ᠌ ᠠᠵᠤ ᠠᠬᠤᠶ᠎ᠶ᠋ᠢᠨ ᠳᠠᠷᠤᠭᠠᠰᠤ᠎ᠶ᠋ᠢ ᠬᠥᠩᠭᠡᠷᠡᠭᠦᠯᠪᠡ᠃

ᠲᠠᠷᠠᠭᠠᠴᠢ᠎ᠶ᠋ᠢᠨ ᠠᠯᠬᠤᠮ᠎ᠳᠤ᠂ ᠥᠪᠥᠷ ᠮᠣᠩᠭᠣᠯ᠎ᠤᠨ ᠵᠡᠮᠳᠡᠭ᠌ᠴᠦᠳ᠎ᠦᠨ ᠬᠣᠯᠪᠣᠭ᠎ᠠ ᠲᠤᠷᠱᠢᠯᠲᠠ᠎ᠶ᠋ᠢᠨ ᠴᠡᠭ᠎ᠦᠨ ᠦᠷ᠎ᠡ ᠪᠦᠲᠦᠮᠵᠢ᠎ᠳᠦ ᠲᠦᠱᠢᠭ᠌ᠯᠡᠵᠦ᠍᠂ 2026 ᠣᠨ᠎ᠠᠴᠠ 2027 ᠣᠨ ᠪᠣᠯᠲᠠᠯᠠᠬᠢ ᠬᠣᠶᠠᠷ ᠵᠢᠯ᠎ᠦᠨ ᠳᠣᠲᠣᠷ᠎ᠠ᠂ 12 ᠠᠢᠮᠠᠭ ᠬᠣᠲᠠ᠎ᠳᠤ ᠲᠣᠰ ᠲᠣᠰ ᠨᠢᠭᠡ 《ᠵᠡᠮᠳᠡᠭ᠌ᠴᠦᠳ᠎ᠲᠤ ᠨᠥᠬᠥᠷᠰᠡᠭ ᠡᠮᠴᠢᠯᠡᠭᠡᠨ᠎ᠦ ᠪᠠᠢᠭᠤᠯᠤᠮᠵᠢ》 ᠶ᠋ᠢ ᠪᠠᠢᠭᠤᠯᠵᠦ᠂ ᠨᠠᠩ ᠣᠯᠠᠨ ᠡᠮᠴᠢᠯᠡᠭᠡᠨ᠎ᠦ ᠬᠦᠴᠦᠨ᠎ᠢ ᠨᠢᠭ᠍ᠲᠠᠷᠠᠭᠤᠯᠵᠤ᠂ ᠵᠡᠮᠳᠡᠭ᠌ᠴᠦᠳ᠎ᠦᠨ ᠬᠦᠷᠲᠡᠮᠵᠢ᠎ᠶ᠋ᠢᠨ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ ᠪᠠ ᠵᠣᠯ ᠵᠢᠷᠭᠠᠯᠲᠦ ᠲᠥᠷᠥᠭ᠌ᠳᠡᠯ᠎ᠢ ᠳᠡᠭᠡᠭ᠌ᠰᠢᠯᠡᠭᠦᠯᠬᠦ᠌᠎ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号