ᠯᠧᠢ ᠹᠧᠩ᠎ᠦᠨ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠤ ᠡᠷᠡᠯᠬᠡᠭ᠌ᠯᠡᠨ ᠤᠷᠤᠭ᠍ᠰᠢᠯᠠᠬᠤ ᠬᠦᠴᠦᠨ ᠵᠦᠢᠯ᠎ᠢ ᠱᠢᠩᠭᠡᠭᠡᠨ ᠠᠪᠤᠨ᠎ᠠ
2026-03-26 17:07:19
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠱᠢᠨ᠎ᠡ ᠴᠠᠭ ᠦᠶ᠎ᠡ᠎ᠶ᠋ᠢᠨ ᠯᠸᠢ ᠹᠸᠩ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠦ᠂ ᠥᠯᠢᠭᠡᠷ ᠳᠠᠭᠤᠷᠢᠶᠠᠯ᠎ᠤᠨ ᠡᠷᠡᠯᠬᠡᠭ᠌ᠯᠡᠨ ᠤᠷᠤᠭ᠍ᠰᠢᠯᠠᠬᠤ ᠬᠦᠴᠦᠨ ᠵᠦᠢᠯ᠎ᠢ ᠱᠢᠩᠭᠡᠭᠡᠨ ᠠᠪᠬᠤ᠎ᠶ᠋ᠢᠨ ᠲᠥᠯᠥᠭᠡ᠂ ᠣᠢᠷ᠎ᠠ᠎ᠳᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠬᠠᠮᠠᠳ ᠺᠠᠳ᠋ᠷ᠎ᠤᠨ ᠲᠣᠪᠴᠢᠶ᠎ᠠ᠎ᠶ᠋ᠢᠨ ᠬᠡᠰᠡᠭ ᠭᠠᠵᠠᠷ ᠲᠠᠰᠤᠭ᠎ᠤᠨ ᠨᠠᠮ᠎ᠤᠨ ᠡᠭᠦᠷ ᠬᠠᠮᠲᠤᠷᠠᠨ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ 《ᠯᠸᠢ ᠹᠸᠩ᠎ᠠᠴᠠ ᠳᠠᠭᠠᠨ ᠰᠤᠷᠤᠯᠴᠠᠵᠤ ᠦᠵᠡᠬᠦᠯᠭᠡ᠎ᠵᠢ ᠰᠣᠨᠢᠷᠬᠠᠬᠤ》 ᠭᠤᠤᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ᠎ᠶ᠋ᠢ ᠥᠷᠨᠢᠭᠦᠯᠪᠡ᠃ 

ᠠᠵᠢᠯᠯᠠᠭ᠎ᠠ᠎ᠶ᠋ᠢᠨ ᠠᠬᠤᠶ ᠲᠠᠯᠠᠪᠠᠶ᠎ᠳᠤ᠂ ᠪᠥᠬᠥ᠌ ᠨᠠᠮ᠎ᠤᠨ ᠭᠡᠱᠢᠭᠦᠳ《ᠥᠨᠢᠳᠡ᠎ᠶ᠋ᠢᠨ ᠳᠠᠭᠤᠷᠢᠶᠠᠯ — 2026 ᠣᠨ᠎ᠤ ᠯᠸᠢ ᠹᠸᠩ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ ᠭᠤᠤᠯ ᠰᠡᠳᠦᠪᠲᠦ ᠦᠵᠡᠭᠦᠯᠬᠡ》 ᠶ᠋ᠢ ᠡᠮᠬᠢ ᠵᠢᠷᠤᠮ᠎ᠲᠠᠶ᠎ᠪᠠᠷ ᠲᠣᠭᠣᠷᠢᠨ ᠦᠵᠡᠪᠡ᠃ ᠣᠯᠠᠨ᠎ᠢᠶᠠᠷ᠎ᠢᠶᠠᠨ ᠬᠣᠪᠣᠷ ᠨᠠᠨᠳᠢᠨ ᠭᠡᠷᠡᠯ ᠵᠢᠷᠤᠭ᠂ ᠪᠣᠳᠠᠲᠤ ᠪᠣᠳᠠᠰ᠎ᠤᠨ ᠦᠵᠡᠬᠦᠯᠭᠡ᠎ᠶ᠋ᠢᠨ ᠡᠮᠦᠨ᠎ᠡ ᠵᠣᠭ᠍ᠰᠣᠨ᠂ ᠯᠸᠢ ᠹᠸᠩ᠎ᠤᠨ ᠵᠣᠷᠢᠭ ᠰᠠᠨᠠᠭᠠᠨ᠎ᠤ ᠴᠠᠭ ᠦᠶ᠎ᠡ᠎ᠶ᠋ᠢᠨ ᠠᠭᠤᠯᠤᠭ᠍ᠳᠠᠬᠤᠨ ᠪᠠ ᠦᠢᠯᠡᠳᠦᠯᠭᠡ᠎ᠶ᠋ᠢᠨ ᠦᠨ᠎ᠡ ᠥᠷᠲᠡᠭ᠎ᠢ ᠭᠦᠨᠵᠡᠭᠡᠶ ᠣᠢᠯᠠᠭᠠᠵᠤ᠂ ᠲᠡᠦᠬᠡ᠎ᠶ᠋ᠢ ᠡᠷᠭᠢᠴᠡᠭᠦᠯᠬᠦ᠌᠎ᠳᠡᠭᠡᠨ ᠨᠢᠭᠡ ᠤᠳᠠᠭᠠᠨ᠎ᠤ ᠭᠦᠨ ᠭᠦᠨᠵᠡᠭᠡᠶ ᠨᠠᠮᠴᠢ ᠴᠢᠨᠠᠷ᠎ᠤᠨ ᠬᠥᠮᠦᠵᠢᠯ ᠪᠠ ᠣᠶᠤᠨ ᠰᠠᠨᠠᠭᠠᠨ᠎ᠤ ᠠᠷᠢᠭᠤᠳᠬᠠᠯ ᠭᠥᠷᠳᠡᠪᠡ᠃ ᠠᠵᠢᠯᠯᠠᠭ᠎ᠠ᠎ᠳᠤ ᠣᠷᠣᠯᠴᠠᠭ᠍ᠰᠠᠨ ᠨᠠᠮ᠎ᠤᠨ ᠭᠡᠱᠢᠭᠦᠨ ᠺᠠᠳ᠋ᠷᠴᠤᠳ ᠡᠴᠡ᠂ ᠲᠣᠰ ᠤᠳᠠᠭᠠᠨ᠎ᠤ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠪᠡᠷ ᠠᠵᠠ ᠲᠣᠬᠢᠶᠠᠯ ᠪᠣᠯᠭᠠᠵᠤ᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠡᠳᠦᠷ ᠲᠤᠲᠤᠮ᠎ᠤᠨ ᠠᠵᠢᠯ ᠠᠮᠢᠳᠤᠷᠠᠯ᠎ᠳᠠᠭᠠᠨ ᠠᠭᠤᠰᠭᠠᠨ ᠣᠷᠣᠭᠤᠯᠵᠤ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠠᠬᠠᠮᠠᠳ ᠨᠥᠬᠥᠳ᠎ᠲᠦ ᠦᠶ᠋ᠯᠡᠴᠢᠯᠡᠬᠦ᠌ ᠠᠵᠠ ᠲᠣᠬᠢᠶᠠᠯ ᠵᠢᠡᠨ ᠬᠤᠪᠢ ᠳᠠᠬᠢᠨ ᠨᠠᠨᠳᠢᠩᠨᠠᠵᠤ᠂ ᠠᠬᠠᠮᠠᠳ ᠨᠥᠬᠥᠳ᠎ᠲᠦ ᠦᠨᠡᠨ ᠰᠡᠳᠭᠢᠯ᠎ᠡᠴᠡ᠎ᠪᠡᠨ ᠰᠠᠢᠲᠤᠷ ᠦᠶ᠋ᠯᠡᠴᠢᠯᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ 《ᠪᠥᠬᠥ᠌ ᠰᠡᠳᠭᠢᠯ ᠪᠥᠬᠥ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠶ᠋ᠯᠡᠴᠢᠯᠡᠬᠦ᠌》 ᠦᠨᠳᠦᠰᠦᠨ ᠵᠣᠷᠢᠯᠲᠠ᠎ᠶ᠋ᠢ ᠦᠶ᠋ᠯᠡᠳᠦᠯᠭᠡᠵᠢᠭᠦᠯᠵᠦ᠍᠂ ᠠᠬᠠᠮᠠᠳ ᠺᠠᠳ᠋ᠷᠴᠤᠳ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号