ᠤᠢ᠍ᠢᠷᠡᠳ᠋ᠤ᠂ ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠡᠷᠡᠭᠦᠯᠵᠢᠯ᠎ᠦᠨ ᠬᠡᠯᠲᠡᠰ ᠪᠠ ᠦᠪᠦᠷ ᠮᠤᠩᠭᠤᠯ᠎ᠤᠨ ᠤᠯᠠᠭᠠᠨ ᠵᠠᠭᠠᠯᠮᠠᠢ᠌ᠳᠠᠨᠤ ᠨᠡᠢᠭᠡᠮᠯᠢᠭ᠎ᠤᠨ ᠬᠢᠨ ᠠᠯᠠᠱᠠ ᠠᠢᠮᠠᠭ᠎ᠲᠤ ᠬᠦᠷᠴᠦ᠍ ᠲᠤᠰᠭᠠᠢ ᠪᠠᠢᠴᠠᠭᠠᠨ ᠰᠤᠳᠤᠯᠤᠯᠲᠠ ᠥᠷᠨᠢᠭᠦᠯᠵᠦ᠍᠂ ᠤᠯᠠᠭᠠᠨ ᠵᠠᠭᠠᠯᠮᠠᠢ᠌ᠳᠠᠨᠤ ᠲᠦᠭᠡᠮᠡᠯ ᠬᠠᠢᠷ᠎ᠠ᠎ᠶ᠋ᠢᠨ ᠡᠷᠡᠭᠦᠯᠵᠢᠯ᠎ᠦᠨ ᠲᠠᠰᠤᠭ᠎ᠤᠨ ᠲᠦᠷᠦᠯ ᠵᠦᠢᠯ᠎ᠦᠨ ᠭᠠᠵᠠᠷ᠎ᠢ ᠰᠣᠩᠭᠣᠬᠤ ᠵᠢᠴᠢ ᠪᠦᠳᠦᠭᠡᠨ ᠪᠠᠢᠭᠤᠯᠤᠯᠲᠠ᠎ᠶ᠋ᠢᠨ ᠰᠠᠭᠤᠷᠢ ᠨᠥᠬᠥᠴᠡᠯ᠎ᠢ ᠱᠢᠨᠵᠢᠯᠡᠨ ᠪᠠᠢᠴᠠᠭᠠᠪᠠ᠃
ᠪᠠᠢᠴᠠᠭᠠᠨ ᠰᠤᠳᠤᠯᠬᠤ ᠳᠤᠭᠤᠢᠯᠠᠩ᠎ᠤᠨ ᠬᠢᠨ ᠠᠯᠠᠱᠠ ᠠᠢᠮᠠᠭ᠎ᠤᠨ ᠵᠡᠮᠳᠡᠭ᠌ᠴᠦᠳ᠎ᠦᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠥᠪ᠎ᠲᠦ ᠭᠦᠨᠵᠡᠭᠡᠢᠷᠡᠨ᠂ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠦᠵᠡᠬᠦ᠌᠂ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠨ ᠲᠥᠪ᠎ᠦᠨ ᠣᠲᠣ᠎ᠶ᠋ᠢᠨ ᠪᠠᠢᠭ᠎ᠠ ᠲᠠᠯᠠᠪᠤᠷ ᠭᠠᠵᠠᠷ᠎ᠤᠨ ᠪᠠᠢᠷᠢᠱᠢᠯ᠂ ᠲᠣᠨᠣᠭ ᠲᠥᠬᠥᠭᠡᠷᠦᠮᠵᠢ᠎ᠶ᠋ᠢᠨ ᠲᠣᠬᠢᠷᠠᠭᠤᠯᠤᠯᠲᠠ᠂ ᠠᠵᠢᠯᠲᠠᠨ᠎ᠤ ᠲᠣᠬᠢᠷᠠᠭᠤᠯᠤᠯᠲᠠ᠂ ᠦᠶ᠋ᠯᠡᠴᠢᠯᠡᠭᠡ ᠥᠷᠨᠢᠭᠦᠯᠦᠭ᠌ᠰᠡᠨ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠡᠷᠡᠭᠦᠯᠵᠢᠯ᠎ᠤᠨ ᠲᠠᠰᠤᠭ ᠪᠠᠢᠭᠤᠯᠬᠤ ᠣᠷᠣᠨ ᠪᠦᠰᠡ᠎ᠶ᠋ᠢᠨ ᠣᠷᠣᠨ ᠵᠠᠶ᠎ᠶ᠋ᠢᠨ ᠨᠥᠬᠥᠴᠡᠯ᠂ ᠰᠠᠭᠤᠷᠢ ᠲᠥᠬᠥᠭᠡᠷᠦᠮᠵᠢ᠎ᠶ᠋ᠢ ᠢᠵᠢ ᠪᠦᠷᠢᠳᠦᠭᠦᠯᠦᠭᠰᠡᠨ ᠪᠠᠢᠳᠠᠯ ᠵᠡᠷᠭᠡ ᠭᠤᠤᠯ ᠡᠯᠧᠮᠧᠨ᠋ᠲ᠎ᠢ ᠭᠤᠤᠯᠳᠠᠯᠭ᠎ᠠ᠎ᠲᠠᠶ ᠬᠠᠷᠭᠤᠭᠤᠯᠤᠨ ᠪᠠᠢᠴᠠᠭᠠᠪᠠ᠃
ᠪᠠᠢᠴᠠᠭᠠᠨ ᠰᠤᠳᠤᠯᠬᠤ ᠳᠤᠭᠤᠢᠯᠠᠩ ᠡᠴᠡ᠂ ᠠᠯᠠᠱᠠ ᠠᠢᠮᠠᠭ᠎ᠤᠨ ᠵᠡᠮᠳᠡᠭ᠌ᠴᠦᠳ᠎ᠦᠨ ᠬᠣᠯᠪᠣᠭ᠎ᠠ ᠪᠠ ᠠᠯᠠᠱᠠ ᠠᠢᠮᠠᠭ᠎ᠤᠨ ᠤᠯᠠᠭᠠᠨ ᠵᠠᠭᠠᠯᠮᠠᠢ᠌ᠳᠠᠨᠤ ᠨᠡᠢᠭᠡᠮᠯᠢᠭ᠎ᠦᠨ ᠬᠢᠨ ᠦᠵᠡᠯ ᠰᠠᠨᠠᠭ᠎ᠠ ᠲᠠᠨᠢᠯᠲᠠ᠎ᠪᠠᠨ ᠳᠡᠭᠡᠭ᠌ᠰᠢᠯᠡᠭᠦᠯᠵᠦ᠍᠂ ᠤᠯᠠᠭᠠᠨ ᠵᠠᠭᠠᠯᠮᠠᠢ᠌ᠳᠠᠨᠤ ᠲᠦᠭᠡᠮᠡᠯ ᠬᠠᠢᠷ᠎ᠠ᠎ᠶ᠋ᠢᠨ ᠡᠷᠡᠭᠦᠯᠵᠢᠯ᠎ᠦᠨ ᠲᠠᠰᠤᠭ᠎ᠤᠨ ᠲᠦᠷᠦᠯ ᠵᠦᠢᠯ᠎ᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠪᠣᠯᠭᠠᠨ ᠪᠣᠳᠠᠲᠠᠢ ᠠᠳᠭᠤᠵᠤ ᠨᠠᠷᠢᠯᠢᠭ ᠠᠳᠭᠤᠵᠤ᠂ ᠪᠦᠳᠦᠭᠡᠨ ᠪᠠᠢᠭᠤᠯᠬᠤ᠎ᠪᠠᠷ ᠪᠠᠢᠭ᠎ᠠ ᠦᠨᠡᠯᠡᠨ ᠵᠢᠱ᠌ᠢᠬᠦ᠌ ᠲᠠᠰᠤᠭ᠂ ᠤᠯᠠᠨ ᠰᠡᠷᠡᠯ᠎ᠦᠨ ᠡᠷᠬᠡᠲᠡᠨ᠎ᠦ ᠬᠢᠴᠢᠶᠡᠯ᠎ᠦᠨ ᠭᠡᠷ᠎ᠦᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠ᠎ᠲᠠᠶ ᠤᠶᠠᠯᠳᠤᠭᠤᠯᠵᠤ᠂ ᠲᠠᠯᠠᠪᠤᠷ ᠭᠠᠵᠠᠷ᠎ᠤᠨ ᠪᠠᠢᠷᠢᠱᠢᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠡᠷᠡᠭᠦᠯᠵᠢᠯ᠎ᠦᠨ ᠲᠥᠬᠥᠭᠡᠷᠦᠮᠵᠢ᠎ᠶ᠋ᠢ ᠵᠣᠬᠢᠰᠲᠠᠢ ᠲᠤᠬᠢᠷᠠᠭᠤᠯᠵᠤ᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠶ᠋ᠢ ᠴᠢᠩᠭ᠎ᠠ ᠵᠢᠷᠤᠮᠯᠠᠨ ᠬᠡᠷᠡᠭ᠌ᠵᠢᠭᠦᠯᠬᠦ᠌ ᠬᠡᠷᠡᠭ᠌ᠲᠡᠢ᠃ ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠠᠵᠢᠯ᠎ᠢ ᠠᠬᠢᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠶᠠᠪᠤᠴᠠ᠎ᠳᠠᠬᠢ ᠬᠦᠴᠢᠷ ᠠᠰᠠᠭᠤᠳᠠᠯ᠎ᠢ ᠴᠠᠭ ᠲᠤᠬᠠᠶ᠎ᠳᠤᠨᠢ ᠱᠢᠶ᠋ᠳᠪᠦᠷᠢᠯᠡᠵᠦ᠍᠂ ᠲᠥᠷᠥᠯ ᠵᠦᠶ᠋ᠯ᠎ᠢ ᠡᠷᠲᠡᠬᠡᠨ ᠪᠠᠢᠭᠤᠯᠵᠤ ᠳᠠᠭᠤᠰᠭᠠᠨ ᠠᠱᠢᠭ᠍ᠯᠠᠯᠲᠠ᠎ᠳᠤ ᠣᠷᠣᠭᠤᠯᠬᠤ᠎ᠶ᠋ᠢ ᠪᠠᠲᠤᠯᠠᠬᠤ ᠬᠡᠷᠡᠭ᠌ᠲᠡᠶ ᠭᠡᠵᠦ ᠱᠠᠭᠠᠷᠳᠠᠪᠠ᠃