《ᠤᠬᠠᠭᠤᠯᠭ᠎ᠠ + ᠡᠮᠴᠢᠯᠡᠭᠡ》 ᠵᠢᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠵᠢᠯᠯᠠᠭ᠎ᠠ ᠶᠠᠪᠤᠬᠲᠠᠪᠠ
2026-03-26 16:58:33
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠰᠠᠢᠨ ᠳᠤᠷᠠᠴᠤᠳ ᠢ᠋ ᠢᠳᠡᠪᠬᠢᠲᠡᠢ᠎ᠪᠡᠷ ᠵᠣᠬᠢᠶᠠᠨ ᠪᠠᠢᠭᠤᠯᠤᠨ 《ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠤᠬᠠᠭᠤᠯᠭ᠎ᠠ + ᠡᠷᠡᠭᠦᠯ ᠮᠡᠨᠳᠦ᠎ᠶᠢᠨ ᠠᠯᠪᠠᠨ ᠵᠢᠷᠤᠮ᠎ᠤᠨ ᠡᠮᠴᠢᠯᠡᠭᠡ》 ᠵᠢᠨ ᠰᠠᠢᠨ ᠳᠤᠷ᠎ᠠ᠎ᠶᠢᠨ ᠦᠢᠯᠡᠴᠢᠯᠡᠭᠡᠨ᠎ᠤ ᠠᠵᠢᠯᠯᠠᠭ᠎ᠠ᠎ᠶᠢ ᠥᠷᠨᠢᠭᠦᠯᠵᠦ᠂ ᠠᠵᠢᠯᠲᠠᠨ ᠠᠵᠢᠯᠴᠢᠨ ᠲᠦᠮᠡᠨ᠎ᠳᠦ ᠦᠢᠯᠡᠴᠢᠯᠡᠪᠡ᠃ 

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠲᠤᠬᠠᠢ᠎ᠶᠢᠨ ᠲᠠᠯᠠᠪᠤᠷ᠎ᠲᠤ ᠰᠠᠢᠨ ᠳᠤᠷ᠎ᠠ᠎ᠶᠢᠨ ᠦᠢᠯᠡᠴᠢᠯᠡᠭᠡᠨ᠎ᠦ ᠦᠵᠡᠭᠦᠯᠭᠡ᠎ᠶᠢᠨ ᠪᠠᠢᠷᠢ ᠭᠠᠷᠭᠠᠵᠤ᠂ ᠠᠵᠢᠯᠲᠠᠨ ᠠᠵᠢᠯᠴᠢᠨ᠎ᠤ ᠡᠮᠴᠢᠯᠡᠭᠡᠨ᠎ᠦ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ ᠪᠠ ᠡᠷᠡᠭᠦᠯ ᠮᠡᠨᠳᠦ᠎ᠶᠢᠨ ᠠᠯᠪᠠᠨ ᠵᠢᠷᠤᠮ᠎ᠤᠨ ᠡᠮᠴᠢᠯᠡᠭᠡ ᠭᠡᠬᠦ ᠬᠣᠶᠠᠷ ᠶᠡᠬᠡ ᠠᠭᠤᠯᠭ᠎ᠠ᠎ᠶᠢᠨ ᠲᠣᠭᠣᠷᠢᠨ᠎ᠳᠤ ᠦᠢᠯᠡᠴᠢᠯᠡᠭᠡ ᠦᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠰᠠᠢᠨ ᠳᠤᠷᠠᠴᠤᠳ ᠠᠵᠢᠯᠲᠠᠨ ᠠᠵᠢᠯᠴᠢᠨ ᠣᠯᠠᠨ ᠲᠦᠮᠡᠨ᠎ᠳᠦ ᠠᠵᠢᠯᠲᠠᠨ ᠠᠵᠢᠯᠴᠢᠨ᠎ᠤ ᠡᠮᠴᠢᠯᠡᠭᠡᠨ᠎ᠦ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ᠎ᠶᠢᠨ ᠳᠠᠭᠠᠳᠬᠠᠯ᠎ᠳᠤ ᠣᠷᠣᠯᠴᠠᠬᠤ ᠨᠥᠬᠥᠴᠡᠯ᠂ ᠪᠠᠲᠤᠯᠠᠭ᠎ᠠ᠎ᠶᠢᠨ ᠬᠡᠪᠴᠢᠶ᠎ᠡ᠂ ᠲᠠᠩᠰᠠ ᠲᠠᠢᠯᠬᠤ ᠶᠠᠪᠤᠴᠠ ᠵᠡᠷᠭᠡ ᠲᠥᠷᠥ᠎ᠶᠢᠨ ᠪᠣᠳᠣᠯᠭ᠎ᠠ᠎ᠶᠢᠨ ᠠᠭᠤᠯᠭ᠎ᠠ᠎ᠶᠢ ᠨᠠᠷᠢᠨ ᠨᠢᠮᠪᠠᠢ ᠲᠠᠢᠯᠪᠤᠷᠢᠯᠠᠨ ᠥᠭᠴᠦ᠂ ᠤᠬᠠᠭᠤᠯᠭ᠎ᠠ᠎ᠶᠢᠨ ᠮᠠᠲᠧᠷᠢᠶᠠᠯ ᠪᠠ ᠤᠬᠠᠭᠤᠯᠭ᠎ᠠ᠎ᠶᠢᠨ ᠪᠤᠲᠠᠰ ᠲᠠᠷᠬᠠᠭᠠᠵᠤ᠂ ᠠᠵᠢᠯᠲᠠᠨ ᠠᠵᠢᠯᠴᠢᠨ᠎ᠢ ᠬᠠᠪᠰᠤᠷᠤᠨ ᠠᠵᠢᠯᠴᠢᠨ᠎ᠤ ᠡᠪᠯᠡᠯ᠎ᠦᠨ ᠦᠢᠯᠡᠴᠢᠯᠡᠭᠡᠨ᠎ᠦ ᠲᠥᠷᠥ᠎ᠶᠢᠨ ᠪᠣᠳᠣᠯᠭ᠎ᠠ᠎ᠶᠢ ᠨᠠᠩ ᠰᠠᠢᠨ ᠣᠢᠯᠠᠭᠠᠭᠤᠯᠵᠤ᠂ ᠥᠪᠡᠷ᠎ᠢ᠎ᠪᠡᠨ ᠪᠠᠲᠤᠯᠠᠬᠤ ᠦᠵᠡᠯ ᠤᠬᠠᠮᠰᠠᠷ᠎ᠢ ᠨᠢ ᠳᠡᠭᠡᠭᠰᠢᠯᠡᠭᠦᠯᠪᠡ᠃ 

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠰᠠᠢᠨ ᠳᠤᠷᠠᠴᠤᠳ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠎ᠤᠨ ᠠᠵᠢᠯᠴᠢᠨ᠂ ᠲᠦᠷᠭᠡᠨ ᠬᠦᠷᠭᠡᠭᠴᠢ᠂ ᠵᠠᠬᠢᠶᠠᠯᠠᠭ᠎ᠠ᠎ᠶᠢᠨ ᠪᠤᠲᠠᠰ ᠬᠦᠷᠬᠡᠭᠴᠢ ᠵᠡᠷᠭᠡ ᠬᠥᠳᠡᠯᠮᠦᠷᠢᠴᠢᠨ ᠵᠢᠴᠢ ᠡᠷᠬᠢᠨ ᠲᠣᠭᠣᠷᠢᠨ᠎ᠤ ᠣᠯᠠᠨ ᠲᠦᠮᠡᠨ᠎ᠳᠦ ᠰᠦᠢᠳᠬᠡᠯ ᠬᠤᠷᠢᠶᠠᠬᠤ ᠦᠭᠡᠢ᠎ᠪᠡᠷ ᠴᠢᠰᠤᠨ ᠳᠠᠷᠤᠯᠲᠠ᠂ ᠴᠢᠰᠤᠨ ᠰᠢᠬᠢᠷ᠎ᠢ ᠬᠡᠮᠵᠢᠵᠦ᠂ ᠡᠷᠡᠭᠦᠯ ᠮᠡᠨᠳᠦ᠎ᠶᠢᠨ ᠯᠠᠪᠯᠠᠭ᠎ᠠ ᠪᠠ ᠪᠠᠢᠩᠭᠤ ᠲᠣᠬᠢᠶᠠᠯᠳᠤᠳᠠᠭ ᠡᠪᠡᠳᠴᠢᠨ᠎ᠢ ᠰᠡᠷᠭᠡᠢᠯᠡᠨ ᠵᠠᠰᠠᠬᠤ ᠵᠢᠯᠣᠭᠣᠳᠤᠯᠭ᠎ᠠ ᠬᠠᠩᠭᠠᠪᠠ᠃

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ ᠨᠢ ᠠᠵᠢᠯᠲᠠᠨ ᠠᠵᠢᠯᠴᠢᠨ ᠲᠦᠮᠡᠨ᠎ᠦ 《ᠲᠥᠷᠬᠦᠮ᠎ᠦᠨ ᠬᠦᠮᠦᠨ》 ᠪᠣᠯᠤᠭᠰᠠᠨ᠎ᠤ ᠬᠤᠪᠢ᠎ᠳᠤ᠂ ᠲᠣᠰ ᠤᠳᠠᠭᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠵᠤ᠂ 《ᠪᠢ ᠣᠯᠠᠨ ᠲᠦᠮᠡᠨ᠎ᠳᠦ ᠪᠣᠳᠠᠲᠤ ᠠᠵᠢᠯ ᠬᠢᠵᠦ ᠦᠭᠬᠦ》 ᠦᠢᠯᠡᠳᠦᠯᠭᠡ᠎ᠶᠢᠨ ᠠᠵᠢᠯᠯᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠠᠵᠢᠯᠲᠠᠨ ᠠᠵᠢᠯᠴᠢᠨ᠎ᠤ ᠰᠠᠢᠨ ᠳᠤᠷ᠎ᠠ᠎ᠶᠢᠨ ᠦᠢᠯᠡᠴᠢᠯᠡᠭᠡ᠎ᠶᠢ ᠪᠠᠢᠩᠭᠤᠵᠢᠭᠤᠯᠬᠤ ᠪᠠ ᠳᠦᠷᠢᠮᠵᠢᠭᠦᠯᠬᠦ᠎ᠶᠢ ᠠᠬᠢᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠢᠨ᠎ᠡ ᠠᠶᠠᠨ ᠵᠠᠮ᠎ᠳᠤ ᠬᠤᠪᠢ ᠨᠡᠮᠡᠷᠢ ᠦᠵᠡᠭᠦᠯᠬᠦ ᠪᠤᠯᠤᠨ᠎ᠠ ᠬᠡᠵᠦ ᠢᠯᠡᠷᠬᠡᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号