ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠬᠠᠮᠤᠭ᠎ᠤᠨ ᠰᠢᠨ᠎ᠡ ᠵᠠᠷᠯᠠᠯ
2026-03-26 15:29:58
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠰᠦᠯᠵᠢᠶ᠎ᠡ᠎ᠶᠢᠨ ᠮᠡᠳᠡᠭᠡ᠎ᠶᠢ ᠦᠨᠳᠦᠰᠦᠯᠡᠪᠡᠯ᠂ 3 ᠰᠠᠷ᠎ᠠ᠎ᠶᠢᠨ 25 ᠎ᠤ ᠡᠳᠦᠷ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ 2026 ᠣᠨ᠎ᠤ 2 ᠰᠠᠷ᠎ᠠ᠎ᠳᠤ ᠪᠥᠬᠥ ᠤᠯᠤᠰ ᠲᠤ᠌ ᠲᠥᠪ᠎ᠤᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠡᠴᠡ ᠵᠥᠷᠢᠴᠡᠭᠰᠡᠨ ᠠᠰᠠᠭᠤᠳᠠᠯ ᠎ᠢ ᠪᠠᠢᠴᠠᠭᠠᠨ ᠰᠢᠢᠳᠪᠦᠷᠢᠯᠡᠭᠰᠡᠨ ᠬᠤᠷᠢᠶᠠᠩᠭᠤᠢ ᠪᠠᠢᠳᠠᠯ᠎ᠢ ᠨᠡᠢᠲᠡᠯᠡᠪᠡ᠃ ᠲᠣᠰ ᠰᠠᠷ᠎ᠠ᠎ᠳᠤ᠂ ᠪᠥᠬᠥ ᠤᠯᠤᠰ᠎ᠲᠤ ᠲᠥᠪ᠎ᠤᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠡᠴᠡ ᠵᠥᠷᠢᠴᠡᠭᠰᠡᠨ ᠠᠰᠠᠭᠤᠳᠠᠯ᠎ᠢ ᠨᠡᠶ᠋ᠢᠲᠡ 16299 ᠪᠠᠢᠴᠠᠭᠠᠨ ᠰᠢᠢᠳᠪᠦᠷᠢᠯᠡᠵᠦ᠂ 20350 ᠬᠥᠮᠥᠨ᠎ᠢ ᠰᠢᠭᠦᠮᠵᠢᠯᠡᠨ ᠰᠤᠷᠭᠠᠭᠰᠠᠨ ᠪᠠ ᠰᠢᠢᠳᠪᠦᠷᠢᠯᠡᠪᠡ᠂ ᠡᠭᠦᠨ᠎ᠳᠦ 14012 ᠬᠥᠮᠥᠨ᠎ᠳᠦ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠶᠠᠪᠤᠳᠠᠯ᠎ᠤᠨ ᠰᠢᠢᠳᠬᠡᠯ ᠥᠭᠴᠠᠢ᠂ ᠡᠨᠡ ᠪᠣᠯ 150 ᠰᠠᠷ᠎ᠠ ᠳᠠᠷᠠᠭᠠᠯᠠᠨ ᠰᠠᠷ᠎ᠠ᠎ᠶᠢᠨ ᠮᠡᠳᠡᠭᠦᠯᠦᠯᠲᠡ᠎ᠶᠢᠨ ᠲᠣᠭ᠎ᠠ ᠪᠠᠷᠢᠮᠲᠠ᠎ᠶᠢ ᠨᠡᠢᠲᠡᠯᠡᠵᠦ ᠪᠠᠢᠭ᠎ᠠ ᠶᠠᠪᠤᠳᠠᠯ ᠪᠣᠯᠣᠨ᠎ᠠ᠃


640.png


ᠪᠠᠢᠴᠠᠭᠠᠨ ᠰᠢᠢᠳᠪᠦᠷᠢᠯᠡᠭᠰᠡᠨ ᠠᠰᠠᠭᠤᠳᠠᠯ᠎ᠤᠨ ᠲᠥᠷᠥᠯ ᠬᠡᠯᠪᠡᠷᠢ᠎ᠡᠴᠡ ᠦᠵᠡᠪᠡᠯ᠂ 2 ᠰᠠᠷ᠎ᠠ᠎ᠳᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠂ ᠠᠵᠤ ᠠᠬᠤᠢ ᠨᠡᠢᠭᠡᠮ᠎ᠦᠨ ᠬᠥᠭᠵᠢᠯᠲᠡ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠳᠤ ᠦᠢᠯᠡᠴᠢᠯᠡᠬᠦ ᠲᠠᠯ᠎ᠠ᠎ᠪᠠᠷ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠳᠤᠷ᠎ᠠ᠎ᠵᠤᠷᠢᠬ ᠵᠢᠨᠷ᠎ᠢᠶᠠᠨ ᠬᠢᠬᠦ᠂ ᠬᠤᠳᠠᠯ ᠬᠠᠭᠤᠷᠮᠠᠭ᠎ᠢᠶᠠᠷ ᠬᠢᠬᠦ᠂ ᠴᠢᠨᠠᠷ ᠰᠠᠢᠲᠠᠢ ᠬᠥᠭᠵᠢᠯᠲᠡ᠎ᠶᠢ ᠬᠦᠨᠳᠦ ᠨᠣᠴᠢᠲᠠᠢ ᠨᠥᠯᠥᠭᠡᠯᠡᠭᠰᠡᠨ ᠲᠠᠯ᠎ᠠ᠎ᠪᠠᠷ ᠬᠢ ᠠᠰᠠᠭᠤᠳᠠᠯ᠎ᠢ ᠨᠡᠶ᠋ᠢᠲᠡ 6817 ᠪᠠᠢᠴᠠᠭᠠᠨ ᠰᠢᠢᠳᠪᠦᠷᠢᠯᠡᠵᠦ᠂ ᠪᠠᠢᠴᠠᠭᠠᠨ ᠰᠢᠢᠳᠪᠦᠷᠢᠯᠡᠭᠰᠡᠨ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠤᠨ ᠪᠦᠬᠦ ᠲᠣᠭᠠᠨ᠎ᠤ 85.4% ᠎ᠶᠢ ᠡᠵᠡᠯᠡᠪᠡ᠃ ᠪᠠᠢᠴᠠᠭᠠᠨ ᠰᠢᠢᠳᠪᠦᠷᠢᠯᠡᠭᠰᠡᠨ ᠲᠣᠭᠲᠠᠭᠠᠯ ᠡᠴᠡ ᠵᠥᠷᠢᠴᠡᠨ ᠨᠠᠷᠠᠲᠤ ᠦᠨᠡᠲᠦ ᠣᠨᠴᠠ ᠭᠠᠷᠤᠯᠲᠠ ᠪᠠ ᠪᠡᠯᠡᠭ ᠰᠡᠯᠲᠡ ᠵᠤᠭᠤᠰ ᠮᠥᠩᠭᠥ ᠭᠥᠯᠢᠶᠡᠨ ᠠᠪᠤᠭᠰᠠᠨ ᠪᠠ ᠬᠦᠷᠭᠡᠭᠰᠡᠨ᠂ ᠲᠣᠭᠲᠠᠭᠠᠯ ᠡᠴᠡ ᠵᠥᠷᠢᠴᠡᠨ ᠢᠳᠡᠵᠦ ᠤᠤᠭᠤᠭᠰᠠᠨ᠂ ᠲᠣᠭᠲᠠᠭᠠᠯ ᠡᠴᠡ ᠵᠥᠷᠢᠴᠡᠨ ᠨᠡᠮᠡᠭᠦᠷᠢ ᠨᠥᠬᠥᠪᠦᠷᠢ ᠪᠤᠶᠤ ᠠᠰᠠᠷᠠᠮᠵᠢ ᠲᠠᠷᠬᠠᠭᠠᠭᠰᠠᠨ ᠵᠡᠷᠭᠡ 3 ᠲᠥᠷᠥᠯ᠎ᠦᠨ ᠠᠰᠠᠭᠤᠳᠠᠯ ᠨᠢ ᠲᠣᠰ ᠰᠠᠷ᠎ᠠ᠎ᠶᠢᠨ ᠪᠠᠢᠴᠠᠭᠠᠨ ᠰᠢᠢᠳᠪᠦᠷᠢᠯᠡᠭᠰᠡᠨ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ᠎ᠤᠨ ᠠᠰᠠᠭᠤᠳᠠᠯ᠎ᠤᠨ ᠪᠦᠬᠦ ᠲᠣᠭᠠᠨ᠎ᠤ 58.7%᠂ 21.3 %᠂ 10.5% ᠎ᠶᠢ ᠡᠵᠡᠯᠡᠪᠡ᠃

ᠪᠠᠢᠴᠠᠭᠠᠨ ᠰᠢᠢᠳᠪᠦᠷᠢᠯᠡᠭᠰᠡᠨ ᠲᠠᠰ ᠡᠴᠠ ᠦᠵᠡᠪᠡᠯ᠂ 2 ᠰᠠᠷ᠎ᠠ᠎ᠳᠤ ᠪᠥᠬᠥ ᠤᠯᠤᠰ᠎ᠲᠤ ᠮᠤᠵᠢ ᠶᠠᠮᠤᠨ᠎ᠤ ᠲᠠᠰ᠎ᠤᠨ ᠤᠳᠤᠷᠢᠳᠬᠤ ᠺᠠᠳ᠋ᠷ᠎ᠤᠨ ᠠᠰᠠᠭᠤᠳᠠᠯ᠎ᠢ 3᠂ ᠲᠤᠰᠬᠠᠢ ᠣᠷᠣᠨ ᠲᠢᠩᠬᠢᠮ᠎ᠦᠨ ᠲᠠᠰ᠎ᠤᠨ ᠤᠳᠤᠷᠢᠳᠬᠤ ᠺᠠᠳ᠋ᠷ᠎ᠤᠨ ᠠᠰᠠᠭᠤᠳᠠᠯ᠎ᠢ 82᠂ ᠰᠢᠶᠠᠨ ᠭᠠᠵᠠᠷ᠎ᠤᠨ ᠲᠠᠰ᠎ᠤᠨ ᠤᠳᠤᠷᠢᠳᠬᠤ ᠺᠠᠳ᠋ᠷ᠎ᠤᠨ ᠠᠰᠠᠭᠤᠳᠠᠯ᠎ᠢ 1079᠂ ᠰᠢᠶᠠᠩ ᠰᠠᠯᠠᠭᠠᠨ᠎ᠤ ᠲᠠᠰ ᠵᠢᠴᠢ ᠲᠡᠭᠦᠨ᠎ᠡᠴᠡ ᠳᠣᠷᠣᠭ᠍ᠰᠢᠬᠢ ᠺᠠᠳ᠋ᠷ᠎ᠤᠨ ᠠᠰᠠᠭᠤᠳᠠᠯ᠎ᠢ 15135 ᠪᠠᠢᠴᠠᠭᠠᠨ ᠰᠢᠢᠳᠪᠦᠷᠢᠯᠡᠪᠡ᠃ ᠡᠭᠦᠨ᠎ᠳᠦ᠂ ᠰᠢᠶᠠᠩ ᠰᠠᠯᠠᠭᠠᠨ᠎ᠤ ᠲᠠᠰ ᠵᠢᠴᠢ ᠲᠡᠭᠦᠨ᠎ᠡᠴᠡ ᠳᠣᠷᠣᠭ᠍ᠰᠢᠬᠢ ᠺᠠᠳ᠋ᠷ᠎ᠤᠨ ᠠᠰᠠᠭᠤᠳᠠᠯ ᠨᠢ ᠪᠠᠢᠴᠠᠭᠠᠨ ᠰᠢᠢᠳᠪᠦᠷᠢᠯᠡᠭᠰᠡᠨ ᠠᠰᠠᠭᠤᠳᠠᠯ᠎ᠤᠨ ᠪᠦᠬᠦ ᠲᠣᠭᠠᠨ᠎ᠤ 92.9%᠎ᠶᠢ ᠡᠵᠡᠯᠡᠪᠡ᠃

ᠲᠥᠪ ᠎ᠦᠨ ᠨᠠᠢ᠍ᠮᠠᠨ ᠲᠣᠭᠲᠠᠭᠠᠯ ᠎ᠤᠨ ᠵᠣᠷᠢᠭ᠋ ᠰᠠᠨᠠᠭ᠎ᠠ᠎ᠶᠢ ᠨᠠᠢᠳᠠᠪᠤᠷᠢᠵᠢᠭᠤᠯᠬᠤ ᠪᠣᠯ ᠨᠢᠭᠡ ᠤᠳᠠᠭ᠎ᠠ᠎ᠶᠢᠨ ᠪᠣᠭᠣᠮᠲᠠ ᠰᠢᠪᠲᠤᠯᠬᠤ ᠳᠠᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠢᠯᠠᠯᠳᠤᠭᠠᠨ ᠪᠣᠯᠣᠨ᠎ᠠ᠃ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠲᠠᠪᠤᠳᠤᠭᠠᠷ ᠪᠦᠬᠥᠳᠡ ᠬᠤᠷᠠᠯ᠎ᠠᠴᠠ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶᠢ ᠴᠢᠩᠳᠠᠯᠠᠬᠤ᠎ᠶᠢ ᠴᠢᠩᠭᠠᠳᠬᠠᠬᠤ ᠲᠤᠬᠠᠢ ᠪᠠᠢᠷᠢᠯᠠᠭᠤᠯᠤᠯᠲᠠ ᠬᠢᠵᠦ᠂ ᠲᠥᠪ᠎ᠤᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠬᠡᠷᠡᠭᠲᠡᠢ ᠭᠡᠵᠦ ᠲᠣᠳᠣᠷᠬᠠᠢ ᠳᠤᠷᠠᠳᠤᠨ ᠭᠠᠷᠭᠠᠪᠠ᠃ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠪᠠᠢᠩᠭᠤ᠎ᠶᠢᠨ ᠴᠢᠨᠠᠷᠲᠠᠢ ᠰᠤᠷᠤᠯᠴᠠᠯᠭ᠎ᠠ ᠬᠥᠮᠦᠵᠢᠯ᠎ᠢᠶᠡᠷ ᠰᠠᠭᠤᠷᠢ ᠪᠣᠯᠭᠠᠬᠤ᠎ᠶᠢ ᠪᠠᠷᠢᠮᠲᠠᠯᠠᠵᠤ᠂ ᠬᠠᠷᠢᠭᠤᠴᠠᠯᠭ᠎ᠠ᠎ᠶᠢ ᠪᠣᠳᠠᠲᠠᠢᠵᠢᠭᠤᠯᠬᠤ᠎ᠪᠠᠷ ᠵᠠᠩᠭᠢᠯᠠᠭ᠎ᠠ ᠪᠣᠯᠭᠠᠵᠤ᠂ ᠰᠤᠷᠲᠠᠯ ᠢᠯᠵᠢᠷᠡᠯ᠎ᠢ ᠬᠠᠮᠲᠤ᠎ᠪᠠᠷ ᠪᠠᠢᠴᠠᠭᠠᠵᠤ ᠬᠠᠮᠲᠤ᠎ᠪᠠᠷ ᠵᠠᠰᠠᠬᠤ᠎ᠪᠠᠷ ᠭᠠᠷᠳᠠᠴᠠ ᠪᠣᠯᠭᠠᠵᠤ᠂ ᠰᠤᠷᠲᠠᠯ᠎ᠤᠨ ᠪᠠᠢᠭᠤᠯᠤᠯᠲᠠ᠎ᠶᠢᠨ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠲᠡᠭᠦᠯᠳᠡᠷᠵᠢᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢ ᠰᠠᠢᠲᠤᠷ ᠡᠬᠢᠯᠡᠭᠦᠯᠬᠦ᠎ᠳᠦ ᠪᠠᠲᠤ ᠴᠢᠩᠭ᠎ᠠ ᠰᠤᠷᠲᠠᠯ᠎ᠤᠨ ᠪᠠᠲᠤᠯᠠᠭ᠎ᠠ ᠬᠠᠩᠭᠠᠬᠤ ᠬᠡᠷᠡᠭᠲᠡᠢ᠃

ᠢᠷᠡᠯᠲᠡ᠄ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号