3 ᠰᠠᠷ᠎ᠠ᠎ᠶᠢᠨ 24 ᠦ ᠦᠳᠡ᠎ᠶᠢᠨ ᠡᠮᠦᠨ᠎ᠡ᠂
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ
ᠲᠣᠪᠴᠢᠶ᠎ᠠ ᠬᠥᠬᠡᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠬᠥᠬᠡᠬᠣᠲᠠ᠎ᠶᠢᠨ
ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠂ ᠬᠥᠬᠡᠬᠣᠲᠠ᠎ᠶᠢᠨ ᠴᠠᠭᠠᠨ ᠰᠤᠪᠤᠷᠭ᠎ᠠ ᠣᠯᠠᠨ ᠤᠯᠤᠰ᠎ᠤᠨ ᠨᠢᠰᠬᠡᠯ᠎ᠦᠨ
ᠪᠠᠭᠤᠳᠠᠯ᠎ᠤᠨ ᠪᠣᠭᠣᠮᠲᠠ ᠵᠡᠷᠭᠡ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ᠂ ᠬᠥᠬᠡᠬᠣᠲᠠ᠎ᠳᠤ ᠡᠷᠬᠡ᠎ᠳᠦ ᠬᠠᠯᠳᠠᠭᠰᠠᠨ
ᠬᠠᠭᠤᠷᠮᠠᠭ ᠮᠠᠭᠤ ᠲᠠᠸᠠᠷᠳ᠋ᠤ ᠴᠣᠬᠢᠯᠲᠠ ᠥᠭᠴᠤ ᠲᠥᠪᠯᠡᠷᠡᠭᠦᠯᠦᠨ ᠨᠢᠭᠡᠳᠦᠯᠲᠡᠢ ᠤᠰᠠᠳᠬᠠᠬᠤ ᠠᠵᠢᠯᠯᠠᠭ᠎ᠠ
ᠥᠷᠨᠢᠭᠦᠯᠪᠡ᠃

ᠲᠣᠰ ᠤᠳᠠᠭᠠᠨ᠎ᠤ ᠠᠵᠢᠯᠯᠠᠭ᠎ᠠ᠎ᠳᠤ ᠪᠠᠢᠴᠠᠭᠠᠨ
ᠣᠯᠣᠭᠰᠠᠨ ᠡᠷᠬᠡ᠎ᠳᠦ ᠬᠠᠯᠳᠠᠭᠰᠠᠨ ᠬᠠᠭᠤᠷᠮᠠᠭ ᠮᠠᠭᠤ ᠲᠠᠸᠠᠷ᠎ᠢ ᠲᠥᠪᠯᠡᠷᠡᠭᠦᠯᠦᠨ ᠬᠣᠣᠷ ᠦᠭᠡᠢᠳᠡᠭᠦᠯᠦᠨ ᠰᠢᠢᠳᠪᠦᠷᠢᠯᠡᠵᠦ᠂
ᠢᠳᠡᠭᠡᠨ᠎ᠦ ᠵᠦᠢᠯ᠂ ᠠᠷᠢᠬᠢ ᠲᠠᠮᠠᠬᠢ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠂ ᠬᠤᠪᠴᠠᠰᠤ ᠬᠤᠨᠠᠷ ᠱᠠᠬᠠᠢ
ᠮᠠᠯᠠᠭᠠᠢ᠂ ᠮᠠᠰᠢᠨ ᠲᠡᠷᠭᠡᠨ᠎ᠦ ᠰᠡᠯᠪᠢᠭ ᠲᠣᠨᠣᠭ᠂ ᠡᠳᠦᠷ ᠲᠤᠲᠤᠮ᠎ᠤᠨ ᠬᠡᠷᠡᠭᠯᠡᠭᠡᠨ᠎ᠦ ᠪᠦᠷᠢᠨ ᠪᠠᠷᠠᠭ᠎ᠠ ᠵᠡᠷᠭᠡ
14 ᠶᠡᠬᠡ ᠲᠥᠷᠥᠯ᠎ᠦᠨ ᠲᠠᠸᠠᠷ᠎ᠢ ᠬᠠᠮᠤᠷᠴᠤ᠂ ᠶᠡᠷᠦᠩᠬᠡᠢ ᠬᠡᠮᠵᠢᠶ᠎ᠡ ᠨᠢ 15 ᠲᠣᠨ᠎ᠳᠤ ᠬᠦᠷᠴᠦ᠂ ᠪᠠᠷᠠᠭᠠᠨ᠎ᠤ
ᠥᠷᠲᠡᠭ ᠨᠢ 213 ᠲᠦᠮᠡᠨ ᠲᠥᠭᠥᠷᠢᠭ ᠰᠢᠬᠠᠮ ᠳ᠋ᠤ ᠬᠦᠷᠴᠡᠢ᠃ ᠤᠰᠠᠳᠬᠠᠬᠤ ᠶᠠᠪᠤᠴᠠ᠎ᠳᠤ ᠣᠷᠴᠢᠨ ᠲᠣᠭᠣᠷᠢᠨ᠎ᠢ
ᠬᠠᠮᠠᠭᠠᠯᠠᠬᠤ ᠪᠠᠷᠢᠮᠵᠢᠶ᠎ᠠ᠎ᠶᠢ ᠴᠢᠩᠭ᠎ᠠ ᠵᠢᠷᠤᠮᠯᠠᠨ᠂ ᠨᠢᠴᠠᠯᠬᠤ᠂ ᠵᠠᠳᠠᠯᠬᠤ᠂ ᠬᠡᠮᠬᠡᠯᠬᠦ ᠵᠡᠷᠭᠡ ᠬᠣᠣᠷ
ᠦᠭᠡᠢᠳᠡᠭᠦᠯᠦᠨ ᠰᠢᠢᠳᠪᠦᠷᠢᠯᠡᠬᠦ ᠠᠷᠭ᠎ᠠ ᠮᠠᠶᠢᠭ᠋᠎ᠢ ᠠᠪᠴᠠᠢ᠃

ᠡᠨᠡ ᠵᠢᠯ᠎ᠡᠴᠡ ᠨᠠᠭᠠᠰᠢ᠂ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ 《2026 ᠣᠨ᠎ᠳᠤ ᠡᠷᠬᠡ᠎ᠳᠦ ᠬᠠᠯᠳᠠᠭᠰᠠᠨ
ᠬᠠᠭᠤᠷᠮᠠᠭ ᠮᠠᠭᠤ ᠲᠠᠸᠠᠷ᠎ᠢ ᠲᠥᠪᠯᠡᠷᠡᠭᠦᠯᠦᠨ ᠨᠢᠭᠡᠳᠦᠯᠲᠡᠢ ᠤᠰᠠᠳᠬᠠᠬᠤ ᠠᠵᠢᠯ᠎ᠢ ᠥᠷᠨᠢᠭᠦᠯᠬᠦ ᠲᠥᠰᠥᠯ》᠎ᠢ ᠲᠣᠭᠲᠠᠭᠠᠨ ᠳᠠᠷᠤᠮᠠᠯᠯᠠᠨ ᠲᠠᠷᠬᠠᠭᠠᠵᠤ᠂
ᠪᠥᠬᠥ ᠣᠷᠣᠨ᠎ᠤ ᠬᠡᠪᠴᠢᠶᠡᠨ᠎ᠳᠦ ᠲᠥᠪᠯᠡᠷᠡᠭᠦᠯᠦᠨ ᠤᠰᠠᠳᠬᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃
ᠲᠣᠰ ᠤᠳᠠᠭᠠᠨ᠎ᠤ ᠠᠵᠢᠯᠯᠠᠭ᠎ᠠ ᠨᠢ ᠡᠮᠦᠨᠡᠬᠢ ᠬᠤᠭᠤᠴᠠᠭᠠᠨ᠎ᠤ ᠡᠷᠬᠡ᠎ᠳᠦ ᠬᠠᠯᠳᠠᠨ ᠬᠠᠭᠤᠷᠮᠠᠭ ᠮᠠᠭᠤ ᠲᠠᠸᠠᠷ
ᠦᠢᠯᠡᠳᠬᠦ᠎ᠳᠦ ᠴᠣᠬᠢᠯᠲᠠ ᠥᠭᠭᠦᠭᠰᠡᠨ ᠠᠵᠢᠯ᠎ᠤᠨ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠦᠭᠰᠡᠨ
ᠪᠥᠭᠡᠳ ᠪᠠᠰᠠ ᠡᠷᠬᠡ᠎ᠳᠦ ᠬᠠᠯᠳᠠᠨ ᠬᠠᠭᠤᠷᠮᠠᠭ ᠮᠠᠭᠤ ᠲᠠᠸᠠᠷ ᠦᠢᠯᠡᠳᠦᠭᠰᠡᠨ ᠡᠯ᠎ᠡ ᠲᠥᠷᠥᠯ᠎ᠦᠨ ᠬᠠᠤᠯᠢ᠎ᠠᠴᠠ
ᠵᠥᠷᠢᠴᠡᠭᠰᠡᠨ ᠡᠲᠡᠭᠡᠳ᠎ᠲᠦ ᠬᠦᠴᠦᠲᠡᠢ ᠰᠦᠷᠳᠡᠭᠦᠯᠦᠯ ᠪᠣᠯᠵᠤ᠂ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ ᠪᠣᠯᠣᠨ
ᠥᠷᠭᠡᠨ ᠣᠯᠠᠨ ᠬᠡᠷᠡᠭᠯᠡᠭᠴᠢᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠦᠨᠡᠨ ᠬᠦ᠌ ᠬᠠᠮᠠᠭᠠᠯᠠᠭᠰᠠᠨ ᠪᠠᠢᠨ᠎ᠠ᠃

ᠢᠷᠡᠯᠲᠡ᠄ ᠤᠮᠠᠷᠠᠲᠤ ᠵᠢᠨ ᠰᠦᠯᠵᠢᠶ᠎ᠡ