ᠠᠮᠢ ᠠᠬᠤᠢ᠎ᠶᠢᠨ ᠢᠨᠵᠧᠨᠧᠷᠢᠩ᠎ᠦᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠡᠳᠡᠭᠡᠷ ᠣᠷᠣᠨ ᠨᠤᠲᠤᠭ᠎ᠤᠨ ᠪᠠᠷᠢᠮᠵᠢᠶ᠎ᠠ᠎ᠶᠢ ᠨᠡᠢᠲᠡᠯᠡᠪᠡ
2026-03-26 16:36:21
ᠵᠣᠬᠢᠶᠠᠭ᠍ᠴᠢ᠄
ᠯᠢ ᠭᠦᠸᠧ ᠫᠢᠩ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠮᠠᠨ᠎ᠤ ᠣᠷᠣᠨ《ᠭᠠᠩ ᠬᠠᠭᠤᠷᠠᠢ ᠪᠠ ᠵᠠᠷᠢᠮᠳᠤᠭ ᠭᠠᠩ ᠬᠠᠭᠤᠷᠠᠢ ᠣᠷᠣᠨ᠎ᠤ ᠴᠦᠯᠯᠡᠷᠭᠡᠭᠵᠢᠭᠰᠡᠨ ᠠᠮᠢ ᠠᠬᠤᠢ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠵᠦᠭᠯᠡᠭᠦᠷ》᠂ 《ᠡᠯᠡᠰᠦᠷᠬᠡᠭ ᠭᠠᠵᠠᠷ᠎ᠤᠨ ᠠᠮᠢ ᠠᠬᠤᠢ᠎ᠶᠢ ᠬᠠᠮᠠᠭᠠᠯᠠᠬᠤ ᠬᠢᠭᠡᠳ ᠵᠠᠰᠠᠨ ᠰᠡᠷᠭᠦᠭᠡᠬᠦ ᠢᠨᠵᠧᠨᠧᠷᠢᠩ᠎ᠦᠨ ᠠᠮᠢ ᠠᠬᠤᠢ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠳᠦᠷᠢᠮ》᠂ 《ᠲᠠᠴᠢᠷᠳᠠᠭᠰᠠᠨ ᠨᠤᠲᠤᠭ ᠪᠡᠯᠴᠢᠭᠡᠷ᠎ᠢ ᠵᠠᠰᠠᠨ ᠰᠡᠷᠭᠦᠭᠡᠬᠦ ᠢᠨᠵᠧᠨᠧᠷᠢᠩ᠎ᠦᠨ ᠠᠮᠢ ᠠᠬᠤᠢ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠳᠦᠷᠢᠮ》᠂ 《ᠡᠯᠡᠰᠦᠨ ᠴᠦᠯ᠎ᠢ ᠶᠡᠷᠦᠩᠬᠡᠢᠯᠡᠨ ᠵᠠᠰᠠᠬᠤ ᠢᠨᠵᠧᠨᠧᠷᠢᠩ᠎ᠦᠨ ᠠᠮᠢ ᠠᠬᠤᠢ᠎ᠶᠢᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠮᠡᠷᠭᠡᠵᠢᠯ᠎ᠦᠨ ᠳᠦᠷᠢᠮ》 ᠵᠡᠷᠭᠡ ᠳᠥᠷᠪᠡᠨ ᠵᠦᠢᠯ᠎ᠦᠨ ᠣᠷᠣᠨ ᠨᠤᠲᠤᠭ᠎ᠤᠨ ᠪᠠᠷᠢᠮᠵᠢᠶ᠎ᠠ᠎ᠶᠢ ᠨᠡᠢᠲᠡᠯᠡᠵᠦ᠂ ᠰᠢᠨᠵᠢᠯᠡᠬᠦ ᠤᠬᠠᠭᠠᠨᠴᠢ᠎ᠪᠠᠷ ᠡᠯᠡᠰᠦ ᠵᠢ ᠵᠠᠰᠠᠬᠤ᠂ ᠨᠠᠷᠢᠯᠢᠭ᠋ ᠣᠨᠣᠪᠴᠢᠲᠠᠶ ᠬᠢᠨᠠᠨ ᠬᠠᠮᠢᠶᠠᠷᠬᠤ᠎ᠳᠤ ᠮᠡᠷᠭᠡᠵᠢᠯ᠎ᠦᠨ ᠲᠤᠯᠭᠠᠭᠤᠷᠢᠯᠠᠯ ᠬᠠᠩᠭᠠᠪᠠ᠃

ᠣᠢᠷ᠎ᠠ᠎ᠶᠢᠨ ᠵᠢᠯ᠎ᠳᠦ᠂ ᠥᠪᠥᠷ ᠮᠣᠩᠭᠣᠯ ᠬᠡᠷᠡᠯᠴᠢ ᠴᠡᠨᠡᠭ᠎ᠢᠶᠡᠷ ᠡᠯᠡᠰᠦ᠎ᠶᠢ ᠵᠠᠰᠠᠬᠤ᠂ ᠵᠠᠮ᠎ᠢᠶᠠᠷ ᠡᠯᠡᠰᠦ᠎ᠶᠢ ᠵᠠᠰᠠᠬᠤ ᠵᠡᠷᠭᠡ ᠰᠢᠨ᠎ᠡ ᠵᠢ ᠡᠭᠦᠳᠦᠭᠰᠡᠨ ᠵᠠᠰᠠᠯᠲᠠ᠎ᠶᠢᠨ ᠵᠠᠭᠪᠤᠷ᠎ᠢ ᠢᠳᠡᠪᠬᠢᠲᠡᠢ ᠠᠬᠢᠭᠤᠯᠵᠤ᠂ ᠴᠦᠯᠯᠡᠷᠬᠡᠭᠵᠢᠯ᠎ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠭᠡᠪᠡᠴᠦ ᠤᠷᠲᠤ ᠬᠤᠭᠤᠴᠠᠭᠠᠨ᠎ᠤ ᠲᠤᠷᠰᠢ᠂ ᠠᠮᠢ ᠠᠬᠤᠢ᠎ᠶᠢ ᠵᠠᠰᠠᠨ ᠰᠡᠷᠭᠦᠭᠡᠬᠦ ᠡᠯ᠎ᠡ ᠲᠥᠷᠥᠯ᠎ᠦᠨ ᠢᠨᠵᠧᠨᠧᠷᠢᠩ᠎ᠦᠨ ᠶᠡᠷᠦᠩᠬᠡᠢᠯᠡᠭᠰᠡᠨ ᠠᠮᠢ ᠠᠬᠤᠢ᠎ᠶᠢᠨ ᠦᠷ᠎ᠡ ᠠᠰᠢᠭ᠋ ᠨᠢ ᠰᠢᠰᠲᠧᠮ᠎ᠲᠠᠢ ᠪᠥᠭᠡᠳ ᠪᠦᠷᠢᠨ ᠲᠡᠭᠦᠯᠳᠡᠷ᠂ ᠲᠤᠬᠠᠢ᠎ᠶᠢᠨ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠭᠰᠠᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠪᠠᠷᠢᠮᠵᠢᠶ᠎ᠠ ᠳᠤᠲᠠᠭᠳᠠᠭᠰᠠᠭᠠᠷ ᠪᠠᠢᠵᠠᠢ᠃ ᠡᠨᠡ ᠬᠦ᠌ ᠠᠰᠠᠭᠤᠳᠠᠯ᠎ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠣᠨᠣᠴᠠᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ 《ᠥᠪᠥᠷ ᠮᠣᠩᠭᠣᠯ᠎ᠤᠨ ᠨᠤᠲᠤᠭ ᠪᠡᠯᠴᠢᠭᠡᠷ᠂ ᠡᠯᠡᠰᠦᠷᠬᠡᠭ ᠭᠠᠵᠠᠷ᠂ ᠡᠯᠡᠰᠦᠨ ᠴᠦᠯ᠎ᠤᠨ ᠡᠯᠡᠰᠦᠷᠬᠡᠭᠵᠢᠯ᠎ᠢ ᠰᠡᠷᠭᠡᠢᠯᠡᠨ ᠵᠠᠰᠠᠬᠤ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠪᠠᠷᠢᠮᠵᠢᠶ᠎ᠠ᠎ᠶᠢᠨ ᠰᠢᠰᠲᠧᠮ》᠎ᠢ ᠭᠣᠣᠯᠳᠠᠯᠭ᠎ᠠ᠎ᠲᠠᠢ ᠪᠠᠢᠭᠤᠯᠵᠤ᠂ ᠲᠠᠴᠢᠷᠳᠠᠭᠰᠠᠨ ᠨᠤᠲᠤᠭ ᠪᠡᠯᠴᠢᠭᠡᠷ᠎ᠢ ᠰᠡᠷᠭᠦᠭᠡᠬᠦ ᠪᠠ ᠵᠠᠰᠠᠨ ᠰᠡᠷᠭᠦᠭᠡᠬᠦ᠂ ᠨᠤᠲᠤᠭ ᠪᠡᠯᠴᠢᠭᠡᠷ᠎ᠦᠨ ᠡᠯᠡᠰᠦᠷᠬᠡᠭᠵᠢᠯ᠎ᠢ ᠰᠡᠷᠭᠡᠢᠯᠡᠨ ᠵᠠᠰᠠᠬᠤ᠂ ᠡᠯᠡᠰᠦᠷᠬᠡᠭ ᠭᠠᠵᠠᠷ᠎ᠢ ᠵᠠᠰᠠᠬᠤ᠂ ᠴᠦᠯᠯᠡᠷᠬᠡᠭ ᠡᠯᠡᠰᠦᠷᠬᠡᠭᠵᠢᠯ᠎ᠢ ᠬᠠᠮᠢᠶᠠᠷᠤᠨ ᠡᠵᠡᠮᠳᠡᠬᠦ ᠳᠥᠷᠪᠡᠨ ᠵᠠᠩᠭᠢᠯᠠᠭ᠎ᠠ᠎ᠶᠢᠨ ᠬᠦᠷᠢᠶ᠎ᠡ ᠴᠠᠷᠠᠭ᠎ᠠ᠎ᠠᠴᠠ ᠳᠡᠭᠡᠷ᠎ᠡ ᠳᠤᠷᠠᠳᠤᠭᠰᠠᠨ ᠳᠥᠷᠪᠡᠨ ᠵᠦᠢᠯ᠎ᠦᠨ ᠣᠷᠣᠨ ᠨᠤᠲᠤᠭ᠎ᠤᠨ ᠪᠠᠷᠢᠮᠵᠢᠶ᠎ᠠ᠎ᠶᠢ ᠲᠣᠭᠲᠠᠭᠠᠨ ᠨᠡᠢᠲᠡᠯᠡᠵᠦ᠂ ᠡᠯᠡᠰᠦᠷᠬᠡᠭᠵᠢᠯ᠎ᠢ ᠵᠠᠰᠠᠭᠰᠠᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ᠎ᠶᠢᠨ 《ᠦᠨᠳᠦᠰᠦᠯᠡᠬᠦ ᠪᠠᠷᠢᠮᠵᠢᠶ᠎ᠠ ᠦᠭᠡᠢ᠂ ᠪᠠᠢᠴᠠᠭᠠᠬᠤ ᠪᠠᠷᠢᠮᠲᠠ ᠦᠭᠡᠢ》 ᠬᠦᠴᠢᠷ ᠠᠰᠠᠭᠤᠳᠠᠯ᠎ᠢ ᠪᠥᠬᠥ ᠲᠠᠯ᠎ᠠ᠎ᠪᠠᠷ ᠰᠢᠢᠳᠪᠦᠷᠢᠯᠡᠪᠡ᠃

ᠳᠥᠷᠪᠡᠨ ᠵᠦᠢᠯ᠎ᠦᠨ ᠣᠷᠣᠨ ᠨᠤᠲᠤᠭ᠎ᠤᠨ ᠪᠠᠷᠢᠮᠵᠢᠶ᠎ᠠ᠎ᠶᠢᠨ ᠬᠢᠯᠠᠰ ᠴᠡᠭ ᠨᠢ ᠲᠣᠪᠣᠢᠮ᠎ᠠ᠂ ᠬᠠᠨᠳᠤᠯᠭᠠᠲᠤ ᠴᠢᠨᠠᠷ᠎ᠢᠶᠠᠷ ᠲᠤᠢᠯ᠎ᠤᠨ ᠴᠢᠩᠭ᠎ᠠ ᠪᠠᠢᠵᠤ᠂ ᠠᠮᠢ ᠠᠬᠤᠢ᠎ᠶᠢᠨ ᠬᠠᠮᠠᠭᠠᠯᠠᠯᠲᠠ᠎ᠶᠢ ᠰᠢᠯᠭᠠᠨ ᠬᠢᠨᠠᠬᠤ᠂ ᠠᠮᠢ ᠠᠬᠤᠢ᠎ᠶᠢᠨ ᠨᠥᠬᠥᠪᠦᠷᠢ᠎ᠶᠢᠨ ᠲᠣᠭᠲᠠᠴᠠ᠎ᠶᠢ ᠪᠠᠶ᠋ᠢᠭᠤᠯᠬᠤ᠂ ᠵᠠᠯᠭᠠᠮᠵᠢ ᠵᠠᠰᠠᠯᠲᠠ᠎ᠶᠢᠨ ᠲᠥᠯᠦᠪᠵᠢᠭᠦᠯᠭᠡ᠎ᠶᠢ ᠲᠣᠭᠲᠠᠭᠠᠬᠤ᠎ᠳᠤ ᠲᠤᠢᠯ᠎ᠤᠨ ᠣᠨᠣᠪᠴᠢᠲᠠᠶ ᠲᠣᠭ᠎ᠠ ᠪᠠᠷᠢᠮᠲᠠ᠎ᠶᠢᠨ ᠲᠤᠯᠭᠠᠭᠤᠷᠢᠯᠠᠯ ᠬᠠᠩᠭᠠᠵᠤ᠂ ᠴᠢᠬᠤᠯᠠ ᠶᠡᠬᠡ ᠠᠮᠢ ᠠᠬᠤᠢ᠎ᠶᠢᠨ ᠢᠨᠵᠧᠨᠧᠷᠢᠩ᠎ᠦᠨ ᠦᠷ᠎ᠡ ᠪᠦᠲᠦᠮᠵᠢ᠎ᠶᠢ ᠬᠡᠮᠵᠢᠶ᠎ᠡ᠎ᠲᠠᠢ᠂ ᠬᠢᠨᠠᠯᠲᠠ ᠲᠠᠯᠪᠢᠵᠤ ᠪᠣᠯᠬᠤ᠂ ᠮᠥᠷᠳᠡᠨ ᠪᠠᠢᠴᠠᠭᠠᠵᠤ ᠪᠣᠯᠬᠤ᠎ᠶᠢ ᠦᠨᠡᠨ ᠬᠦ᠌ ᠪᠡᠶᠡᠯᠡᠭᠦᠯᠵᠦ ᠴᠢᠳᠠᠨ᠎ᠠ᠃ ᠣᠳᠣᠬᠠᠨ᠎ᠳᠤ᠂ ᠴᠦᠯᠯᠡᠷᠬᠡᠭᠵᠢᠯ᠎ᠢ ᠰᠡᠷᠭᠡᠢᠯᠡᠨ ᠵᠠᠰᠠᠬᠤ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ ᠪᠠᠷᠢᠮᠵᠢᠶ᠎ᠠ᠎ᠶᠢ ᠬᠤᠯᠠᠨ ᠰᠢᠷᠭ᠎ᠠ ᠲᠠᠭ᠎ᠠ᠎ᠶᠢᠨ ᠡᠯᠡᠰᠦᠷᠬᠡᠭ ᠭᠠᠵᠠᠷ᠎ᠲᠤ ᠵᠢᠱ᠌ᠢᠶ᠎ᠡ ᠦᠵᠡᠭᠦᠯᠦᠨ ᠬᠡᠷᠡᠭᠯᠡᠵᠦ᠂ ᠰᠢᠯᠭᠠᠨ ᠪᠠᠲᠤᠯᠠᠭᠰᠠᠨ ᠦᠷ᠎ᠡ ᠪᠦᠲᠦᠮᠵᠢ ᠨᠢ ᠨᠡᠯᠢᠶᠡᠳ ᠰᠠᠢᠨ ᠪᠠᠢᠬᠤ᠎ᠶᠢᠨ ᠬᠠᠮᠲᠤ ᠤᠰᠤᠨ᠎ᠤ ᠡᠬᠢ ᠪᠠᠶᠠᠯᠢᠭ᠋᠎ᠤᠨ ᠳᠠᠭᠠᠭᠠᠴᠠ᠎ᠶᠢᠨ ᠬᠢᠵᠠᠭᠠᠷ ᠱᠤᠭᠤᠮ᠎ᠢ ᠵᠡᠷᠭᠡ᠎ᠪᠡᠷ ᠲᠣᠳᠣᠷᠬᠠᠢ ᠣᠢᠯᠠᠭᠠᠵᠤ᠂ 《ᠠᠯᠤᠰ ᠰᠡᠷᠡᠯ + ᠭᠠᠵᠠᠷ᠎ᠤᠨ ᠭᠠᠳᠠᠷᠭᠤ + ᠵᠠᠰᠠᠪᠤᠷᠢ ᠣᠷᠣᠭᠤᠯᠬᠤ》 ᠪᠠᠷᠢᠮᠵᠢᠶᠠᠵᠢᠭᠤᠯᠤᠭᠰᠠᠨ ᠦᠨᠡᠯᠡᠨ ᠵᠢᠱ᠌ᠢᠬᠦ ᠵᠠᠭᠪᠤᠷ᠎ᠢ ᠪᠣᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号