ᠥᠪᠥᠷ ᠮᠣᠩᠭᠣᠯ ᠲᠣᠭᠲᠠᠭᠠᠯ᠎ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠵᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ᠎ᠶᠢ ᠡᠬᠢᠯᠡᠭᠦᠯᠪᠡ
2026-03-26 16:40:03
ᠵᠣᠬᠢᠶᠠᠭ᠍ᠴᠢ᠄
ᠵᠠᠩ ᠬᠣᠶ ᠯᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠂ ᠣᠢᠷ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠂ ᠪᠠᠢᠴᠠᠭᠠᠬᠤ ᠬᠣᠷᠢᠶ᠎ᠠ᠂ ᠳᠣᠲᠣᠭᠠᠳᠤ᠎ᠶᠢ ᠬᠠᠮᠠᠭᠠᠯᠠᠬᠤ ᠲᠢᠩᠬᠢᠮ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭᠲᠠᠭᠠᠯ᠎ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠵᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ᠎ᠶᠢᠨ ᠲᠥᠰᠥᠯ》 (ᠳᠣᠷᠣᠭ᠍ᠰᠢ《ᠲᠥᠰᠥᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ᠎ᠳᠤ ᠲᠣᠭᠲᠠᠭᠠᠯ᠎ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠵᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ᠎ᠶᠢ ᠪᠠᠢᠷᠢᠯᠠᠭᠤᠯᠤᠨ ᠥᠷᠨᠢᠭᠦᠯᠵᠦ᠂ 12 ᠠᠢᠮᠠᠭ ᠬᠣᠲᠠ᠎ᠶᠢᠨ ᠠᠵᠤ ᠦᠢᠯᠡᠳᠪᠦᠷᠢ᠂ ᠲᠠᠷᠢᠶᠠᠯᠠᠩ᠂ ᠦᠢᠯᠡᠴᠢᠯᠡᠭᠡᠨ᠎ᠦ ᠦᠢᠯᠡᠰ ᠵᠢᠴᠢ ᠬᠣᠲᠠ ᠪᠠᠯᠭᠠᠰᠤᠨ᠎ᠤ ᠠᠮᠢᠳᠤᠷᠠᠯ ᠵᠡᠷᠭᠡ᠎ᠳᠦ ᠤᠰᠤ ᠲᠠᠲᠠᠵᠤ ᠬᠡᠷᠡᠭᠯᠡᠬᠦ ᠪᠣᠶ ᠪᠦᠬᠦᠢ ᠤᠰᠤᠨ᠎ᠤ ᠠᠵᠢᠯ ᠲᠥᠷᠥᠯ᠎ᠦᠨ ᠬᠠᠤᠯᠢ ᠲᠣᠭᠲᠠᠭᠠᠯ᠎ᠠᠴᠠ ᠵᠥᠷᠢᠴᠡᠭᠰᠡᠨ ᠠᠰᠠᠭᠤᠳᠠᠯ᠎ᠢ ᠪᠥᠬᠥ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠪᠡᠷ ᠪᠤᠢ᠃

ᠲᠣᠰ ᠤᠳᠠᠭᠠᠨ᠎ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠨᠢ 《ᠪᠦᠬᠦᠨ᠎ᠢ ᠲᠤᠭᠤᠱᠢᠲᠠᠢ ᠰᠢᠢᠳᠪᠦᠷᠢᠯᠡᠵᠦ᠂ ᠣᠷᠳᠣ᠌ ᠬᠤᠭᠤᠴᠠᠭᠠᠨ᠎ᠤ ᠪᠦᠲᠦᠮᠵᠢᠲᠡᠶ ᠪᠥᠭᠡᠳ ᠣᠷᠳᠣ᠌ ᠬᠤᠭᠤᠴᠠᠭ᠎ᠠ᠎ᠪᠠᠷ ᠵᠠᠰᠠᠬᠤ》 ᠪᠠᠷ ᠬᠠᠷᠠᠯᠲᠠ ᠪᠣᠯᠭᠠᠵᠤ᠂ 2026 ᠣᠨ᠎ᠤ 3 ᠰᠠᠷ᠎ᠠ᠎ᠠᠴᠠ ᠡᠬᠢᠯᠡᠭᠦᠯᠵᠦ᠂ 11 ᠰᠠᠷ᠎ᠠ᠎ᠳᠤ ᠳᠠᠭᠤᠰᠬᠠᠨ᠎ᠠ᠃ ᠠᠵᠤ ᠦᠢᠯᠡᠳᠪᠦᠷᠢ ᠠᠵᠤ ᠠᠬᠤᠢᠯᠠᠯ᠎ᠤᠨ ᠵᠥᠪᠰᠢᠶᠡᠷᠡᠯ ᠦᠭᠡᠢ᠎ᠪᠡᠷ ᠳᠤᠷ᠎ᠠ᠎ᠪᠠᠷ᠎ᠢᠶᠠᠨ ᠤᠰᠤ ᠲᠠᠲᠠᠬᠤ᠂ ᠭᠠᠵᠠᠷ ᠳᠣᠣᠷᠠᠬᠢ ᠤᠰᠤ᠎ᠶᠢ ᠬᠡᠲᠦᠷᠡᠲᠡᠯ᠎ᠡ ᠲᠠᠲᠠᠭᠰᠠᠨ ᠣᠷᠣᠨ᠎ᠤ ᠲᠣᠭᠲᠠᠭᠠᠯ᠎ᠠᠴᠠ ᠵᠥᠷᠢᠴᠡᠨ ᠰᠢᠨ᠎ᠡ᠎ᠪᠡᠷ ᠤᠰᠤ ᠲᠠᠲᠠᠵᠤ ᠬᠡᠷᠡᠭᠯᠡᠬᠦ᠂ ᠬᠡᠲᠦᠷᠡᠲᠡᠯ᠎ᠡ ᠤᠰᠤ ᠲᠠᠲᠠᠭᠰᠠᠨ ᠠᠰᠠᠭᠤᠳᠠᠯ᠎ᠤᠨ ᠵᠠᠰᠠᠯᠲᠠ ᠵᠢᠨ ᠬᠦᠴᠦᠨ ᠰᠤᠯᠠ᠂ ᠲᠣᠭᠲᠠᠭᠠᠯ᠎ᠠᠴᠠ ᠵᠥᠷᠢᠴᠡᠨ ᠬᠤᠳᠳᠤᠭ ᠮᠠᠯᠲᠠᠵᠤ ᠤᠰᠤ ᠲᠠᠲᠠᠬᠤ᠂ ᠬᠡᠮᠵᠢᠶ᠎ᠡ ᠵᠢ ᠲᠤᠭᠠᠴᠠᠭᠠᠯᠠᠭᠰᠠᠨ ᠨᠢ ᠵᠢᠷᠤᠮᠵᠢᠯ ᠦᠭᠡᠢ ᠵᠡᠷᠭᠡ ᠲᠣᠪᠣᠢᠮ᠎ᠠ ᠠᠰᠠᠭᠤᠳᠠᠯ᠎ᠳᠤ ᠭᠣᠣᠯᠳᠠᠯᠭ᠎ᠠ᠎ᠲᠠᠢ ᠠᠩᠬᠠᠷᠤᠯ᠎ᠢᠶᠠᠨ ᠲᠥᠪᠯᠡᠷᠡᠭᠦᠯᠵᠦ᠂ ᠨᠢᠭᠡ ᠪᠦᠯᠦᠭ ᠬᠡᠷᠡᠭ᠎ᠢ ᠴᠢᠩᠭ᠎ᠠ ᠪᠠᠢᠴᠠᠭᠠᠨ ᠰᠢᠢᠳᠪᠦᠷᠢᠯᠡᠵᠦ᠂ ᠪᠢᠲᠡᠭᠦᠤ ᠬᠡᠯᠬᠢᠶᠡᠲᠦ ᠬᠠᠮᠢᠶᠠᠷᠤᠯᠲᠠ᠎ᠶᠢᠨ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠦᠷᠢᠨᠰᠢᠭᠦᠯᠵᠦ᠂ ᠪᠥᠬᠥ ᠣᠷᠣᠨ᠎ᠤ ᠤᠰᠤ ᠲᠠᠲᠠᠵᠤ ᠬᠡᠷᠡᠭᠯᠡᠬᠦ ᠡᠮᠬᠢ ᠳᠢᠭ᠌ᠯᠢᠮ᠎ᠦᠨ ᠦᠷᠭᠦᠯᠵᠢᠯᠡᠨ ᠰᠠᠢᠵᠢᠷᠠᠬᠤ᠎ᠶᠢ ᠠᠬᠢᠭᠤᠯᠤᠨ᠎ᠠ᠃

《ᠲᠥᠰᠥᠯ》 ᠳ᠋ᠤ ᠡᠯ᠎ᠡ ᠱᠠᠲᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭ᠎ᠠ᠂ ᠠᠵᠢᠯ᠎ᠤᠨ ᠬᠤᠪᠢᠶᠠᠷᠢᠯᠠᠯ᠎ᠢ ᠲᠣᠳᠣᠷᠬᠠᠢᠯᠠᠵᠤ᠂ ᠠᠵᠢᠯ᠎ᠤᠨ ᠬᠠᠷᠢᠭᠤᠴᠠᠯᠭ᠎ᠠ᠎ᠶᠢᠨ ᠬᠡᠯᠬᠢᠶ᠎ᠡ᠎ᠶᠢ ᠱᠠᠲᠤ ᠳᠠᠷᠠᠭᠠᠯᠠᠨ ᠪᠣᠳᠠᠲᠠᠢᠵᠢᠭᠤᠯᠵᠤ᠂ ᠴᠡᠭᠴᠡᠯᠡᠨ ᠵᠠᠰᠠᠯᠲᠠ ᠵᠢᠨ ᠪᠢᠲᠡᠭᠦᠤ ᠬᠡᠯᠬᠢᠶᠡᠲᠦ ᠨᠠᠢᠳᠠᠪᠤᠷᠢᠵᠢᠭᠤᠯᠤᠯᠲᠠ᠎ᠶᠢ ᠪᠠᠲᠤᠯᠠᠬᠤ ᠬᠡᠷᠡᠭᠲᠡᠢ᠃ ᠡᠯ᠎ᠡ ᠬᠣᠰᠢᠭᠤ ᠰᠢᠶᠠᠨ᠎ᠤ ᠤᠰᠤᠨ᠎ᠤ ᠵᠠᠰᠠᠭ ᠵᠠᠬᠢᠷᠭᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠲᠤᠨ᠎ᠤ ᠪᠠᠢᠴᠠᠭᠠᠬᠤ ᠬᠤᠷᠢᠶ᠎ᠠ ᠪᠠ ᠳᠣᠲᠣᠭᠠᠳᠤ᠎ᠶᠢ ᠬᠠᠮᠠᠭᠠᠯᠠᠬᠤ ᠰᠠᠯᠠᠭ᠎ᠠ ᠮᠥᠴᠢᠷ᠎ᠲᠠᠢ ᠬᠠᠮᠲᠤᠷᠠᠨ ᠵᠢᠭ᠍ᠰᠠᠭᠠᠨ ᠪᠠᠢᠴᠠᠭᠠᠵᠤ ᠪᠠᠢᠳᠠᠯ᠎ᠢ ᠣᠢᠯᠠᠭᠠᠬᠤ᠎ᠶᠢ ᠪᠥᠬᠥ ᠲᠠᠯ᠎ᠠ᠎ᠪᠠᠷ ᠥᠷᠨᠢᠭᠦᠯᠵᠦ᠂ ᠣᠯᠵᠤ ᠮᠡᠳᠡᠭᠰᠡᠨ ᠠᠰᠠᠭᠤᠳᠠᠯ᠎ᠳᠤ ᠡᠬᠡ ᠳᠠᠩᠰᠠᠴᠢᠯᠠᠭᠰᠠᠨ ᠬᠠᠮᠢᠶᠠᠷᠤᠯᠲᠠ ᠪᠠ ᠳᠠᠩᠰᠠ ᠬᠠᠰᠤᠬᠤ ᠮᠠᠶᠢᠭ᠋᠎ᠤᠨ ᠴᠡᠭᠴᠡᠯᠡᠨ ᠰᠠᠢᠵᠢᠷᠠᠭᠤᠯᠤᠯᠲᠠ᠎ᠶᠢ ᠬᠡᠷᠡᠭᠵᠢᠭᠦᠯᠦᠨ᠎ᠡ᠃ ᠡᠯ᠎ᠡ ᠠᠢᠮᠠᠭ ᠬᠣᠲᠠ ᠪᠥᠬᠥ ᠶᠠᠪᠤᠴᠠ᠎ᠶᠢ ᠮᠥᠷᠳᠡᠨ ᠬᠢᠨᠠᠨ ᠵᠢᠯᠤᠭᠣᠳᠴᠤ᠂ ᠬᠠᠤᠯᠢ ᠲᠣᠭᠲᠠᠭᠠᠯ᠎ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠦᠶ᠋ᠯᠡ ᠠᠵᠢᠯᠯᠠᠭ᠎ᠠ᠎ᠶᠢ ᠬᠠᠤᠯᠢ ᠲᠣᠭᠲᠠᠭᠠᠯ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠬᠦ᠎ᠶᠢᠨ ᠬᠠᠮᠲᠤ᠂ ᠲᠣᠭᠲᠠᠭᠠᠯ ᠶᠣᠰᠣᠭᠠᠷ ᠤᠰᠤ ᠲᠠᠲᠠᠵᠤ ᠬᠡᠷᠡᠭᠯᠡᠬᠦ ᠬᠦᠷᠢᠶ᠎ᠡ ᠴᠠᠷᠠᠭ᠎ᠠ᠎ᠶᠢᠨ ᠢᠲᠡᠭᠡᠮᠵᠢ᠎ᠶᠢᠨ ᠦᠨᠡᠯᠡᠯᠲᠡ᠎ᠶᠢᠨ ᠰᠢᠰᠲᠧᠮ᠎ᠳᠦ ᠣᠷᠣᠭᠤᠯᠵᠤ᠂ ᠣᠷᠳᠣ᠌ ᠬᠤᠭᠤᠴᠠᠭᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ᠎ᠶᠢᠨ ᠪᠢᠲᠡᠭᠦᠦ ᠬᠡᠯᠬᠢᠶ᠎ᠡ᠎ᠵᠢ ᠪᠣᠶ ᠪᠣᠯᠭᠠᠨ᠎ᠠ᠃ ᠥᠪᠥᠷ ᠮᠣᠩᠭᠣᠯ ᠦᠷᠭᠦᠯᠵᠢᠯᠡᠨ ᠬᠥᠳᠡᠯᠦᠩᠭᠦᠢ᠎ᠪᠡᠷ ᠮᠥᠷᠳᠡᠨ ᠴᠡᠭᠴᠡᠯᠡᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠵᠢᠭ᠍ᠰᠠᠭᠠᠨ ᠪᠠᠢᠴᠠᠭᠠᠭᠰᠠᠨ ᠨᠢ ᠲᠤᠢᠯᠪᠤᠷᠢᠲᠠᠢ ᠪᠢᠰᠢ᠂ ᠴᠡᠭᠴᠡᠯᠡᠨ ᠰᠠᠢᠵᠢᠷᠠᠭᠤᠯᠤᠭᠰᠠᠨ ᠨᠢ ᠪᠣᠳᠠᠲᠠᠢ ᠪᠢᠰᠢ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠵᠡᠷᠭᠡ ᠠᠰᠠᠭᠤᠳᠠᠯ᠎ᠢ ᠲᠥᠪ ᠴᠢᠩᠭ᠎ᠠ᠎ᠪᠠᠷ ᠵᠠᠷᠯᠠᠨ ᠰᠢᠭᠦᠮᠵᠢᠯᠡᠬᠦ᠎ᠶᠢᠨ ᠬᠠᠮᠲᠤ ᠬᠤᠭᠤᠴᠠᠭ᠎ᠠ ᠲᠣᠭᠲᠠᠭᠠᠨ ᠴᠡᠭᠴᠡᠯᠡᠨ ᠰᠠᠢᠵᠢᠷᠠᠭᠤᠯᠬᠤ᠎ᠪᠠᠷ ᠵᠠᠷᠯᠢᠭ᠍ᠳᠠᠪᠠ︔ᠬᠢᠨᠠᠨ ᠪᠠᠢᠴᠠᠭᠠᠵᠤ ᠢᠯᠡᠷᠡᠭᠦᠯᠦᠭᠰᠡᠨ ᠦᠢᠯᠡ ᠪᠠᠢᠳᠠᠯ ᠨᠢ ᠬᠦᠨᠳᠦ ᠨᠣᠴᠢᠲᠠᠢ᠂ ᠨᠥᠯᠥᠭᠡ᠎ᠪᠡᠷ ᠮᠠᠭᠤ᠂ ᠨᠡᠢᠭᠡᠮ᠎ᠦᠨ ᠠᠩᠬᠠᠷᠤᠯ᠎ᠤᠨ ᠬᠡᠮᠵᠢᠶ᠎ᠡ᠎ᠪᠡᠷ ᠶᠡᠬᠡ ᠬᠡᠷᠡᠭ᠎ᠢ ᠨᠡᠢᠲᠡᠯᠢᠭ ᠬᠡᠷᠡᠭ᠎ᠦᠨ ᠵᠢᠱ᠌ᠢᠶ᠎ᠡ ᠪᠣᠯᠭᠠᠨ ᠵᠠᠷᠯᠠᠨ᠎ᠠ︔ᠰᠠᠬᠢᠯᠭ᠎ᠠ ᠪᠠᠲᠤ ᠬᠠᠤᠯᠢ ᠴᠠᠭᠠᠵᠠ᠎ᠶᠢ ᠵᠥᠷᠢᠴᠡᠭᠰᠡᠨ᠎ᠢᠶᠡᠷ ᠰᠡᠵᠢᠭᠯᠡᠭᠳᠡᠭᠰᠡᠨ ᠪᠠᠢᠪᠠᠯ᠂ ᠰᠢᠭᠤᠳ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠰᠢᠯᠵᠢᠭᠦᠯᠦᠨ ᠲᠤᠰᠢᠶᠠᠵᠤ ᠬᠠᠷᠢᠭᠤᠴᠠᠯᠭ᠎ᠠ ᠨᠡᠬᠡᠮᠵᠢᠯᠡᠭᠦᠯᠬᠦ ᠬᠡᠷᠡᠭᠲᠡᠢ ᠭᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号