《ᠬᠥᠮᠥᠨ ᠲᠥᠷᠥᠯᠬᠢᠲᠡᠨ᠎ᠢ ᠡᠰᠡᠷᠭᠦᠴᠡᠭᠰᠡᠨ ᠬᠠᠮᠤᠭ᠎ᠤᠨ ᠬᠦᠨᠳᠦ ᠨᠣᠴᠢᠲᠠᠢ ᠶᠠᠯ᠎ᠠ》 ᠶ᠋ᠢ ᠵᠠᠷᠯᠠᠪᠠ
2026-03-26 16:44:29
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠤᠬᠠᠢ᠎ᠶᠢᠨ ᠭᠠᠵᠠᠷ᠎ᠤᠨ ᠴᠠᠭ᠎ᠢᠶᠠᠷ 3 ᠰᠠᠷ᠎ᠠ᠎ᠶᠢᠨ 25 ᠎ᠤ ᠡᠳᠦᠷ᠂ 80 ᠳ᠋ᠤᠭᠠᠷ ᠬᠤᠭᠤᠴᠠᠭᠠᠨ᠎ᠤ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠶᠡᠬᠡ ᠬᠤᠷᠠᠯ ᠬᠤᠷᠠᠯᠳᠤᠵᠤ᠂ 《ᠪᠣᠭᠣᠯᠲᠤ ᠪᠠᠢᠭᠤᠯᠤᠯ ᠪᠠ ᠠᠲᠯᠠᠨᠲ ᠳᠠᠯᠠᠶ ᠠᠯᠤᠰᠯᠠᠨ ᠪᠣᠭᠣᠯ ᠫᠠᠨᠽᠠᠯᠠᠬᠤ ᠠᠵᠢᠯᠯᠠᠭ᠎ᠠ᠎ᠶᠢᠨ ᠬᠣᠣᠷ ᠠᠮᠰᠠᠭ᠍ᠴᠢ᠎ᠶᠢᠨ ᠣᠯᠠᠨ ᠤᠯᠤᠰ᠎ᠤᠨ ᠡᠳᠦᠷ》᠎ᠢ ᠳᠤᠷᠠᠰᠬᠠᠬᠤ᠎ᠶᠢᠨ ᠬᠠᠮᠲᠤ ᠨᠢᠭᠡᠨ ᠰᠢᠢᠳᠪᠦᠷᠢ ᠪᠠᠲᠤᠯᠠᠵᠤ᠂ ᠪᠣᠭᠣᠯᠴᠢᠯᠠᠭᠳᠠᠵᠤ ᠪᠠᠢᠭ᠎ᠠ ᠠᠹᠷᠢᠺᠠ ᠤᠳᠤᠮᠲᠠᠨ᠎ᠢ ᠫᠠᠨᠽᠠᠯᠠᠨ ᠵᠦᠭᠡᠭᠡᠪᠦᠷᠢᠯᠡᠬᠦ ᠵᠢᠴᠢ ᠠᠹᠷᠢᠺᠠ ᠤᠳᠤᠮᠲᠠᠨ᠎ᠢ ᠠᠷᠠᠰᠤᠲᠠᠨᠴᠢᠯᠠᠨ ᠪᠣᠭᠣᠯᠴᠢᠯᠠᠬᠤ ᠠᠵᠢᠯᠯᠠᠭ᠎ᠠ᠎ᠶᠢ ᠬᠥᠮᠥᠨ ᠲᠥᠷᠥᠯᠬᠢᠲᠡᠨ᠎ᠢ ᠡᠰᠡᠷᠭᠦᠴᠡᠭᠰᠡᠨ ᠬᠠᠮᠤᠭ᠎ᠤᠨ ᠬᠦᠨᠳᠦ ᠨᠣᠴᠢᠲᠠᠢ ᠶᠠᠯ᠎ᠠ ᠭᠡᠵᠦ ᠲᠤᠩᠬᠠᠭᠯᠠᠵᠠᠢ᠃


640.png


ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠶᠡᠬᠡ ᠬᠤᠷᠠᠯ᠎ᠤᠨ ᠲᠡᠷᠢᠭᠦᠯᠡᠭᠴᠢ ᠪᠸᠷᠪᠤᠺ᠂ ᠪᠣᠭᠣᠯ᠎ᠤᠨ ᠠᠷᠠᠯᠵᠢᠶ᠎ᠠ ᠪᠣᠯᠣᠨ ᠪᠣᠭᠣᠯᠲᠤ ᠪᠠᠢᠭᠤᠯᠤᠯ ᠪᠣᠯ ᠬᠥᠮᠥᠨ ᠲᠥᠷᠥᠯᠬᠢᠲᠡᠨ᠎ᠦ ᠲᠡᠦᠬᠡᠨ ᠳᠡᠭᠡᠷᠡᠬᠢ ᠬᠥᠮᠥᠨ᠎ᠦ ᠡᠷᠬᠡ᠎ᠳᠦ ᠬᠠᠯᠳᠠᠭᠰᠠᠨ ᠬᠠᠮᠤᠭ᠎ᠤᠨ ᠬᠦᠨᠳᠦ ᠨᠣᠴᠢᠲᠠᠢ ᠠᠵᠢᠯᠯᠠᠭ᠎ᠠ᠎ᠶᠢᠨ ᠨᠢᠭᠡ ᠮᠥᠨ ᠪᠣᠯᠬᠣᠷ ᠲᠤᠩᠭᠠᠨ ᠪᠣᠳᠣᠵᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠬᠡᠯᠡᠪᠡ᠃ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠨᠠᠷᠢᠨ ᠪᠢᠴᠢᠭ᠎ᠦᠨ ᠳᠠᠷᠤᠭ᠎ᠠ ᠬᠦᠲᠸᠯᠸᠢᠰ᠂ ᠠᠲᠯᠠᠨᠲ ᠳᠠᠯᠠᠶ ᠠᠯᠤᠰᠯᠠᠨ ᠪᠣᠭᠣᠯ ᠫᠠᠨᠽᠠᠯᠠᠬᠤ ᠠᠵᠢᠯᠯᠠᠭ᠎ᠠ᠎ᠶᠢᠨ ᠬᠣᠣᠷ ᠠᠮᠰᠠᠭ᠍ᠴᠢ᠎ᠶᠢ ᠵᠥᠪᠬᠡᠨ ᠦᠭᠡ ᠬᠡᠯᠡ ᠪᠡᠷ ᠳᠤᠷᠠᠰᠤᠨ ᠰᠠᠨᠠᠭᠠᠯᠵᠠᠵᠤ ᠪᠣᠯᠬᠤ ᠦᠭᠡᠢ᠂ ᠨᠡᠩ ᠴᠤ᠌ ᠠᠵᠢᠯᠯᠠᠭ᠎ᠠ᠎ᠪᠠᠷ᠎ᠢᠶᠠᠨ ᠲᠡᠳᠡᠨ᠎ᠢ ᠬᠦᠨᠳᠦᠳᠬᠡᠬᠦ ᠬᠡᠷᠡᠭᠲᠡᠢ ᠭᠡᠵᠡᠢ᠃  

ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡᠨ᠎ᠦ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号