ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋ ᠪᠦᠬᠡ ᠨᠥᠬᠥᠷ᠎ᠦᠨ ᠮᠡᠨᠳᠦᠯᠡᠭ᠌ᠰᠡᠨ 100 ᠵᠢᠯ᠎ᠦᠨ ᠤᠢ᠎ᠶ᠋ᠢ ᠳᠤᠷᠠᠰᠬᠠᠬᠤ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ
2026-03-27 09:38:03
ᠵᠣᠬᠢᠶᠠᠭ᠍ᠴᠢ᠄
​ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠶᠠᠷᠢᠶ᠎ᠠ ᠲᠠᠯᠪᠢᠵᠤ ᠪᠦᠦ ᠭᠠᠩ ᠬᠤᠷᠠᠯ᠎ᠢ ᠡᠷᠬᠢᠯᠡᠵᠤ ᠱᠢ ᠭᠤᠸᠠᠩ ᠬᠤᠢ ᠣᠷᠣᠯᠴᠠᠵᠠᠢ

 

3 ᠰᠠᠷ᠎ᠠ᠎ᠶ᠋ᠢᠨ 26 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠬᠡ ᠨᠥᠬᠥᠷ᠎ᠦᠨ ᠮᠡᠨᠳᠦᠯᠡᠭ᠌ᠰᠡᠨ 100 ᠵᠢᠯ᠎ᠦᠨ ᠤᠢ᠎ᠶ᠋ᠢ ᠳᠤᠷᠠᠰᠭᠠᠬᠤ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠢ ᠡᠷᠭᠢᠯᠡᠵᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠵᠢᠨ ᠱᠦᠵᠢ ᠱ᠌ᠢ ᠭᠤᠸᠠᠩ ᠬᠣᠶ᠂ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠤᠳᠤᠷᠢᠳᠭᠤ ᠨᠥᠬᠥᠳ᠂  ᠮᠤᠵᠢ᠎ᠶ᠋ᠢᠨ ᠲᠠᠰ᠎ᠤᠨ ᠠᠵᠢᠯ ᠡᠴᠡ᠎ᠪᠠᠨ ᠠᠮᠠᠷᠠᠭ᠍ᠰᠠᠨ ᠬᠡᠰᠡᠭ ᠠᠬᠠᠮᠠᠳ ᠨᠥᠬᠥᠳ ᠬᠤᠷᠠᠯ᠎ᠳᠤ ᠣᠷᠣᠯᠴᠠᠵᠠᠶ᠃

ᠪᠦᠬᠡ ᠨᠥᠬᠥᠷ 1926 ᠣᠨ᠎ᠤ 3 ᠰᠠᠷ᠎ᠠ᠎ᠳᠤ ᠥᠪᠥᠷ ᠮᠣᠩᠭᠣᠯ᠎ᠤᠨ ᠲᠦᠮᠡᠳ ᠬᠣᠱᠢᠭᠤᠨ᠎ᠳᠤ ᠲᠦᠷᠦᠪᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠱᠢᠯᠢᠳᠡᠭ ᠭᠡᠱᠢᠭᠦᠨ᠂ ᠤᠷᠳᠤ ᠬᠤᠭᠤᠴᠠᠭᠠᠨ᠎ᠤ ᠱᠢᠯᠭᠠᠯᠲᠠ᠎ᠶ᠋ᠢ ᠥᠩᠭᠡᠷᠡᠭᠡᠭ᠌ᠰᠡᠨ ᠡᠪ ᠬᠠᠮᠲᠤ ᠶᠣᠰᠣᠨ᠎ᠤ ᠱᠢᠳᠤᠷᠭᠤ ᠪᠠᠢᠯᠳᠤᠭ᠍ᠴᠢ᠂ ᠦᠭᠡᠢᠭᠦᠦ ᠠᠩᠬᠢ᠎ᠶ᠋ᠢᠨ ᠬᠤᠪᠢᠰᠭᠠᠯᠴᠢ᠂ ᠦᠨᠳᠦᠰᠦᠲᠡᠨ᠎ᠦ ᠠᠵᠢᠯ᠎ᠤᠨ ᠭᠠᠷᠮᠠᠭᠠᠢ ᠤᠳᠤᠷᠢᠳᠭᠤ ᠬᠥᠮᠦᠨ᠂ ᠨᠠᠢ᠍ᠮᠠᠳᠤᠭᠠᠷ᠂ ᠶᠢᠰᠦᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠬᠤᠷᠢᠶᠠᠨ ᠳᠠᠷᠤᠭ᠎ᠠ ᠪᠣᠯᠤᠨ᠎ᠠ᠃

ᠸᠠᠩ ᠸᠧᠢ ᠵᠦᠩ ᠶᠠᠷᠢᠯᠴᠠᠬᠤ ᠬᠤᠷᠠᠯ ᠳᠡᠭᠡᠷ᠎ᠡ ᠪᠦᠬᠡ ᠨᠥᠬᠥᠷ᠎ᠦᠨ ᠨᠢᠭᠡ ᠨᠠᠰᠤᠨ᠎ᠤ ᠭᠠᠪᠢᠶ᠎ᠠ ᠵᠢᠳᠬᠦᠯ᠎ᠢ ᠭᠦᠨ ᠳᠤᠷᠠᠰᠤᠨ ᠰᠠᠨᠠᠭᠠᠯᠵᠠᠪᠠ᠃ ᠲᠡᠷᠡ᠂ ᠪᠦᠬᠡ ᠨᠥᠬᠥᠷ᠎ᠦᠨ ᠨᠢᠭᠡ ᠨᠠᠰᠤ ᠪᠣᠯ ᠬᠤᠪᠢᠰᠭᠠᠯ᠎ᠤᠨ ᠨᠢᠭᠡ ᠨᠠᠰᠤ᠂ ᠭᠡᠷᠡᠯ ᠰᠠᠴᠤᠷᠠᠩᠭᠤᠢ ᠨᠢᠭᠡ ᠨᠠᠰᠤ ᠮᠥᠨ᠂ ᠡᠪ ᠬᠠᠮᠲᠤ ᠶᠣᠰᠣᠨ᠎ᠤ ᠬᠦᠰᠡᠯᠡᠩ᠎ᠦᠨ ᠲᠥᠯᠥᠭᠡ ᠴᠥᠬᠥᠷᠡᠰᠢ ᠦᠭᠡᠢ ᠲᠡᠮᠡᠴᠡᠭ᠌ᠰᠡᠨ ᠨᠢᠭᠡ ᠨᠠᠰᠤ ᠮᠥᠨ᠃ 70 ᠭᠠᠷᠤᠢ ᠵᠢᠯ᠎ᠦᠨ ᠬᠤᠪᠢᠰᠭᠠᠯ᠎ᠤᠨ ᠠᠮᠢᠳᠤᠷᠠᠯ ᠳᠤᠮᠳᠠ ᠪᠠᠨ  ᠪᠦᠬᠡ ᠨᠥᠬᠥᠷ ᠨᠢᠭᠡ ᠨᠠᠰᠤᠨ᠎ᠤ ᠤᠶᠤᠨ ᠴᠢᠳᠠᠯ᠎ᠢᠶᠠᠨ ᠨᠠᠮ ᠪᠣᠯᠤᠨ ᠠᠷᠠᠳ ᠲᠦᠮᠡᠨ᠎ᠳᠦ ᠵᠣᠷᠢᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠬᠤᠪᠢᠰᠭᠠᠯ ᠪᠣᠯᠤᠨ ᠪᠦᠳᠦᠬᠡᠨ ᠪᠠᠢᠭᠤᠯᠤᠯᠲᠠ᠎ᠶ᠋ᠢᠨ ᠦᠢᠯᠡᠰ᠂ ᠡᠬᠡ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠂ ᠬᠢᠯᠢ ᠬᠢᠵᠠᠭᠠᠷ᠎ᠤᠨ ᠲᠣᠭ᠍ᠲᠠᠭᠤᠨ᠎ᠳᠤ ᠪᠠᠯᠠᠷᠠᠰᠢ ᠦᠬᠡᠢ ᠭᠠᠪᠢᠶ᠎ᠠ ᠵᠢᠳᠬᠦᠯ ᠦᠵᠡᠭᠦᠯᠪᠡ᠃ ᠥᠪᠥᠷ ᠮᠣᠩᠭᠣᠯ ᠪᠣᠯ ᠪᠦᠬᠡ ᠨᠥᠬᠥᠷ᠎ᠦᠨ ᠨᠤᠲᠤᠭ ᠮᠦᠨ᠂ ᠪᠠᠰᠠ ᠴᠦ᠍ ᠲᠡᠭᠦᠨ᠎ᠦ ᠤᠷᠳᠤ ᠬᠤᠭᠤᠴᠠᠭ᠎ᠠ᠎ᠪᠠᠷ ᠠᠵᠢᠯᠯᠠᠵᠤ ᠠᠮᠢᠳᠤᠷᠠᠭᠰᠠᠨ ᠭᠠᠵᠠᠷ ᠪᠣᠯᠤᠨ᠎ᠠ᠃ ᠪᠦᠬᠡ ᠨᠥᠬᠥᠷ᠎ᠢ ᠳᠤᠷᠠᠰᠭᠠᠬᠤ ᠬᠠᠮᠤᠭ᠎ᠤᠨ ᠰᠠᠢ᠌ᠨ ᠠᠷᠭ᠎ᠠ ᠪᠣᠯ ᠳᠠᠷᠤᠢ ᠠᠬᠠᠮᠠᠳ ᠬᠤᠪᠢᠰᠭᠠᠯᠴᠢᠳ᠎ᠤᠨ ᠬᠤᠪᠢᠰᠭᠠᠯᠲᠤ ᠵᠣᠷᠢᠭ ᠰᠠᠨᠠᠭ᠎ᠠ᠂ ᠡᠷᠬᠢᠮ ᠳᠡᠭᠡᠳᠦ ᠵᠠᠩ ᠴᠢᠨᠠᠷ ᠪᠣᠯᠤᠨ ᠱᠢᠯᠢᠳᠡᠭ ᠰᠤᠷᠲᠠᠯ᠎ᠢ ᠰᠠᠢᠲᠤᠷ ᠰᠤᠷᠤᠯᠴᠠᠨ ᠤᠯᠠᠮᠵᠢᠯᠠᠵᠤ᠂ ᠱᠢᠨ᠎ᠡ ᠴᠠᠭ ᠦᠶ᠎ᠡ ᠱᠢᠨ᠎ᠡ ᠠᠶᠠᠨ ᠳ᠋ᠤ ᠦᠷᠭᠦᠯᠵᠢᠯᠡᠨ ᠡᠷᠡᠯᠬᠡᠭᠯᠡᠨ ᠴᠢᠷᠮᠠᠢᠵᠤ᠂ ᠡᠷᠡᠮᠡᠬᠡᠢᠯᠡᠨ ᠤᠷᠤᠭ᠍ᠰᠢᠯᠠᠬᠤ ᠶᠠᠪᠤᠳᠠᠯ ᠪᠣᠯᠤᠨ᠎ᠠ ᠭᠡᠵᠠᠢ᠃

ᠸᠠᠩ ᠸᠧᠢ ᠵᠦᠩ᠂ ᠪᠦᠬᠡ ᠨᠥᠬᠥᠷ᠎ᠦᠨ ᠢᠲᠡᠭᠡᠯ ᠵᠣᠷᠢᠭ ᠡᠷᠡᠰ ᠪᠠᠲᠤ᠂ ᠨᠠᠮ᠎ᠳᠠᠭᠠᠨ ᠦᠨᠡᠨᠴᠢ ᠱᠢᠳᠤᠷᠭᠤ ᠪᠠᠢᠳᠠᠭ ᠤᠯᠤᠰ ᠲᠦᠷᠦ᠍᠎ᠶ᠋ᠢᠨ ᠬᠡᠪ ᠰᠤᠷᠳᠠᠯ᠎ᠢ ᠰᠤᠷᠤᠯᠴᠠᠬᠤ ᠳ᠋ᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ ᠵᠢ ᠱᠤᠭᠤᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠤᠬᠠᠮᠰᠠᠷ ᠡᠴᠡ᠎ᠪᠠᠨ ᠥᠪᠥᠷ ᠮᠣᠩᠭᠣᠯ᠎ᠤᠨ ᠠᠵᠢᠯ᠎ᠢ ᠨᠠᠮ ᠪᠣᠯᠤᠨ ᠤᠯᠤᠰ᠎ᠤᠨ ᠶᠡᠬᠡ ᠲᠠᠯ᠎ᠠ᠎ᠳᠤ ᠲᠠᠯᠪᠢᠨ ᠪᠣᠳᠣᠯᠬᠢᠯᠠᠵᠤ᠂ ᠲᠥᠯᠥᠪᠵᠢᠭᠦᠯᠦᠨ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ᠃ ᠪᠦᠬᠡ ᠨᠥᠬᠥᠷ᠎ᠦᠨ ᠡᠬᠡ ᠤᠯᠤᠰ᠎ᠤᠨ ᠨᠢᠭᠡᠳᠦᠯ᠎ᠢ ᠡᠷᠡᠰ ᠬᠠᠮᠠᠭᠠᠯᠠᠬᠤ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠡᠷᠬᠢᠮ ᠳᠡᠭᠡᠳᠦ ᠬᠠᠢᠷ᠎ᠠ ᠰᠡᠳᠭᠢᠯᠭᠡ᠎ᠶ᠋ᠢ ᠰᠤᠷᠤᠯᠴᠠᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠬᠡᠷᠡᠭ᠌ᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠰᠢᠵᠢᠮ ᠤ᠋ᠨ ᠱᠠᠭᠠᠷᠳᠠᠯᠭ᠎ᠠ᠎ᠶ᠋ᠢ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠂ ᠤᠯᠤᠰ ᠲᠦᠷᠦ᠍᠎ᠶ᠋ᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠪᠣᠯᠤᠨ ᠨᠠᠮ᠎ᠤᠨ ᠪᠠᠢᠭᠤᠯᠤᠯᠲᠠ᠎ᠶ᠋ᠢᠨ ᠡᠯ᠎ᠡ ᠵᠦᠢᠯ᠎ᠦᠨ ᠠᠵᠢᠯ᠎ᠤᠨ ᠳᠤᠮᠳᠠ ᠪᠣᠳᠠᠲᠠᠢ ᠭᠦᠨᠵᠡᠭᠡᠢ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢ ᠰᠠᠢᠲᠤᠷ ᠪᠠᠢᠭᠤᠯᠬᠤ ᠬᠡᠷᠡᠭ᠌ᠲᠡᠢ᠃ ᠪᠦᠬᠡ ᠨᠥᠬᠥᠷ᠎ᠦᠨ ᠦᠨᠳᠦᠰᠦᠲᠡᠨ᠎ᠢᠶᠡᠨ ᠰᠡᠳᠭᠢᠯ᠎ᠳᠡᠭᠡᠨ ᠪᠤᠳᠤᠵᠤ᠂ ᠠᠷᠠᠳ ᠲᠦᠮᠡᠨ᠎ᠳᠦ ᠦᠢᠯᠡᠴᠢᠯᠡᠬᠦ᠌ ᠵᠣᠷᠢᠯᠲᠠ᠎ᠶ᠋ᠢᠨ ᠤᠬᠠᠮᠰᠠᠷ᠎ᠢ ᠰᠤᠷᠤᠯᠴᠠᠵᠤ᠂ ᠠᠷᠠᠳ ᠲᠦᠮᠡᠨ᠎ᠳᠦ ᠪᠤᠶᠠᠨ ᠦᠢᠯᠡᠳᠬᠦ᠌᠎ᠶ᠋ᠢ ᠬᠠᠮᠤᠭ᠎ᠤᠨ ᠴᠢᠬᠤᠯᠠ ᠵᠠᠰᠠᠭ ᠤ᠋ᠨ ᠠᠵᠢᠯ᠎ᠤᠨ ᠪᠦᠳᠦᠮᠵᠢ ᠪᠣᠯᠭᠠᠵᠤ᠂ 《ᠠᠷᠪᠠᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ》 ᠢ᠋ ᠨᠠᠷᠢᠨ ᠬᠢᠨᠠᠮᠠᠭᠠᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠬᠠᠮᠲᠤ᠎ᠪᠠᠷ ᠪᠠᠶᠠᠵᠢᠬᠤ ᠶ᠋ᠢ ᠠᠬᠢᠭᠤᠯᠵᠤ ᠯᠠᠪᠳᠠᠭᠤᠨ ᠪᠠᠲᠤᠲᠠᠢ ᠠᠯᠬᠤᠮ᠎ᠢ ᠠᠯᠬᠤᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳ᠋ᠤ ᠨᠡᠩ ᠵᠣᠯ ᠵᠢᠷᠭᠠᠯ᠎ᠲᠠᠶ ᠠᠮᠤᠷ ᠠᠮᠤᠭᠤᠯᠠᠩ ᠠᠮᠢᠳᠤᠷᠠᠯ ᠢ᠋ ᠡᠳ᠋ᠯᠡᠬᠦᠯᠬᠦ ᠬᠡᠷᠡᠭ᠌ᠲᠡᠢ᠃ ᠪᠦᠬᠡ ᠨᠥᠬᠥᠷ᠎ᠦᠨ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠠᠵᠢᠯ᠎ᠤᠨ ᠰᠤᠷᠲᠠᠯ᠎ᠢ ᠰᠤᠷᠤᠯᠴᠠᠵᠤ᠂ 《ᠬᠤᠶᠠᠷ ᠲᠠᠯ᠎ᠠ ᠪᠡᠷ ᠪᠦᠬᠦ ᠤᠯᠤᠰ ᠤ᠋ᠨ ᠳᠡᠭᠡᠳᠤ ᠲᠦᠪᠰᠢᠨ ᠳ᠋ᠤ ᠲᠤᠭᠳᠠᠭᠤᠨ ᠪᠠᠢᠯᠭᠠᠬᠤ》᠂ 《ᠬᠣᠶᠠᠷ ᠲᠠᠯ᠎ᠠ ᠪᠡᠷ ᠦᠷᠭᠦᠯᠵᠢᠯᠡᠨ ᠪᠦᠬᠦ ᠤᠯᠤᠰ ᠤ᠋ᠨ ᠡᠮᠦᠨ᠎ᠡ ᠡᠩᠨᠡᠭᠡᠨ᠎ᠳᠦ ᠶᠠᠪᠤᠬᠤ》 ᠬᠠᠷᠠᠯᠲᠠ᠎ᠶ᠋ᠢ ᠪᠠᠳᠤ ᠡᠵᠡᠮᠳᠡᠨ ᠴᠥᠬᠥᠷᠡᠰᠢ ᠦᠭᠡᠢ ᠴᠢᠷᠮᠠᠢᠵᠤ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠣᠯᠭᠣᠭ᠍ᠰᠠᠨ ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠪᠠᠢᠭᠤᠯᠬᠤ᠂ ᠭᠠᠵᠠᠷ ᠣᠷᠣᠨ᠎ᠤ ᠪᠠᠢᠳᠠᠯ᠎ᠳ᠋ᠠᠭᠠᠨ ᠲᠤᠬᠢᠷᠠᠭᠤᠯᠤᠨ ᠥᠨᠳᠥᠷ ᠲᠦᠪᠱᠢᠨ᠎ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌ ᠵᠡᠷᠭᠡ ᠭᠣᠣᠯᠳᠠᠯᠭ᠎ᠠ᠎ᠲᠠᠶ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠵᠦ᠍᠂ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠲᠠᠰᠤᠷᠠᠯᠳᠠ ᠦᠭᠡᠢ ᠡᠭᠦᠳᠬᠦ᠌ ᠬᠡᠷᠡᠭ᠌ᠲᠡᠢ᠃ ᠪᠦᠬᠡ ᠨᠥᠬᠥᠷ᠎ᠦᠨ ᠠᠷᠢᠭᠤᠨ ᠴᠢᠬᠡᠴᠢ᠎ᠪᠡᠷ ᠠᠯᠪᠠᠨ᠎ᠳᠤ ᠦᠢᠯᠡᠴᠢᠯᠡᠬᠦ᠌᠂ ᠳᠤᠷ᠎ᠠ ᠰᠣᠨᠢᠷᠬᠠᠯ ᠡᠷᠬᠢᠮ ᠳᠡᠭᠡᠳᠦ ᠪᠠᠢᠬᠤ ᠱᠢᠯᠢᠳᠡᠭ ᠬᠡᠪ ᠰᠤᠷᠲᠠᠯ᠎ᠢ ᠰᠤᠷᠤᠯᠴᠠᠵᠦ᠍᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠤ᠋ᠨ ᠶᠡᠷᠦᠩᠬᠡᠢ ᠱᠦᠵᠢ ᠰᠢ ᠵᠢᠨ ᠫᠢᠩ᠎ᠦᠨ《ᠦᠨᠡᠨᠴᠢ ᠢᠲᠡᠭᠡᠮᠵᠢᠲᠡᠢ᠂ ᠪᠣᠳᠠᠲᠠᠢ᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠂ ᠥᠪᠡᠷ᠎ᠢ᠎ᠪᠡᠨ ᠱᠠᠭᠠᠷᠳᠠᠬᠤ》ᠴᠢᠬᠤᠯᠠ ᠱᠠᠭᠠᠷᠳᠠᠯᠭ᠎ᠠ᠎ᠶ᠋ᠢ ᠤᠬᠠᠮᠰᠠᠷ᠎ᠡᠴᠡ᠎ᠪᠠᠨ ᠦᠢᠯᠡᠳᠦᠯᠭᠡᠵᠢᠭᠦᠯᠬᠦ ᠵᠢ ᠬᠦᠳᠤᠯᠤᠨ ᠲᠠᠭᠠᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ ᠵᠢᠴᠢ ᠲᠡᠭᠦᠨ᠎ᠦ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠴᠥᠬᠥᠷᠡᠰᠢ ᠦᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠂ ᠰᠤᠷᠤᠯᠴᠠᠯᠭ᠎ᠠ᠎ᠶ᠋ᠢ ᠶᠡᠬᠡᠪᠡᠷ ᠡᠷᠬᠢᠮᠯᠡᠬᠦ᠌᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠌᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠂ ᠳᠦᠪ ᠭᠤᠤᠯᠴᠢ ᠠᠷᠢᠭᠤᠨ ᠴᠢᠬᠡᠴᠢ ᠪᠠᠢᠬᠤ᠎ᠶ᠋ᠢ ᠪᠠᠲᠤ ᠪᠤᠢ ᠪᠣᠯᠭᠠᠵᠥ᠂ ᠬᠦᠨᠵᠡᠭᠡᠢ ᠦᠢᠯᠡᠳᠦᠯᠬᠡᠵᠢᠬᠦᠯᠵᠥ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠤ ᠴᠢᠬᠤᠯᠠᠴᠢᠯᠠᠵᠠᠢ᠃

ᠬᠤᠷᠠᠯ᠎ᠡᠴᠡ ᠡᠮᠦᠨ᠎ᠡ᠂ ᠸᠠᠩ ᠸᠧᠢ ᠵᠦᠩ᠂ ᠪᠦᠦ ᠭᠠᠩ ᠪᠦᠬᠡ ᠨᠥᠬᠥᠷ᠎ᠦᠨ ᠲᠦᠷᠦᠯ ᠰᠠᠳᠤᠨ᠎ᠤ ᠲᠥᠯᠥᠭᠡᠯᠡᠭ᠌ᠴᠢ᠎ᠲᠡᠶ ᠠᠭᠤᠯᠵᠠᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠬᠥᠬᠡᠬᠣᠲᠠ᠂ ᠪᠤᠭᠤᠲᠤ ᠬᠣᠲᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠲᠡᠦᠬᠡ ᠪᠠ ᠣᠷᠣᠨ ᠨᠤᠲᠤᠭ᠎ᠤᠨ ᠣᠢᠯᠠᠯᠭ᠎ᠠ ᠰᠤᠳᠤᠯᠬᠤ ᠲᠠᠰᠤᠭ᠂ ᠲᠦᠮᠡᠳ ᠵᠡᠭᠦᠨ ᠬᠣᠱᠢᠭᠤᠨ᠎ᠤ ᠬᠠᠷᠢᠭᠤᠴᠠᠯᠭᠠᠲᠠᠨ ᠨᠥᠬᠥᠳ ᠤᠷᠢᠳ ᠬᠣᠵᠢᠳ ᠦᠭᠡ ᠬᠡᠯᠡᠪᠡ᠃

ᠡᠯ᠎ᠡ ᠠᠢᠮᠠᠭ ᠬᠣᠲᠠ᠎ᠶ᠋ᠢᠨ ᠭᠤᠤᠯ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠨᠢᠭᠡᠴᠢ᠎ᠶ᠋ᠢᠨ ᠭᠤᠤᠯ ᠬᠠᠷᠢᠭᠤᠴᠠᠯᠭᠠᠲᠠᠨ ᠨᠥᠬᠥᠳ᠂ ᠪᠦᠬᠡ ᠨᠥᠬᠥᠷ᠎ᠦᠨ ᠲᠥᠷᠥᠯ ᠰᠠᠳᠤᠨ᠎ᠤ ᠲᠥᠯᠥᠭᠡᠯᠡᠭ᠌ᠴᠢ ᠪᠣᠯᠤᠨ ᠠᠮᠢᠳᠤ ᠰᠡᠷᠡᠭᠦᠨ ᠪᠠᠢᠬᠤ ᠦᠶ᠎ᠡ᠎ᠶ᠋ᠢᠨ ᠨᠠᠢᠵᠠ ᠨᠦᠬᠦᠳ ᠶᠠᠷᠢᠯᠴᠠᠬᠤ ᠬᠤᠷᠠᠯ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号