ᠸᠠᠩ ᠸᠧᠶ ᠵᠥᠩ ᠭᠤᠸᠠᠩᠳᠦ᠋ᠩ ᠮᠤᠵᠢ᠎ᠶ᠋ᠢᠨ ᠶᠦᠨ ᠹᠦ᠋ ᠬᠣᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭᠴᠢ ᠯᠤ᠌ ᠷᠦᠩ ᠴᠦᠨ ᠨᠠᠷ ᠲᠠᠢ ᠠᠭᠤᠯᠵᠠᠪᠠ
2026-03-27 09:39:32
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 26 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠬᠥᠬᠡᠬᠣᠲᠠ᠎ᠳᠤ ᠭᠤᠸᠠᠩᠳᠦ᠋ᠩ ᠮᠤᠵᠢ᠎ᠶ᠋ᠢᠨ ᠶᠦᠨ ᠹᠦ᠋ ᠬᠣᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ᠂ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠯᠦ᠍ ᠷᠦᠩ ᠴᠦᠨ᠎ᠨᠡᠷ᠎ᠲᠡᠶ ᠠᠭᠤᠯᠵᠠᠪᠠ᠃

ᠸᠠᠩ ᠸᠧᠢ ᠵᠦᠩ ᠯᠦ᠍ ᠷᠦᠩ ᠴᠦᠨ᠎ᠨᠡᠷ᠎ᠦᠨ ᠮᠠᠨ᠎ᠤ ᠣᠷᠣᠨ᠎ᠳᠤ ᠱᠢᠨᠵᠢᠯᠡᠨ ᠪᠠᠢᠴᠠᠭᠠᠵᠤ ᠰᠠᠨᠠᠯ ᠵᠢᠡᠨ ᠰᠣᠯᠢᠯᠴᠠᠵᠤ᠂ ᠬᠠᠮᠲᠤᠷᠠᠯᠴᠠᠭ᠎ᠠ᠎ᠶ᠋ᠢ ᠵᠣᠯᠭᠠᠭᠤᠯᠬᠤ᠎ᠪᠠᠷ ᠢᠷᠡᠭ᠌ᠰᠡᠨ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠶᠦᠨ ᠹᠦ᠋ ᠬᠤᠳᠠ᠎ᠶ᠋ᠢ ᠪᠠᠭ᠍ᠲᠠᠭᠠᠭ᠍ᠰᠠᠨ ᠭᠤᠸᠠᠩᠳᠦ᠋ᠩ᠎ᠦᠨ ᠡᠯ᠎ᠡ ᠭᠠᠵᠠᠷ᠎ᠤᠨ ᠬᠢᠨ᠎ᠦ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠳᠤ ᠦᠵᠡᠭᠦᠯᠦᠭ᠌ᠰᠡᠨ ᠳᠡᠮᠵᠢᠯᠭᠡ᠎ᠳᠦ ᠲᠠᠯᠠᠷᠬᠠᠵᠤ ᠪᠠᠢᠬᠤ᠎ᠪᠠᠨ ᠢᠯᠡᠳᠭᠡᠭ᠌ᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ ᠥᠷᠭᠡᠨ ᠠᠭᠤᠳᠠᠮ ᠦᠵᠡᠰᠭᠦᠯᠡᠩᠲᠦ ᠰᠠᠢᠬᠠᠨ᠂ ᠡᠬᠢ ᠪᠠᠶᠠᠯᠢᠭ ᠡᠯᠪᠡᠭ ᠳᠡᠯᠪᠡᠭ᠂ ᠠᠮᠢ ᠠᠬᠤᠶ᠎ᠶ᠋ᠢᠨ ᠪᠠᠢᠷᠢ ᠰᠠᠭᠤᠷᠢ ᠴᠢᠬᠤᠯᠠ᠂ ᠠᠵᠤ ᠦᠶ᠋ᠯᠡᠰ᠎ᠦᠨ ᠰᠠᠭᠤᠷᠢ ᠰᠠᠢᠨ᠂ ᠠᠷᠠᠳ ᠣᠯᠠᠨ ᠬᠠᠯᠠᠭᠤᠮᠰᠤᠭ ᠪᠣᠷᠣᠭ᠍ᠵᠢᠭᠤᠨ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠣᠷᠳᠣ ᠬᠤᠭᠤᠴᠠᠭ᠎ᠠ᠎ᠪᠠᠷ ᠪᠠᠲᠤᠯᠠᠵᠤ ᠪᠠᠢᠨ᠎ᠠ᠃ ᠣᠳᠣᠬᠠᠨ᠎ᠳᠤ ᠣᠷᠣᠨ ᠳᠠᠶᠠᠭᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠳᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠲᠣᠭ᠍ᠲᠠᠭᠤᠨ ᠪᠦᠬᠡᠳ ᠡᠷᠡᠭᠦᠯ᠎ᠢᠶᠡᠷ ᠬᠥᠭ᠌ᠵᠢᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠵᠤ ᠪᠠᠢᠨ᠎ᠠ᠃ ᠶᠦᠨ ᠹᠦ᠋ ᠬᠣᠲᠠ ᠪᠣᠯ ᠭᠤᠸᠠᠩᠳᠦ᠋ᠩ᠎ᠦᠨ ᠬᠠᠮᠤᠭ᠎ᠤᠨ ᠰᠢᠨ᠎ᠠ ᠲᠤᠰᠭᠠᠶ ᠣᠷᠣᠨ᠎ᠤ ᠳᠡᠰ᠎ᠤᠨ ᠬᠣᠲᠠ ᠪᠣᠯᠤᠨ᠎ᠠ᠂ ᠠᠵᠤ ᠠᠬᠤᠶ᠎ᠶᠢᠨ ᠬᠥᠭᠵᠢᠯᠲᠡ᠎ᠶᠢᠨ ᠬᠥᠳᠡᠯᠭᠡᠬᠦ᠌ ᠬᠦᠴᠦᠨ ᠴᠢᠩᠭ᠎ᠠ᠂ ᠠᠮᠢᠵᠢᠷᠠᠯ᠎ᠤᠨ ᠬᠦᠴᠦᠨ ᠲᠡᠭᠦᠯᠳᠡᠷ ᠪᠠᠢᠨ᠎ᠠ᠃ ᠶᠦᠨ ᠹᠦ᠋ ᠬᠣᠲᠠ᠎ᠶᠢᠨ᠎ᠬᠢᠨ ᠲᠣᠰ ᠤᠳᠠᠭ᠎ᠠ᠎ᠶᠢᠨ ᠱᠢᠨᠵᠢᠯᠡᠨ ᠪᠠᠢᠴᠠᠭᠠᠯᠲᠠ᠎ᠪᠠᠷ ᠠᠵᠠ ᠲᠣᠬᠢᠶᠠᠯ ᠪᠣᠯᠭᠠᠵᠤ᠂ ᠬᠤᠯᠪᠤᠬᠳᠠᠯ ᠪᠥᠬᠥᠶ ᠰᠠᠯᠠᠭ᠎ᠠ ᠮᠥᠴᠢᠷ᠂ ᠠᠵᠤ ᠠᠬᠤᠢᠯᠠᠯ ᠪᠣᠯᠤᠨ ᠡᠯ᠎ᠡ ᠡᠲᠡᠭᠡᠳ᠎ᠦᠨ ᠬᠥᠮᠦᠰ᠎ᠢ᠋ ᠵᠣᠬᠢᠶᠠᠨ ᠪᠠᠢᠭᠤᠯᠤᠨ ᠬᠥᠲᠥᠯᠥᠨ ᠵᠢᠯᠣᠭᠣᠳᠴᠤ᠌᠂ ᠬᠥᠳᠡᠭᠡ ᠠᠵᠤ ᠠᠬᠤᠶ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ᠌᠂ ᠦᠷ᠎ᠡ᠎ᠶᠢᠨ ᠦᠢᠯᠡᠰ᠎ᠢ᠋ ᠬᠥᠭᠵᠢᠭᠦᠯᠦᠨ ᠮᠠᠨᠳᠤᠭᠤᠯᠬᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠪᠣᠷᠣᠯᠠᠭᠤᠯᠭ᠎ᠠ᠂ ᠪᠡᠶ᠎ᠡ᠎ᠶᠢᠨ ᠲᠠᠮᠢᠷ᠎ᠤᠨ ᠬᠠᠮᠵᠢᠯᠴᠠᠭ᠎ᠠ ᠵᠡᠷᠭᠡ ᠬᠦᠷᠢᠶᠡᠨ᠎ᠦ ᠲᠣᠭᠣᠷᠢᠨ᠎ᠳᠤ ᠥᠪᠥᠷ ᠮᠣᠩᠭᠣᠯ᠎ᠯᠤᠭ᠎ᠠ᠎ᠶᠢᠨ ᠬᠣᠯᠪᠣᠭᠳᠠᠯ ᠪᠥᠬᠥᠶ ᠪᠣᠳᠠᠲᠠᠶ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠥᠪᠥᠷ ᠮᠣᠩᠭᠣᠯ ᠭᠤᠸᠠᠩᠳᠦ᠋ᠩ᠎ᠦᠨ ᠬᠠᠮᠲᠤᠷᠠᠯᠴᠠᠭ᠎ᠠ᠎ᠶᠢᠨ ᠭᠦᠨᠵᠡᠭᠡᠢᠷᠡᠨ ᠪᠣᠳᠠᠲᠠᠢᠵᠢᠬᠤ᠎ᠶᠢ ᠠᠬᠢᠭᠤᠯᠵᠤ᠂ ᠨᠠᠩ ᠣᠯᠠᠨ ᠦᠷ᠎ᠡ ᠪᠦᠲᠦᠭᠡᠯ ᠤᠯᠬᠤ᠎ᠶᠢ ᠬᠦᠰᠡᠵᠦ᠍ ᠪᠠᠢᠨ᠎ᠠ ᠭᠡᠵᠦ᠍ ᠬᠡᠯᠡᠪᠡ᠃

ᠯᠦ᠍ ᠷᠦᠩ ᠴᠦᠨ ᠥᠪᠥᠷ ᠮᠣᠩᠭᠣᠯ᠎ᠤᠨ ᠤᠷᠳᠤ ᠬᠤᠭᠤᠴᠠᠭᠠᠨ᠎ᠤ ᠲᠤᠷᠰᠢ ᠶᠦᠨ ᠹᠦ᠋ ᠬᠤᠳᠠ᠎ᠳᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ᠎ᠳᠦ ᠲᠠᠯᠠᠷᠬᠠᠵᠤ᠂ ᠥᠪᠥᠷ ᠮᠣᠩᠭᠣᠯ᠎ᠤᠨ ᠡᠳᠦᠷ᠎ᠡᠴᠡ ᠡᠳᠦᠷ ᠱᠢᠨᠡᠳᠦᠨ ᠬᠥᠭᠵᠢᠵᠦ᠍ ᠪᠠᠢᠭ᠎ᠠ ᠪᠠᠢᠳᠠᠯ᠎ᠢ ᠴᠢᠩ ᠰᠡᠳᠭᠢᠯ᠎ᠡᠴᠡ᠎ᠪᠡᠨ ᠪᠢᠱᠢᠷᠡᠵᠦ᠍ ᠪᠠᠢᠬᠤ᠎ᠪᠠᠨ ᠢᠯᠡᠳᠭᠡᠪᠡ᠃ ᠲᠡᠷᠡ᠂ ᠥᠪᠥᠷ ᠮᠣᠩᠭᠣᠯ ᠪᠣᠯ ᠡᠬᠡ ᠤᠯᠤᠰ᠎ᠤᠨ ᠤᠮᠠᠷᠠᠲᠤ᠎ᠶᠢᠨ ᠦᠵᠡᠰᠭᠦᠯᠡᠩᠲᠦ ᠰᠠᠢᠬᠠᠨ ᠦᠵᠡᠮᠵᠢ᠎ᠶᠢᠨ ᠣᠷᠣᠨ ᠮᠥᠨ᠂ ᠥᠩᠭᠡ ᠦᠵᠡᠮᠵᠢ ᠠᠳᠠᠪᠠᠱᠢ ᠭᠤᠶᠤ᠂ ᠳᠠᠯᠳᠠ ᠬᠦᠴᠦᠨ ᠬᠢᠵᠠᠭᠠᠯᠠᠰᠢ ᠥᠬᠡᠶ ᠶᠤᠮ᠃ ᠣᠳᠣᠬᠠᠨ᠎ᠳᠤ᠂ ᠶᠦᠨ ᠹᠦ᠋ ᠬᠣᠲᠠ ᠶᠠᠭ ᠵᠢᠭᠤᠯᠴᠢᠯᠠᠬᠤ᠎ᠳᠤ ᠲᠣᠬᠢᠷᠠᠮᠵᠢᠲᠠᠶ᠂ ᠠᠵᠢᠯᠯᠠᠬᠤ᠎ᠳᠤ ᠲᠣᠬᠢᠷᠠᠮᠵᠢᠲᠠᠶ᠂ ᠰᠠᠭᠤᠷᠢᠱᠢᠬᠤ᠎ᠳᠤ ᠲᠣᠬᠢᠷᠠᠮᠵᠢᠲᠠᠶ᠂ ᠰᠤᠪᠢᠯᠠᠬᠤ᠎ᠳᠤ ᠲᠣᠬᠢᠷᠠᠮᠵᠢᠲᠠᠶ ᠪᠣᠬᠢᠷᠲᠤᠯ ᠥᠬᠡᠶ ᠳᠡᠯᠡᠬᠡᠢᠵᠢᠭᠰᠡᠨ ᠬᠣᠲᠠ᠎ᠶᠢ ᠪᠥᠬᠥ᠌ ᠬᠦᠴᠦᠨ᠎ᠵᠢᠡᠷ ᠵᠢᠡᠨ ᠪᠥᠲᠥᠭᠡᠨ ᠪᠠᠢᠭᠤᠯᠵᠤ ᠪᠠᠢᠨ᠎ᠠ᠂ ᠥᠪᠥᠷ ᠮᠣᠩᠭᠣᠯ᠎ᠯᠤᠭ᠎ᠠ᠎ᠶᠢᠨ ᠬᠣᠯᠪᠣᠭᠳᠠᠯ ᠪᠥᠬᠥᠶ ᠲᠠᠯ᠎ᠠ᠎ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠭᠠᠬᠤ ᠨᠢ ᠲᠤᠢᠯ᠎ᠤᠨ ᠴᠢᠬᠤᠯᠠ ᠠᠴᠢ ᠬᠣᠯᠪᠣᠭᠳᠠᠯ᠎ᠲᠠᠶ ᠶᠤᠮ᠃ ᠲᠠᠷᠠᠭᠠᠴᠢ᠎ᠶᠢᠨ ᠠᠯᠬᠤᠮ᠎ᠳᠤ᠂ ᠶᠦᠨ ᠹᠦ᠋ ᠬᠣᠲᠠ ᠲᠣᠰ ᠪᠡᠶ᠎ᠡ᠎ᠶᠢᠨ ᠳᠠᠪᠠᠭᠤᠯᠢᠭ᠎ᠵᠢᠡᠨ ᠭᠦᠢᠴᠡᠳ ᠪᠠᠳᠠᠷᠠᠭᠤᠯᠵᠤ᠂ ᠥᠪᠥᠷ ᠮᠣᠩᠭᠣᠯ᠎ᠯᠤᠭ᠎ᠠ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠂ ᠲᠦᠷᠦᠯ ᠲᠡᠮᠳᠡᠭ ᠢ᠋ ᠬᠠᠮᠲᠤ᠎ᠪᠠᠷ ᠡᠭᠦᠳᠬᠦ᠌᠂ ᠵᠣᠴᠢᠳ᠎ᠤᠨ ᠢᠷᠡᠯᠲᠡ᠎ᠶᠢ ᠬᠠᠷᠢᠯᠴᠠᠨ ᠬᠠᠩᠭᠠᠬᠤ ᠵᠡᠷᠭᠡ ᠲᠠᠯ᠎ᠠ᠎ᠪᠠᠷ ᠵᠣᠯᠭᠠᠯᠴᠠᠭ᠎ᠠ᠎ᠪᠠᠨ ᠭᠦᠨᠵᠡᠭᠡᠢᠷᠡᠭᠦᠯᠵᠦ᠍᠂ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠂ ᠠᠵᠤ ᠦᠢᠯᠡᠰ᠎ᠦᠨ ᠬᠠᠮᠵᠢᠯᠴᠠᠭ᠎ᠠ᠂ ᠰᠣᠶᠣᠯ ᠢᠷᠭᠡᠨᠱᠢᠯ᠎ᠦᠨ ᠰᠣᠯᠢᠯᠴᠠᠭ᠎ᠠ ᠵᠡᠷᠭᠡ ᠬᠦᠷᠢᠶᠡᠨ᠎ᠳᠦ ᠦᠷᠭᠦᠯᠵᠢᠯᠡᠨ ᠬᠦᠴᠦᠯᠡᠵᠦ᠍᠂ ᠬᠠᠮᠲᠤᠷᠠᠯᠴᠠᠭᠠᠨ᠎ᠤ ᠵᠦᠢᠯᠡᠰ ᠢ᠋ ᠪᠣᠳᠠᠲᠠᠢᠵᠢᠭᠤᠯᠵᠤ᠂ ᠲᠥᠷᠥᠯ ᠵᠦᠢᠯ ᠪᠣᠯᠭᠠᠬᠤ᠎ᠶᠢ ᠠᠬᠢᠭᠤᠯᠵᠤ᠂ ᠣᠷᠣᠨ ᠪᠦᠰᠡ ᠠᠯᠤᠰᠯᠠᠨ ᠬᠠᠮᠵᠢᠯᠴᠠᠨ ᠬᠥᠭᠵᠢᠭᠰᠡᠨ ᠨᠡᠢᠲᠡᠯᠢᠭ ᠵᠢᠱ᠌ᠢᠶ᠎ᠡ᠎ᠶᠢ ᠭᠠᠷ ᠬᠣᠯᠪᠣᠨ ᠴᠣᠭᠴᠠᠯᠠᠨ᠎ᠠ ᠭᠡᠵᠤ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠬᠤᠢ ᠸᠸᠨ᠂ ᠢᠦᠶ ᠯᠢ ᠱᠢᠨ᠂ ᠲᠠᠢᠴᠢᠨ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号