3 ᠰᠠᠷ᠎ᠠ᠎ᠶ᠋ᠢᠨ 25 ᠤ᠋ ᠡᠳᠦᠷ᠂ ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠡᠴᠡ ᠤᠢ᠍ᠢᠯᠠᠭᠠᠭ᠍ᠰᠠᠨ ᠵᠢᠡᠷ᠄ ᠡᠨᠡ ᠵᠢᠯ ᠥᠪᠥᠷ ᠮᠣᠩᠭᠣᠯ᠎ᠤᠨ ᠬᠡᠷᠡᠭ᠌ᠵᠢᠭᠦᠯᠬᠦ᠌᠎ᠪᠡᠷ ᠲᠥᠯᠥᠪᠯᠡᠵᠦ᠍ ᠪᠠᠢᠭ᠎ᠠ 1940 ᠱᠢᠨ᠎ᠡ᠎ᠪᠡᠷ ᠪᠦᠳᠦᠬᠡᠨ ᠪᠠᠢᠭᠤᠯᠬᠤ ᠲᠦᠷᠦᠯ ᠵᠦᠢᠯ᠎ᠦᠨ ᠳᠣᠲᠣᠷ᠎ᠠ᠂ ᠳᠡᠭᠡᠷ᠎ᠡ ᠬᠠᠭᠠᠰ ᠵᠢᠯ᠎ᠳᠦ 1529 ᠲᠦᠷᠦᠯ ᠵᠦᠢᠯ᠎ᠢ ᠠᠵᠢᠯ ᠡᠬᠢᠯᠡᠭᠦᠯᠬᠦ᠌᠎ᠪᠡᠷ ᠪᠠᠢᠵᠥ᠂ ᠨᠢᠭᠡᠨᠲᠡ 1411 ᠲᠦᠷᠦᠯ ᠵᠦᠢᠯ᠎ᠦᠨ ᠡᠮᠦᠨᠡᠬᠢ ᠬᠤᠭᠤᠴᠠᠭᠠᠨ ᠤ᠋ 10 ᠭᠠᠷ ᠭᠦᠢᠴᠡᠳᠭᠡᠯ᠎ᠢ ᠭᠦᠢᠴᠡᠳᠭᠡᠵᠦ᠍᠂ ᠭᠦᠢᠴᠡᠳᠭᠡᠵᠥ ᠳᠠᠭᠤᠰᠬᠠᠬᠰᠠᠨ ᠨᠤᠷᠮ᠎ᠠ 92% ᠲᠤ᠌ ᠬᠦᠷᠴᠡᠢ᠃
《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠎ᠳᠦ᠂ ᠥᠪᠥᠷ ᠮᠣᠩᠭᠣᠯ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠦᠷᠭᠦᠯᠵᠢᠯᠡᠨ ᠥᠷᠭᠡᠳᠭᠡᠵᠦ᠍᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠴᠢᠬᠤᠯᠠ ᠶᠡᠬᠡ ᠲᠥᠷᠥᠯ ᠵᠦᠶ᠋ᠯ᠎ᠢ ᠬᠠᠮᠲᠤᠷᠠᠨ ᠬᠢᠨᠠᠵᠤ ᠬᠠᠮᠲᠤᠷᠠᠨ ᠵᠥᠪᠱᠢᠶᠡᠷᠡᠬᠦ᠌ ᠠᠵᠢᠯ᠎ᠤᠨ ᠲᠣᠭ᠍ᠲᠠᠴᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤ ᠬᠠᠮᠲᠤᠷᠠᠨ ᠬᠢᠨᠠᠵᠤ ᠬᠠᠮᠲᠤᠷᠠᠨ ᠵᠥᠪᠱᠢᠶᠡᠷᠡᠬᠦ᠌ ᠱᠢᠰᠲ᠋ᠧᠮ ᠢ᠋ ᠪᠦᠷᠢᠨᠱᠢᠭᠦᠯᠦᠨ ᠲᠡᠭᠦᠯᠳᠡᠷᠵᠢᠭᠦᠯᠪᠡ᠃
《ᠬᠠᠮᠲᠤᠷᠠᠨ ᠬᠢᠨᠠᠵᠤ ᠬᠠᠮᠲᠤᠷᠠᠨ ᠵᠥᠪᠱᠢᠶᠡᠷᠡᠬᠦ᠌ ᠠᠵᠢᠯ᠎ᠤᠨ ᠲᠣᠭ᠍ᠲᠠᠴᠠ᠎ᠶ᠋ᠢ ᠬᠡᠷᠡᠭ᠌ᠵᠢᠭᠦᠯᠬᠦ᠌᠎ᠪᠡᠷ ᠳᠠᠮᠵᠢᠭᠤᠯᠤᠨ᠂ ᠰᠠᠯᠠᠭ᠎ᠠ ᠮᠥᠴᠢᠷ᠎ᠦᠨ ᠬᠣᠭᠣᠷᠣᠨᠳᠣᠬᠢ 〈ᠬᠤᠷᠢᠭ᠎ᠠ〉 ᠶ᠋ᠢ ᠡᠪᠳᠡᠵᠦ᠍᠂ ᠤᠤᠯ ᠨᠢ ᠣᠯᠠᠨ ᠰᠠᠯᠠᠭ᠎ᠠ ᠮᠥᠴᠢᠷ᠎ᠦᠨ ᠲᠠᠰ ᠳᠠᠷᠠᠭᠠᠯᠠᠨ ᠭᠦᠶ᠋ᠴᠡᠳᠭᠡᠬᠦ᠌ ᠴᠢᠬᠤᠯᠠᠲᠠᠶ ᠪᠠᠢᠭ᠍ᠰᠠᠨ ᠬᠠᠮᠲᠤᠷᠠᠨ ᠬᠢᠨᠠᠨ ᠵᠥᠪᠱᠢᠶᠡᠷᠡᠬᠦ᠌᠎ᠶ᠋ᠢ ᠵᠡᠷᠭᠡ ᠪᠡᠷ ᠭᠦᠶ᠋ᠴᠡᠳᠭᠡᠬᠦ᠌ ᠪᠣᠯᠭᠠᠨ ᠬᠤᠪᠢᠷᠠᠭᠤᠯᠵᠤ᠂ 〈ᠪᠤᠰᠤᠳ ᠰᠠᠯᠠᠭ᠎ᠠ ᠮᠥᠴᠢᠷ᠎ᠦᠨ ᠭᠦᠶ᠋ᠴᠡᠳᠭᠡᠬᠦ᠌ ᠡᠰᠡᠬᠦ᠌ ᠵᠢ ᠬᠠᠮᠢᠶᠠᠷᠬᠤ ᠦᠭᠡᠢ᠂ ᠪᠢ ᠰᠠᠨᠠᠭᠠᠴᠢᠯᠠᠭ᠎ᠠ᠎ᠡᠴᠡ᠎ᠪᠠᠨ ᠦᠶ᠋ᠯᠡᠴᠢᠯᠡᠬᠦ᠌᠂ ᠤᠷᠢᠳ ᠵᠢᠡᠷ ᠭᠦᠶ᠋ᠴᠡᠳᠭᠡᠬᠦ᠌〉 ᠬᠢᠨᠠᠨ ᠵᠥᠪᠱᠢᠶᠡᠷᠡᠬᠦ᠌ ᠵᠠᠭ᠍ᠪᠤᠷ᠎ᠢ ᠬᠡᠷᠡᠭ᠌ᠵᠢᠭᠦᠯᠵᠦ᠍᠂ ᠴᠢᠬᠤᠯᠠ ᠶᠡᠬᠡ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌᠎ᠳᠦ 〈ᠨᠢᠭᠡ ᠴᠣᠩᠬᠤᠪᠴᠢ᠎ᠪᠠᠷ ᠭᠥᠯᠢᠶᠡᠨ ᠠᠪᠴᠤ᠌ ᠱᠢᠶ᠋ᠳᠪᠦᠷᠢᠯᠡᠬᠦ᠌᠂ ᠬᠠᠮᠲᠤᠷᠠᠨ ᠬᠢᠨᠠᠨ ᠪᠠᠢᠴᠠᠭᠠᠬᠤ᠂ ᠨᠢᠭᠡᠳᠦᠯᠲᠡᠶ ᠬᠠᠷᠢᠭᠤ ᠲᠤᠰᠭᠠᠬᠤ᠂ ᠴᠠᠭ ᠬᠢᠵᠠᠭᠠᠷᠯᠠᠨ ᠭᠦᠶ᠋ᠴᠡᠳᠭᠡᠵᠦ᠍ ᠳᠠᠭᠤᠰᠭᠠᠬᠤ〉 ᠶ᠋ᠢ ᠬᠡᠷᠡᠭ᠌ᠵᠢᠭᠦᠯᠵᠦ᠍᠂ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠶᠡᠬᠡᠪᠡᠷ ᠳᠡᠭᠡᠭ᠌ᠰᠢᠯᠡᠭᠦᠯᠵᠦ᠍᠂ ᠪᠥᠬᠥ᠌ ᠣᠷᠣᠨ᠎ᠤ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠳᠤ〈ᠲᠦᠷᠭᠡᠳᠬᠡᠬᠦ ᠳᠠᠷᠤᠪᠴᠢ〉 ᠶ᠋ᠢ ᠳᠠᠷᠤᠵᠠᠢ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠲᠠᠨᠢᠯᠴᠠᠭᠤᠯᠪᠠ᠃
ᠡᠨᠡ ᠵᠢᠯ᠂ ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠴᠢᠩᠭ᠎ᠠ ᠠᠩᠬᠠᠷᠴᠤ᠌᠂ ᠬᠠᠮᠲᠤᠷᠠᠨ ᠬᠢᠨᠠᠵᠤ ᠬᠠᠮᠲᠤᠷᠠᠨ ᠵᠥᠪᠱᠢᠶᠡᠷᠡᠬᠦ᠌ ᠲᠣᠭ᠍ᠲᠠᠴᠠ᠎ᠶ᠋ᠢ 《ᠴᠠᠭᠠᠰᠤᠨ》 ᠳᠡᠭᠡᠷ᠎ᠡ ᠡᠴᠡ ᠪᠤᠳᠠᠳᠠᠢ ᠳ᠋ᠦ ᠨᠠᠢᠳᠠᠪᠤᠷᠢᠵᠢᠭᠤᠯᠵᠤ᠂ ᠤᠯᠠᠮᠵᠢᠯᠠᠯᠲᠤ ᠠᠵᠤ ᠦᠶ᠋ᠯᠡᠰ᠎ᠦᠨ ᠲᠠᠰ ᠳᠡᠪᠱᠢᠬᠦ᠌ ᠪᠠ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠪᠣᠢᠵᠢᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 《ᠱᠢᠨ᠎ᠡ ᠵᠢ ᠡᠬᠦᠳᠬᠦ》᠂ 《 ᠴᠢᠨᠠᠷ ᠰᠠᠢᠳᠠᠢ》᠂ 《ᠢᠷᠡᠭᠡᠳᠦᠢ》 ᠳᠠᠢᠰᠢ ᠬᠥᠭ᠌ᠵᠢᠭᠦᠯᠵᠦ᠍᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠪᠠ᠃
ᠤᠯᠠᠭᠠᠨᠬᠠᠳᠠ ᠬᠣᠲᠠ ᠴᠢᠬᠤᠯᠠ ᠶᠡᠬᠡ ᠲᠥᠷᠥᠯ ᠵᠦᠶ᠋ᠯ᠎ᠢ ᠲᠢᠩᠬᠢᠮ᠎ᠦᠨ ᠲᠠᠰ᠎ᠤᠨ ᠤᠳᠤᠷᠢᠳᠤᠯᠭ᠎ᠠ ᠳᠠᠭᠠᠭᠠᠴᠢᠯᠠᠨ ᠬᠣᠯᠪᠣᠭᠠᠯᠠᠬᠤ᠎ᠶ᠋ᠢ ᠬᠡᠷᠡᠭ᠌ᠵᠢᠭᠦᠯᠵᠦ᠍᠂ 《ᠨᠢᠭᠡ ᠲᠥᠷᠥᠯ ᠵᠦᠶ᠋ᠯ ᠨᠢᠭᠡ ᠲᠤᠰᠭᠠᠶ ᠠᠩᠭᠢ》 ᠶ᠋ᠢᠨ ᠦᠶ᠋ᠯᠡᠴᠢᠯᠡᠭᠡᠨ᠎ᠦ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠶᠠᠪᠤᠴᠠ᠎ᠳᠤ ᠲᠤᠯᠭᠠᠷᠠᠭ᠍ᠰᠠᠨ ᠬᠦᠴᠢᠷ ᠠᠰᠠᠭᠤᠳᠠᠯ᠂ ᠲᠦᠭ᠌ᠵᠢᠷᠡᠯ ᠠᠰᠠᠭᠤᠳᠠᠯ᠎ᠢ ᠰᠠᠨᠠᠭᠠᠴᠢᠯᠠᠭ᠎ᠠᠡᠴᠠ᠎ᠪᠠᠨ ᠵᠣᠬᠢᠴᠠᠭᠤᠯᠤᠨ ᠱᠢᠶ᠋ᠳᠪᠦᠷᠢᠯᠡᠪᠠ᠃ ᠣᠢᠷ᠎ᠠ᠎ᠳᠤ᠂ ᠤᠯᠠᠭᠠᠨᠬᠠᠳᠠ᠎ᠶ᠋ᠢᠨ ᠷᠦᠨ ᠭᠠᠩ ᠪᠣᠯᠣᠳ ᠪᠦᠲᠦᠴᠡ᠎ᠶ᠋ᠢᠨ ᠢᠨᠵᠧᠨᠧᠷᠢᠩ᠎ᠦᠨ ᠬᠢᠵᠠᠭᠠᠷᠲᠤ ᠺᠣᠮᠫᠠᠨᠢ᠎ᠶ᠋ᠢᠨ ᠵᠢᠯ᠎ᠳᠦ 10 ᠲᠦᠮᠡᠨ ᠲᠣᠨ ᠪᠣᠯᠣᠳ ᠲᠣᠨᠣᠭ᠍ᠯᠠᠭᠠᠰᠤ ᠦᠶ᠋ᠯᠡᠳᠪᠦᠷᠢᠯᠡᠬᠦ᠌ ᠲᠥᠷᠥᠯ ᠵᠦᠶ᠋ᠯ᠎ᠨᠢ ᠵᠥᠪᠬᠡᠨ 5 ᠡᠳᠦᠷ ᠬᠡᠷᠡᠭ᠌ᠰᠡᠨ ᠭᠠᠵᠠᠷ ᠬᠡᠷᠡᠭ᠌ᠯᠡᠬᠦ᠌ ᠲᠥᠯᠥᠪᠵᠢᠭᠦᠯᠭᠡ᠎ᠶ᠋ᠢᠨ ᠵᠥᠪᠱᠢᠶᠡᠷᠡᠯ᠂ ᠢᠨᠵᠧᠨᠧᠷᠢᠩ᠎ᠦᠨ ᠲᠥᠯᠥᠪᠵᠢᠭᠦᠯᠭᠡ᠎ᠶ᠋ᠢᠨ ᠵᠥᠪᠱᠢᠶᠡᠷᠡᠯ᠂ ᠪᠠᠷᠢᠯᠭ᠎ᠠ᠎ᠶ᠋ᠢᠨ ᠠᠵᠢᠯ᠎ᠤᠨ ᠵᠥᠪᠱᠢᠶᠡᠷᠡᠯ ᠵᠡᠷᠭᠡ ᠭᠠᠷᠳᠠᠮ᠎ᠢ ᠭᠦᠢᠴᠡᠳᠭᠡᠵᠦ ᠳᠠᠭᠤᠰᠬᠠᠭᠰᠠᠨ ᠪᠠᠢᠨ᠎ᠠ᠃ ᠲᠣᠰ ᠲᠥᠷᠥᠯ ᠵᠦᠶ᠋ᠯ᠎ᠦᠨ ᠬᠠᠮᠢᠶ᠎ᠠ ᠪᠥᠬᠥᠶ ᠭᠠᠷᠳᠠᠮ᠎ᠢ ᠭᠦᠶ᠋ᠴᠡᠳᠭᠡᠬᠦ᠌ ᠶᠠᠪᠤᠴᠠ᠎ᠳᠤ᠂ ᠤᠯᠠᠭᠠᠨᠬᠠᠳᠠ ᠬᠣᠲᠠ᠎ᠶ᠋ᠢᠨ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠲᠤᠰᠭᠠᠶ ᠠᠩᠭᠢᠰᠠᠨᠠᠭᠠᠴᠢᠯᠠᠭᠠᠡᠴᠡᠪᠠᠨ ᠲᠥᠷᠥᠯ ᠵᠦᠶ᠋ᠯ᠎ᠦᠨ ᠨᠢᠭᠡᠴᠢ᠎ᠲᠡᠶ ᠵᠣᠯᠭᠠᠯᠴᠠᠵᠤ᠂ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠵᠣᠬᠢᠴᠠᠭᠤᠯᠵᠤ ᠪᠠᠢᠭᠠᠳ ᠤᠤᠯ᠎ᠤᠨ ᠠᠮᠠᠯᠠᠯᠲᠠ᠎ᠶ᠋ᠢᠨ ᠴᠠᠭ᠎ᠡᠴᠡ 20 ᠱᠢᠬᠠᠮ ᠠᠵᠢᠯ᠎ᠤᠨ ᠡᠳᠦᠷ ᠤᠷᠢᠳᠴᠢᠯᠠᠭᠤᠯᠵᠤ᠂ ᠭᠠᠷᠳᠠᠮ ᠭᠦᠶ᠋ᠴᠡᠳᠭᠡᠬᠦ᠌ ᠦᠷ᠎ᠡ ᠪᠦᠲᠦᠮᠵᠢ᠎ᠶ᠋ᠢ ᠶᠡᠬᠡᠪᠡᠷ ᠳᠡᠭᠡᠭ᠌ᠰᠢᠯᠡᠭᠦᠯᠪᠡ᠃
ᠪᠤᠭᠤᠲᠤ ᠬᠣᠲᠠ ᠤᠷᠢᠳ ᠵᠢᠨᠷ ᠵᠥᠪᠳᠡᠯᠴᠡᠬᠦ᠌᠂ ᠤᠷᠢᠳ ᠵᠢᠨᠷ ᠬᠢᠨᠠᠨ ᠵᠥᠪᠱᠢᠶᠡᠷᠡᠬᠦ᠌᠂ ᠤᠷᠢᠳ ᠵᠢᠨᠷ ᠨᠠᠢᠳᠠᠪᠤᠷᠢᠵᠢᠭᠤᠯᠬᠤ ᠰᠠᠭᠠᠳ ᠥᠬᠡᠶ ᠨᠡᠪᠲᠡᠷᠡᠬᠦ᠌ ᠵᠠᠮ᠎ᠢᠶᠠᠷ ᠳᠡᠮᠵᠢᠨ᠂ ᠨᠢᠭᠡᠨᠲᠡ ᠭᠤᠤᠯᠳᠠᠯᠭ᠎ᠠ᠎ᠲᠠᠶ ᠬᠣᠪᠣᠷ ᠱᠢᠷᠣᠶ᠎ᠶ᠋ᠢᠨ ᠠᠵᠤ ᠦᠶ᠋ᠯᠡᠰ᠎ᠲᠦ 655 ᠵᠦᠶ᠋ᠯ᠎ᠦᠨ ᠭᠠᠷᠳᠠᠮ᠎ᠢ ᠭᠦᠶ᠋ᠴᠡᠳᠭᠡᠵᠦ᠍᠂ ᠭᠦᠶ᠋ᠴᠡᠳᠭᠡᠵᠦ ᠳᠠᠭᠤᠰᠬᠠᠭᠰᠠᠨ ᠨᠣᠷᠮ᠎ᠠ 86.9%᠎ᠳᠤ ᠬᠦᠷᠴᠡᠢ᠃
ᠲᠦᠷᠦᠯ ᠵᠦᠢᠯ᠎ᠢ ᠠᠳᠭᠤᠬᠤ ᠪᠣᠯ ᠳᠠᠷᠤᠢ ᠬᠥᠭ᠌ᠵᠢᠯᠲᠡ᠎ᠶ᠋ᠢ ᠠᠳᠭᠤᠵᠤ ᠪᠠᠢᠭ᠎ᠠ ᠶᠠᠪᠤᠳᠠᠯ ᠮᠥᠨ᠂ ᠲᠦᠷᠦᠯ ᠵᠦᠢᠯ᠎ᠢ ᠲᠥᠯᠥᠪᠵᠢᠭᠦᠯᠬᠦ᠌ ᠪᠣᠯ ᠳᠠᠷᠤᠢ ᠢᠷᠡᠭᠡᠳᠦᠢ᠎ᠶ᠋ᠢ ᠲᠦᠯᠦᠪᠵᠢᠭᠦᠯᠵᠦ ᠪᠠᠢᠭ᠎ᠠ ᠶᠠᠪᠤᠳᠠᠯ ᠮᠥᠨ᠃ 《ᠲᠠᠷᠠᠭᠠᠴᠢ᠎ᠶ᠋ᠢᠨ ᠠᠯᠬᠤᠮ᠎ᠳᠤ᠂ ᠪᠢᠳᠡ ᠴᠢᠬᠤᠯᠠ ᠶᠡᠬᠡ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠭᠠᠷᠳᠠᠮ ᠭᠦᠶ᠋ᠴᠡᠳᠭᠡᠬᠦ᠌᠎ᠶ᠋ᠢ ᠤᠯᠠᠮ ᠨᠢᠭᠡ ᠠᠯᠬᠤᠮ ᠲᠦᠷᠭᠡᠳᠭᠡᠨ᠎ᠡ᠃ ᠭᠤᠷᠪᠠᠨ ᠱᠠᠲᠤᠨ᠎ᠤ ᠬᠠᠮᠲᠤᠷᠠᠨ ᠬᠢᠨᠠᠵᠤ ᠬᠠᠮᠲᠤᠷᠠᠨ ᠵᠥᠪᠱᠢᠶᠡᠷᠡᠬᠦ᠌ ᠠᠵᠢᠯ᠎ᠤᠨ ᠲᠣᠭ᠍ᠲᠠᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠡᠯ᠎ᠡ ᠱᠠᠲᠤᠨ᠎ᠤ ᠬᠢᠨᠠᠨ ᠵᠥᠪᠱᠢᠶᠡᠷᠡᠬᠦ᠌ ᠰᠠᠯᠠᠭ᠎ᠠ ᠮᠥᠴᠢᠷ᠎ᠦᠨ ᠰᠠᠨᠠᠭᠠᠴᠢᠯᠠᠭ᠎ᠠ᠎ᠡᠴᠡ᠎ᠪᠠᠨ ᠦᠶ᠋ᠯᠡᠴᠢᠯᠡᠬᠦ᠌᠂ ᠤᠷᠢᠳᠴᠢᠯᠠᠨ ᠣᠷᠣᠯᠴᠠᠬᠤ᠂ ᠳᠤᠲᠠᠭ᠍ᠳᠠᠯ᠎ᠢ᠎ᠨᠢ ᠪᠠᠭ᠍ᠲᠠᠭᠠᠵᠤ ᠭᠥᠯᠢᠶᠡᠨ ᠠᠪᠴᠤ᠌ ᠱᠢᠶ᠋ᠳᠪᠦᠷᠢᠯᠡᠬᠦ᠌᠂ ᠨᠡᠢᠯᠡᠭᠦᠯᠦᠨ ᠬᠢᠨᠠᠨ ᠵᠥᠪᠱᠢᠶᠡᠷᠡᠬᠦ᠌᠎ᠶ᠋ᠢ ᠠᠬᠢᠭᠤᠯᠤᠨ᠂ ᠭᠠᠷᠠᠭ᠎ᠢᠶᠠᠷ ᠳᠣᠭᠢᠷᠠᠭᠤᠯᠬᠤ᠂ ᠰᠠᠷ᠎ᠠ᠎ᠪᠠᠷ ᠮᠡᠳᠡᠭᠦᠯᠬᠦ᠌᠂ ᠰᠠᠷ᠎ᠠ᠎ᠪᠠᠷ ᠵᠠᠷᠯᠠᠬᠤ ᠦᠶ᠋ᠯᠡᠳᠦᠯ᠎ᠢ ᠰᠠᠢᠲᠤᠷ ᠪᠠᠳᠠᠷᠠᠭᠤᠯᠵᠤ᠂ ᠠᠬᠢᠴᠠ᠎ᠪᠠᠷ ᠤᠳᠠᠭᠠᠨ ᠪᠠᠢᠭ᠎ᠠ ᠬᠢᠨᠠᠨ ᠵᠥᠪᠱᠢᠶᠡᠷᠡᠬᠦ᠌ ᠵᠦᠶ᠋ᠯᠡᠰ᠎ᠢ ᠴᠠᠭ ᠲᠤᠬᠠᠶ᠎ᠳᠤᠨᠢ ᠮᠥᠷᠳᠡᠨ ᠳᠠᠭᠠᠵᠤ᠂ ᠭᠤᠤᠯᠳᠠᠯᠭ᠎ᠠ᠎ᠲᠠᠶ ᠱᠢᠶ᠋ᠳᠪᠦᠷᠢᠯᠡᠵᠦ᠍᠂ ᠡᠯ᠎ᠡ ᠵᠦᠶ᠋ᠯ᠎ᠦᠨ ᠭᠠᠷᠳᠠᠮ᠎ᠢ ᠬᠢᠨᠠᠨ ᠵᠥᠪᠱᠢᠶᠡᠷᠡᠬᠦ᠌ ᠡᠬᠡ ᠲᠠᠩᠰᠠ᠎ᠳᠤ ᠲᠣᠳᠣᠷᠬᠠᠢᠯᠠᠭᠰᠠᠨ ᠴᠠᠭ ᠬᠤᠭᠤᠴᠠᠭ᠎ᠠ ᠶᠣᠰᠣᠭᠠᠷ ᠭᠦᠶ᠋ᠴᠡᠳᠭᠡᠵᠦ᠍ ᠳᠠᠭᠤᠰᠭᠠᠬᠤ᠎ᠶ᠋ᠢ ᠦᠨᠡᠨ ᠬᠦ᠌ ᠪᠠᠲᠤᠯᠠᠨ᠎ᠠ᠃ ᠡᠭᠦᠨ᠎ᠦ ᠬᠠᠮᠲᠤ᠂ ᠪᠢᠳᠡ ᠰᠦᠯᠵᠢᠶᠡᠨ᠎ᠦ ᠪᠠᠯᠠ ᠣᠷᠣᠭᠤᠯᠤᠯᠲᠠ᠎ᠶ᠋ᠢ ᠬᠢᠨᠠᠨ ᠵᠥᠪᠱᠢᠶᠡᠷᠡᠵᠦ᠍ ᠬᠢᠨᠠᠨ ᠬᠠᠮᠢᠶᠠᠷᠬᠤ ᠲᠠᠪᠴᠠᠩ᠎ᠢ ᠲᠠᠰ ᠳᠡᠪᠱᠢᠭᠦᠯᠵᠦ᠍᠂ ᠪᠥᠬᠥ᠌ ᠤᠯᠤᠰ᠎ᠤᠨ ᠲᠡᠷᠢᠭᠦᠨ ᠵᠡᠷᠭᠡ᠎ᠶ᠋ᠢᠨ ᠴᠢᠬᠤᠯᠠ ᠶᠡᠬᠡ ᠲᠥᠷᠥᠯ ᠵᠦᠶ᠋ᠯ᠎ᠢ ᠬᠠᠮᠲᠤᠷᠠᠨ ᠬᠢᠨᠠᠵᠤ ᠬᠠᠮᠲᠤᠷᠠᠨ ᠵᠥᠪᠱᠢᠶᠡᠷᠡᠬᠦ᠌ ᠣᠶᠤᠨᠲᠦ ᠬᠠᠮᠢᠶᠠᠷᠤᠯᠲᠠ᠎ᠶ᠋ᠢᠨ ᠲᠠᠪᠴᠠᠩ᠎ᠢ ᠪᠠᠢᠭᠤᠯᠵᠤ᠂ ᠡᠮᠦᠨᠡᠬᠢ ᠬᠤᠭᠤᠴᠠᠭᠠᠨ᠎ᠤ ᠭᠠᠷ ᠭᠦᠶ᠋ᠴᠡᠳᠭᠡᠯ᠎ᠢ ᠬᠢᠨᠠᠨ ᠵᠥᠪᠱᠢᠶᠡᠷᠡᠯᠲᠡᠵᠢᠨ ᠪᠥᠬᠥ᠌ ᠶᠠᠪᠤᠴᠠ᠎ᠵᠢᠨ᠂ ᠲᠣᠭᠠᠴᠢᠯᠠᠭᠰᠠᠨ᠂ ᠤᠶᠤᠨᠴᠢᠯᠠᠭᠰᠠᠨ᠂ ᠬᠠᠮᠵᠢᠯᠴᠠᠭᠰᠠᠨ ᠬᠠᠮᠢᠶᠠᠷᠤᠯᠲᠠ᠎ᠶ᠋ᠢ ᠪᠡᠶᠡᠯᠡᠭᠦᠯᠦᠨ᠎ᠡ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠬᠡᠯᠡᠪᠡ᠃