ᠭᠦᠨᠵᠡᠭᠡᠢ ᠰᠤᠷᠤᠯᠴᠠᠨ ᠨᠠᠷᠢᠨ ᠤᠬᠠᠵᠤ ᠴᠢᠲᠠᠪᠤᠷᠢ ᠪᠡᠨ ᠳᠡᠭᠡᠭ᠌ᠰᠢᠯᠡᠭᠦᠯᠦᠨ ᠮᠡᠳᠡᠬᠥᠢ ᠬᠢᠬᠥᠢ ᠪᠡᠨ ᠨᠢᠭᠡᠳᠭᠡᠵᠦ᠍ ᠪᠣᠳᠠᠲᠤ ᠠᠮᠵᠢᠯᠲᠠ ᠵᠢ ᠡᠭᠦᠳᠦᠨ᠎ᠡ — ᠪᠥᠬᠥ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍ ᠪᠣᠶ
2026-03-27 09:52:25
ᠵᠣᠬᠢᠶᠠᠭ᠍ᠴᠢ᠄
ᠯᠢᠦ ᡁᠢ ᠱᠢᠶᠠᠨ ᠬᠤᠤ ᠵᠢᠶᠠ ᠯᠢ ᠱᠤᠸᠠᠢ ᠵᠧᠩ ᠰᠥᠩ ᠠ ᠨᠠᠨ
ᠣᠩᠱᠢᠭ᠍ᠰᠠᠨ ᠣᠳᠠᠭ᠎ᠠ᠄
★★★☆☆

ᠤᠷᠢᠬᠠᠨ ᠬᠠᠪᠤᠷ ᠰᠠᠭᠠᠳᠠᠵᠤ᠂ ᠡᠷᠡᠯᠬᠡᠭ᠌ᠯᠡᠨ ᠲᠡᠮᠡᠴᠡᠬᠦ ᠴᠠᠭ ᠪᠤᠯᠤᠯ᠎ᠠ᠃ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ᠎ᠬᠢᠨ ᠳᠠᠷᠤᠶ ᠲᠦᠷᠭᠡᠨ ᠬᠦᠳᠡᠯᠦᠯᠴᠠᠵᠥ᠂ ᠨᠠᠷᠢᠨ ᠨᠢᠮᠪᠠᠶ ᠵᠣᠬᠢᠶᠠᠨ ᠪᠠᠢᠭᠤᠯᠵᠤ᠂ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠨᠠᠷᠢᠯᠢᠬ᠍ᠵᠢᠭᠤᠯᠤᠨ ᠲᠣᠬᠢᠷᠠᠭᠤᠯᠵᠤ᠂ ᠰᠤᠷᠤᠯᠴᠠᠯᠭ᠎ᠠ ᠬᠥᠮᠦᠵᠢᠯ᠎ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠵᠢᠯᠣᠭᠣᠳᠴᠤ᠌ ᠰᠡᠳᠭᠢᠯ᠎ᠳ᠋ᠤᠨᠢ ᠰᠠᠭᠤᠭᠳᠠᠭᠤᠯᠵᠤ᠂ ᠪᠣᠳᠠᠲᠠᠶ ᠠᠵᠢᠯᠯᠠᠭᠤᠯᠵᠤ᠂ ᠠᠵᠢᠯ᠎ᠤᠨ ᠪᠦᠲᠦᠮᠵᠢ᠎ᠶ᠋ᠢᠨ ᠵᠦᠪ ᠦᠵᠡᠯᠲᠡ᠎ᠪᠡᠷ ᠠᠵᠢᠯ ᠬᠢᠵᠦ᠍ ᠦᠶ᠋ᠯᠡᠰ ᠪᠤᠰᠬᠠᠨ᠎ᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠬᠤᠷᠠᠯ ᠬᠤᠷᠠᠯᠳᠤᠭᠤᠯᠵᠤ᠂ ᠨᠢᠭᠡᠳᠦᠯᠲᠡᠶ ᠤᠬᠠᠭᠠᠯᠠᠨ ᠲᠦᠯᠦᠪᠯᠡᠬᠦ ᠵᠢ ᠴᠢᠬᠤᠯᠠᠴᠢᠯᠠᠵᠤ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠲᠠᠶ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠶ᠃ ᠰᠤᠷᠤᠯᠴᠠᠵᠥ᠍ ᠰᠤᠳᠤᠯᠤᠨ ᠶᠠᠷᠢᠯᠴᠠᠬᠤ ᠵᠢ ᠪᠣᠳᠠᠲᠠᠢ ᠬᠢᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠦᠵᠡᠯ ᠰᠠᠨᠠᠭᠠᠨ᠎ᠤ ᠰᠠᠭᠤᠷᠢ᠎ᠪᠠᠨ ᠤᠯᠠᠮ ᠨᠢᠭᠡ ᠠᠯᠬᠤᠮ ᠪᠡᠬᠢᠵᠢᠭᠦᠯᠵᠦ᠍᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠰᠡᠳᠭᠢᠯ᠎ᠳᠡᠭᠡᠨ ᠱᠢᠩᠭᠡᠭᠡᠵᠦ᠍᠂ ᠠᠵᠢᠯᠯᠠᠭ᠎ᠠ᠎ᠳᠠᠭᠠᠨ ᠢᠯᠡᠷᠡᠭᠦᠯᠬᠦ᠌᠎ᠬᠡᠷᠡᠭ᠌ᠲᠡᠢ᠃ ᠠᠰᠠᠭᠤᠳᠠᠯ᠎ᠢ ᠪᠠᠢᠴᠠᠭᠠᠨ ᠳᠡᠯᠭᠡᠬᠦ ᠵᠢ ᠪᠤᠳᠠᠳᠠᠢᠵᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠵᠥᠷᠢᠶ᠎ᠠ᠎ᠶ᠋ᠢᠨ ᠭᠣᠣᠯ ᠠᠰᠠᠭᠤᠳᠠᠯ᠎ᠤᠨ ᠨᠠᠷᠢᠨ ᠲᠠᠩᠰᠠ᠎ᠲᠠᠶ ᠬᠠᠷᠭᠤᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠲᠠᠯ᠎ᠠ᠎ᠪᠠᠷ ᠣᠷᠣᠱᠢᠵᠤ ᠪᠠᠢᠭ᠎ᠠ ᠠᠰᠠᠭᠤᠳᠠᠯ᠎ᠢ ᠭᠦᠨᠵᠡᠭᠡᠢ ᠪᠠᠢᠴᠠᠭᠠᠨ ᠡᠷᠢᠵᠦ᠍᠂ ᠤᠬᠠᠮᠰᠠᠷ ᠡᠴᠡ᠎ᠪᠠᠨ ᠨᠠᠮᠴᠢ ᠴᠢᠨᠠᠷ᠎ᠤᠨ ᠲᠠᠯ᠎ᠠ ᠡᠴᠡ ᠵᠥᠷᠢᠶ᠎ᠠ᠎ᠪᠡᠨ ᠡᠷᠢᠵᠦ᠍᠂ ᠦᠨᠳᠦᠰᠦ ᠰᠤᠷᠪᠤᠯᠵᠢ᠎ᠶ᠋ᠢ ᠨᠢ ᠪᠠᠢᠴᠠᠭᠠᠵᠤ᠂ ᠬᠡᠪ ᠪᠣᠯᠪᠠᠰᠤᠷᠠᠯ᠎ᠢᠶᠠᠨ ᠴᠢᠩᠭᠠᠳᠭᠠᠬᠤ ᠬᠡᠷᠡᠭ᠌ᠲᠡᠢ᠃ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠪᠣᠳᠠᠲᠠᠢᠵᠢᠭᠤᠯᠵᠤ᠂ ᠠᠰᠠᠭᠤᠳᠠᠯ᠎ᠤᠨ ᠨᠠᠷᠢᠨ ᠲᠠᠩᠰᠠ᠎ᠶ᠋ᠢ ᠲᠣᠭ᠍ᠲᠠᠭᠠᠵᠤ᠂ ᠴᠡᠭ᠌ᠴᠡᠯᠡᠨ ᠰᠠᠢᠵᠢᠷᠠᠭᠤᠯᠬᠤ ᠡᠬᠡ ᠲᠠᠩᠰᠠ᠎ᠶ᠋ᠢ ᠪᠠᠢᠭᠤᠯᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠂ ᠪᠡᠶᠡᠯᠡᠭᠦᠯᠬᠦ ᠴᠠᠭ᠎ᠤᠨ ᠬᠢᠵᠠᠭᠠᠷ ᠢ᠋ ᠲᠣᠳᠣᠷᠬᠠᠢᠯᠠᠵᠤ᠂ ᠬᠠᠮᠢᠶ᠎ᠠ ᠪᠥᠬᠥᠶ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠪᠥᠬᠥ᠌ ᠬᠦᠴᠦᠨ᠎ᠢᠶᠡᠷ ᠵᠢᠡᠨ ᠠᠬᠢᠭᠤᠯᠬᠤ ᠬᠡᠷᠡᠭ᠌ᠲᠡᠶ᠃ ᠲᠦᠷᠢᠮ ᠲᠣᠭ᠍ᠲᠠᠭᠠᠯ ᠲᠣᠭ᠍ᠲᠠᠭᠠᠬᠤ᠎ᠶ᠋ᠢ ᠪᠣᠳᠠᠲᠠᠢᠵᠢᠭᠤᠯᠵᠤ᠂ ᠴᠢᠨᠠᠷ ᠰᠠᠢᠲᠠᠢ ᠪᠦᠲᠦᠮᠵᠢᠲᠡᠢ ᠪᠡᠷ ᠬᠡᠷᠡᠭ ᠱᠢᠢᠳᠪᠦᠷᠢᠯᠡᠬᠦ᠌ ᠲᠦᠷᠢᠮ ᠲᠣᠭ᠍ᠲᠠᠴᠠ᠎ᠶ᠋ᠢ ᠪᠦᠷᠢᠨᠱᠢᠬᠦᠯᠵᠤ᠂ ᠬᠥᠮᠦᠨ ᠬᠡᠷᠡᠭ᠌ᠯᠡᠬᠦ᠌ ᠪᠠ ᠬᠢᠨᠠᠨ ᠱᠢᠯᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠶ᠋ᠢ ᠪᠠᠢᠩᠭᠤᠵᠢᠭᠤᠯᠬᠤ᠂ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ᠎ᠶ᠋ᠢ ᠠᠬᠢᠭᠤᠯᠬᠤ ᠬᠡᠷᠡᠭ᠌ᠲᠡᠢ᠃ ᠡᠭᠦᠳᠡ᠎ᠪᠡᠨ ᠨᠡᠭᠡᠭᠡᠵᠦ ᠬᠦᠮᠦᠵᠢᠭᠦᠯᠬᠦ᠎ᠶᠢ ᠪᠣᠳᠠᠲᠠᠢ ᠬᠢᠵᠦ᠍᠂ ᠤᠯᠠᠨ ᠲᠦᠮᠡᠨ᠎ᠦ ᠣᠷᠣᠯᠴᠠᠬᠤ ᠠᠷᠭ᠎ᠠ ᠵᠠᠮ᠎ᠢ ᠱᠢᠯᠤᠭᠤᠳᠭᠠᠵᠤ᠂ ᠤᠯᠠᠨ ᠲᠦᠮᠡᠨ᠎ᠦ ᠬᠢᠨᠠᠯᠲᠠ᠎ᠶ᠋ᠢ ᠤᠬᠠᠮᠰᠠᠷ ᠡᠴᠡ᠎ᠪᠠᠨ ᠬᠦᠯᠢᠶᠡᠵᠦ᠍᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠮᠡᠳᠡᠷᠡᠭᠦᠯᠬᠦ ᠬᠡᠷᠡᠭ᠌ᠲᠡᠢ ᠭᠡᠵᠤ ᠴᠢᠬᠤᠯᠠᠴᠢᠯᠠᠵᠠᠢ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠡᠴᠡ ᠨᠠᠮ᠎ᠤᠨ ᠲᠥᠪ ᠬᠣᠷᠢᠶ᠎ᠠ᠎ᠶ᠋ᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠥᠬᠥ᠌ ᠣᠷᠣᠨ᠎ᠤ ᠰᠤᠷᠭᠠᠨ ᠬᠥᠮᠦᠵᠢᠯ᠎ᠦᠨ ᠠᠵᠢᠯ᠎ᠤᠨ ᠭᠤᠤᠯᠳᠠᠯᠭ᠎ᠠ᠎ᠯᠤᠭ᠎ᠠ ᠤᠶᠠᠯᠳᠤᠭᠤᠯᠤᠨ᠂ ᠡᠭᠦᠷᠭᠡ᠎ᠶ᠋ᠢᠨ ᠠᠵᠢᠯ᠎ᠤᠨ ᠬᠤᠪᠢᠶᠠᠷᠢᠯᠠᠯ᠎ᠢ ᠨᠠᠷᠢᠯᠢᠬ᠍ᠵᠢᠭᠤᠯᠵᠤ᠂ ᠡᠯ᠎ᠡ ᠱᠠᠲᠤᠨ᠎ᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠰᠤᠷᠤᠯᠴᠠᠯᠭ᠎ᠠ ᠬᠥᠮᠦᠵᠢᠯ ᠬᠢᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠂ ᠴᠢᠨᠠᠷ ᠰᠠᠢᠲᠠᠶ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠬᠠᠩᠭᠠᠯᠭ᠎ᠠ ᠵᠡᠷᠭᠡ ᠭᠤᠤᠯᠳᠠᠯᠭ᠎ᠠ᠎ᠲᠠᠶ ᠠᠵᠢᠯ᠎ᠢ ᠨᠢᠭ᠍ᠲᠠ ᠤᠶᠠᠯᠳᠤᠭᠤᠯᠤᠨ᠂ ᠰᠤᠷᠤᠯᠴᠠᠯᠭ᠎ᠠ ᠬᠥᠮᠦᠵᠢᠯ ᠬᠢᠭᠡᠳ ᠰᠤᠷᠭᠠᠨ ᠬᠥᠮᠦᠵᠢᠯ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠬᠠᠮᠲᠤ᠎ᠳᠤᠨᠢ ᠪᠠᠢᠷᠢᠯᠠᠭᠤᠯᠬᠤ ᠪᠠ ᠬᠠᠮᠲᠤ᠎ᠳᠤᠨᠢ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ ᠲᠤᠰᠭᠠᠶ ᠰᠡᠳᠦᠪᠲᠦ ᠨᠣᠮ ᠤᠩᠱᠢᠬᠤ ᠠᠩᠭᠢ᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ᠂ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠬᠡᠯᠪᠡᠷᠢ᠎ᠪᠡᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠪᠠ; ᠵᠠᠰᠠᠭ ᠤ᠋ᠨ ᠠᠵᠢᠯ᠎ᠤᠨ ᠪᠦᠳᠦᠮᠵᠢ ᠵᠢᠨ ᠦᠵᠡᠯᠲᠡ᠎ᠶ᠋ᠢᠨ ᠵᠥᠷᠢᠶ᠎ᠡ᠎ᠶ᠋ᠢᠨ ᠭᠤᠤᠯ ᠠᠰᠠᠭᠤᠳᠠᠯ᠎ᠤᠨ ᠨᠠᠷᠢᠨ ᠲᠠᠩᠰᠠ᠎ᠲᠠᠶ ᠬᠠᠷᠭᠤᠭᠤᠯᠵᠤ᠂ ᠰᠠᠬᠢᠯᠭ᠎ᠠ ᠪᠠᠲᠤ ᠪᠠᠢᠴᠠᠭᠠᠬᠤ᠂ ᠲᠣᠭᠣᠷᠢᠨ ᠪᠠᠢᠴᠠᠭᠠᠬᠤ᠂ ᠬᠢᠨᠠᠨ ᠪᠤᠳᠤᠬᠤ ᠵᠡᠷᠭᠡ ᠬᠠᠷᠢᠭᠤ ᠲᠤᠰᠭᠠᠭ᠍ᠰᠠᠨ ᠠᠰᠠᠭᠤᠳᠠᠯ᠎ᠲᠠᠶ ᠤᠶᠠᠯᠳᠤᠭᠤᠯᠤᠨ᠂ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ᠎ᠶ᠋ᠢ ᠭᠦᠨᠵᠡᠭᠡᠶ ᠥᠷᠨᠢᠭᠦᠯᠵᠦ᠍᠂ ᠰᠤᠷᠭᠠᠨ ᠬᠥᠮᠦᠵᠢᠯ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢᠨ ᠲᠦᠭ᠌ᠵᠢᠷᠡᠯ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠰᠠᠭᠤᠳᠠᠯ᠎ᠤᠨ ᠨᠠᠷᠢᠨ ᠲᠠᠩᠰᠠ ᠪᠠ ᠲᠥᠪᠯᠡᠷᠡᠭᠦᠯᠦᠨ ᠴᠡᠭ᠌ᠴᠡᠯᠡᠨ ᠵᠠᠰᠠᠬᠤ ᠡᠬᠡ ᠲᠠᠩᠰᠠ᠎ᠶ᠋ᠢ ᠪᠦᠷᠢᠯᠳᠦᠭᠦᠯᠪᠠ; ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠶ᠋ᠢ ᠰᠤᠷᠭᠠᠨ ᠬᠥᠮᠦᠵᠢᠯ᠎ᠦᠨ ᠱᠢᠰᠲ᠋ᠧᠮ᠎ᠦᠨ ᠨᠠᠮ᠎ᠤᠨ ᠪᠠᠢᠭᠤᠯᠤᠯᠲᠠ᠂ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠂ ᠰᠤᠷᠭᠠᠨ ᠬᠥᠮᠦᠵᠢᠯ᠎ᠦᠨ ᠦᠢᠯᠡᠰ᠎ᠦᠨ ᠬᠥᠭ᠌ᠵᠢᠯᠲᠡ᠎ᠶ᠋ᠢᠨ ᠡᠯ᠎ᠡ ᠵᠦᠢᠯ᠎ᠦᠨ ᠠᠵᠢᠯ᠎ᠳᠤ ᠠᠭᠤᠰᠭᠠᠨ ᠣᠷᠣᠭᠤᠯᠵᠤ᠂ ᠠᠷᠠᠳ ᠲᠦᠮᠡᠨ ᠤ᠋ ᠲᠦᠯᠤᠭᠡ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠠᠷ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠬᠤ᠎ᠶ᠋ᠢ ᠴᠢᠷᠮᠠᠢᠨ ᠪᠡᠶᠡᠯᠡᠭᠦᠯᠪᠠ᠃ ᠡᠯ᠎ᠡ ᠱᠢᠭᠤᠳ ᠬᠠᠷᠢᠶ᠎ᠠ ᠶᠡᠬᠡ ᠳᠡᠭᠡᠳᠦ ᠰᠤᠷᠭᠠᠭᠤᠯᠢ ᠪᠠᠢᠷᠢᠯᠠᠭᠤᠯᠤᠯᠲᠠ᠎ᠶ᠋ᠢ ᠴᠢᠩᠭ᠎ᠠ ᠳᠠᠭᠠᠵᠤ᠂ ᠢᠵᠢᠯ ᠴᠢᠭ᠌ᠯᠡᠯ᠎ᠢᠶᠡᠷ ᠬᠦᠴᠦᠯᠡᠵᠦ᠍᠂ ᠰᠤᠷᠤᠯᠴᠠᠯᠭ᠎ᠠ ᠬᠥᠮᠦᠵᠢᠯ᠎ᠢᠶᠡᠷ ᠰᠤᠷᠭᠠᠨ ᠬᠥᠮᠦᠵᠢᠯ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠵᠤ᠂ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭ᠌ᠵᠢᠭᠦᠯᠬᠦ᠌ ᠪᠥᠲᠥᠭᠡᠨ ᠪᠠᠢᠭᠤᠯᠤᠯᠲᠠ᠎ᠳᠤ ᠬᠦᠴᠦᠨ ᠤᠯᠭᠤᠪᠠ᠃

ᠣᠢᠷ᠎ᠠ᠎ᠵᠢᠨ ᠡᠳᠤᠷ᠂ ᠥᠪᠥᠷ ᠮᠣᠩᠭᠣᠯ᠎ᠤᠨ ᠥᠮᠴᠢᠯᠡᠯ ᠤ᠋ᠨ ᠡᠷᠬᠡ᠎ᠶ᠋ᠢᠨ ᠠᠷᠠᠯᠵᠢᠶᠠᠨ ᠤ᠋ ᠲᠥᠪ᠎ᠤᠨ ᠬᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠪᠥᠬᠥ᠌ ᠨᠠᠮ᠎ᠤᠨ ᠭᠡᠱᠢᠭᠦᠳ ᠤ᠋ᠨ ᠶᠡᠷᠦᠩᠬᠡᠶ ᠱᠠᠭᠠᠷᠳᠠᠯᠭ᠎ᠠ᠎ᠶ᠋ᠢᠨ ᠲᠣᠭᠣᠷᠢᠨ᠎ᠳᠤ ᠰᠤᠷᠤᠯᠴᠠᠯᠭ᠎ᠠ ᠬᠥᠮᠦᠵᠢᠯ ᠥᠷᠨᠢᠭᠦᠯᠬᠦ᠌᠎ᠶ᠋ᠢ ᠢᠳᠡᠪᠬᠢᠲᠡᠶ ᠪᠠᠢᠷᠢᠯᠠᠭᠤᠯᠵᠤ᠂ ᠨᠠᠮ᠎ᠤᠨ ᠭᠡᠱᠢᠭᠦᠨ ᠺᠠᠳ᠋ᠷ᠎ᠢ ᠪᠥᠬᠥ᠌ ᠣᠷᠣᠨ᠎ᠤ ᠡᠯᠧᠮᠧᠨ᠋ᠲ᠎ᠦᠨ ᠡᠬᠢ ᠪᠠᠶᠠᠯᠢᠭ᠎ᠤᠨ ᠡᠷᠭᠢᠯᠲᠡ᠎ᠳᠦ ᠦᠶ᠋ᠯᠡᠴᠢᠯᠡᠬᠦ᠌᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠳᠦ ᠬᠦᠴᠦᠨ ᠨᠡᠮᠡᠷᠢᠯᠡᠬᠦ᠌ ᠪᠣᠳᠠᠲᠠᠶ ᠪᠠᠢᠳᠠᠯ ᠯᠤᠭ᠎ᠠ ᠤᠶᠠᠯᠳᠤᠭᠤᠯᠵᠤ᠂ ᠢᠮᠠᠭ᠍ᠲᠠ《ᠠᠷᠠᠳ ᠲᠦᠮᠡᠨ᠎ᠳᠦ ᠪᠤᠶᠠᠨ ᠦᠶ᠋ᠯᠡᠳᠬᠦ᠌ ᠪᠣᠯ ᠬᠠᠮᠤᠭ᠎ᠤᠨ ᠶᠡᠬᠡ ᠵᠠᠰᠠᠭ ᠤ᠋ᠨ ᠠᠵᠢᠯ᠎ᠤᠨ ᠪᠦᠲᠦᠮᠵᠢ ᠮᠥᠨ》 ᠭᠡᠬᠦ᠌ ᠥᠷᠲᠡᠭ᠎ᠦᠨ ᠵᠣᠭ᠍ᠰᠣᠯᠲᠠ᠎ᠶ᠋ᠢ ᠪᠠᠲᠤ ᠪᠠᠷᠢᠮᠲᠠᠯᠠᠵᠤ᠂ 《ᠵᠠᠰᠠᠭ᠎ᠤᠨ ᠠᠵᠢᠯ᠎ᠤᠨ ᠪᠦᠳᠦᠮᠵᠢ᠎ᠶ᠋ᠢ ᠬᠡᠨ᠎ᠦ ᠲᠥᠯᠥᠭᠡ ᠪᠣᠶ ᠪᠣᠯᠭᠠᠬᠤ》 ᠶ᠋ᠢ ᠭᠦᠨᠵᠡᠭᠡᠶ ᠣᠢᠯᠠᠭᠠᠵᠤ᠂《 ᠶᠠᠮᠠᠷ ᠶᠠᠩᠵᠤ᠎ᠶ᠋ᠢᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢ ᠪᠣᠶ ᠪᠣᠯᠭᠠᠬᠤ》ᠶ᠋ᠢ ᠣᠨᠣᠪᠴᠢᠲᠠᠶ ᠡᠵᠡᠮᠳᠡᠵᠤ᠂《 ᠶᠠᠭᠤᠨ᠎ᠳᠤ ᠲᠦᠱᠢᠭ᠌ᠯᠡᠵᠦ᠍ ᠵᠠᠰᠠᠭ ᠤ᠋ᠨ ᠠᠵᠢᠯ᠎ᠤᠨ ᠪᠦᠲᠦᠮᠵᠢ᠎ᠶ᠋ᠢ ᠪᠣᠶ ᠪᠣᠯᠭᠠᠬᠤ》ᠶ᠋ᠢ ᠰᠡᠷᠭᠡᠭ᠎ᠢᠶᠡᠷ ᠲᠠᠨᠢᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ ᠱᠢᠯᠢᠳᠡᠭ ᠰᠤᠷᠲᠠᠯ᠎ᠢ ᠶᠡᠬᠡ ᠪᠡᠷ ᠪᠠᠳᠠᠷᠠᠭᠤᠯᠵᠤ᠂ ᠪᠦᠬᠦ᠌ ᠨᠠᠮ᠎ᠤᠨ ᠭᠡᠱᠢᠭᠦᠨ ᠺᠠᠳ᠋ᠷᠴᠤᠳ᠎ᠤᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠦᠨᠡᠨ ᠬᠦ᠌ ᠪᠤᠢ ᠪᠣᠯᠭᠠᠨ ᠦᠢᠯᠡᠳᠦᠯᠭᠡᠵᠢᠭᠦᠯᠬᠦ᠌᠎ᠶ᠋ᠢ ᠬᠦᠳᠦᠯᠦᠨ ᠵᠢᠯᠣᠭᠣᠳᠴᠤ᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠳᠤᠮᠳᠠ ᠠᠷᠠᠳ ᠲᠦᠮᠡᠨ᠎ᠳᠦ ᠦᠶ᠋ᠯᠡᠴᠢᠯᠡᠬᠦ᠌᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌ ᠱᠢᠨ᠎ᠡ ᠳᠦᠷᠰᠦ ᠪᠠᠶ᠋ᠢᠳᠠᠯ ᠢ᠋ ᠢᠯᠡᠷᠡᠬᠦᠯᠪᠠ᠃  ᠥᠪᠥᠷ ᠮᠣᠩᠭᠣᠯ᠎ᠤᠨ ᠥᠮᠴᠢᠯᠡᠯ ᠤ᠋ᠨ ᠡᠷᠬᠡ᠎ᠶ᠋ᠢᠨ ᠠᠷᠠᠯᠵᠢᠶᠠᠨ᠎ᠤ ᠲᠥᠪ᠎ᠦᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠬᠤᠤ ᠮᠧᠢ ᠢᠦᠢ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠡᠷᠡᠰ ᠪᠤᠢ ᠪᠣᠯᠭᠠᠵᠤ᠂《ᠤᠯᠤᠰ᠎ᠤᠨ ᠥᠮᠴᠢᠯᠡᠯ᠎ᠦᠨ ᠡᠳ᠋ ᠬᠦᠷᠦᠩᠭᠡ᠎ᠶ᠋ᠢᠨ ᠦᠷᠳᠡᠭ᠎ᠢ ᠪᠠᠲᠤᠯᠠᠵᠤ ᠦᠷᠳᠡᠭ᠎ᠢ ᠨᠡᠮᠡᠭ᠌ᠳᠡᠭᠦᠯᠬᠦ᠌᠎ᠶ᠋ᠢ ᠦᠨᠡᠨ ᠬᠦ᠌ ᠪᠠᠲᠤᠯᠠᠬᠤ᠂ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠤᠨ ᠤᠷᠤᠭ᠍ᠰᠢᠲᠠᠢ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠬᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠬᠦᠴᠦᠲᠡᠢ ᠡᠮᠬᠢ ᠵᠢᠷᠤᠮ᠎ᠲᠠᠶ ᠠᠬᠢᠬᠤ᠎ᠶ᠋ᠢ ᠦᠨᠡᠨ ᠬᠦ᠌ ᠪᠠᠲᠤᠯᠠᠬᠤ》ᠪᠡᠷ ᠭᠣᠣᠯ ᠡᠭᠦᠷᠭᠡ ᠪᠠᠨ ᠪᠣᠯᠭᠠᠵᠤ᠂ ᠤᠯᠤᠰ᠎ᠤᠨ ᠪᠠᠢᠯᠳᠤᠬᠤ ᠪᠤᠳᠤᠯᠭ᠎ᠠ᠎ᠳᠤ ᠦᠢᠯᠡᠴᠢᠯᠡᠬᠦ᠌ ᠳᠤᠮᠳᠠ ᠦᠷᠳᠡᠭ᠎ᠢᠶᠡᠨ ᠢᠯᠡᠷᠡᠭᠦᠯᠵᠦ᠍᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠬᠦ᠌ ᠳᠤᠮᠳᠠ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠤᠨ᠎ᠡ ᠭᠡᠵᠦ᠍ ᠢᠯᠡᠳᠭᠡᠪᠡ᠃

3 ᠰᠠᠷ᠎ᠠ᠎ᠶ᠋ᠢᠨ 21᠎ᠡᠴᠡ 22᠎ᠤ᠋ᠨ ᠡᠳᠦᠷ ᠪᠣᠯᠲᠠᠯ᠎ᠠ᠂ ᠪᠤᠭᠤᠲᠤ ᠬᠣᠲᠠ᠎ᠶ᠋ᠢᠨ ᠨᠠᠮ᠎ᠤᠨ ᠬᠣᠷᠢᠶ᠎ᠠ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠡᠷᠭᠢᠯᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠤᠯᠠᠮᠵᠢᠯᠠᠵᠤ ᠳᠠᠭᠠᠭᠤᠯᠤᠨ ᠰᠤᠷᠤᠯᠴᠠᠬᠤ᠂ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ᠎ᠶ᠋ᠢ ᠤᠶᠠᠯᠳᠤᠭᠤᠯᠬᠤ ᠠᠷᠭ᠎ᠠ ᠬᠡᠯᠪᠡᠷᠢ᠎ᠶ᠋ᠢ ᠠᠪᠴᠤ᠌᠂ 《ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠵᠤ ᠪᠣᠳᠠᠲᠠᠶ ᠠᠵᠢᠯᠯᠠᠬᠤ》ᠶᠡᠷᠦᠩᠬᠡᠶ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠤᠨ᠂ ᠪᠥᠬᠥ᠌ ᠬᠣᠲᠠ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠳᠠᠢᠴᠢᠯᠠᠪᠠ᠃ ᠨᠣᠮ ᠤᠩᠱᠢᠬᠤ ᠠᠩᠬᠢ᠎ᠳᠤ᠂ ᠪᠦᠬᠦ᠌ ᠬᠤᠳᠠ᠎ᠶ᠋ᠢᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠤᠬᠢᠷᠠᠭᠤᠯᠤᠯᠳᠠ ᠶᠣᠰᠣᠭᠠᠷ᠂ ᠰᠤᠷᠤᠯᠴᠠᠵᠥ᠍ ᠰᠤᠳᠤᠯᠤᠨ ᠶᠠᠷᠢᠯᠴᠠᠬᠤ᠂ ᠠᠰᠠᠭᠤᠳᠠᠯ᠎ᠢ ᠪᠠᠢᠴᠠᠭᠠᠨ ᠳᠡᠯᠭᠡᠬᠦ᠌᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠂ ᠲᠦᠷᠢᠮ ᠲᠣᠭ᠍ᠲᠠᠭᠠᠯ ᠲᠣᠭ᠍ᠲᠠᠭᠠᠬᠤ᠂ ᠡᠭᠦᠳᠡ᠎ᠪᠡᠨ ᠨᠡᠭᠡᠭᠡᠵᠦ᠍ ᠬᠥᠮᠦᠵᠢᠭᠦᠯᠬᠦ᠌ ᠵᠡᠷᠭᠡ ᠡᠯ᠎ᠡ ᠵᠦᠢᠯ᠎ᠦᠨ ᠡᠭᠦᠷᠭᠡ᠎ᠶ᠋ᠢ ᠴᠢᠩᠭ᠎ᠠ ᠪᠣᠳᠠᠲᠠᠢ ᠠᠳᠭᠤᠵᠤ᠂ ᠰᠤᠷᠤᠯᠴᠠᠯᠭ᠎ᠠ ᠬᠥᠮᠦᠵᠢᠯ᠎ᠦᠨ ᠪᠣᠳᠠᠲᠠᠢ ᠦᠷ᠎ᠡ ᠪᠦᠲᠦᠮᠵᠢ ᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂《ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠦᠵᠡᠯᠲᠡ᠎ᠶ᠋ᠢᠨ ᠠᠰᠠᠭᠤᠳᠠᠯ ᠪᠣᠯ ᠦᠨᠳᠦᠰᠦᠨ ᠴᠢᠨᠠᠷᠲᠠᠢ ᠠᠰᠠᠭᠤᠳᠠᠯ ᠮᠥᠨ》 ᠭᠡᠳᠡᠭ᠎ᠢ ᠭᠦᠨᠵᠡᠭᠡᠢ ᠣᠢᠯᠠᠭᠠᠵᠤ᠂ ᠨᠡᠢᠲᠡ᠎ᠶ᠋ᠢᠨ ᠲᠥᠯᠥᠭᠡ ᠨᠠᠮ ᠪᠠᠢᠭᠤᠯᠬᠤ ᠦᠨᠡᠨᠴᠢ ᠱᠢᠳᠤᠷᠭᠤ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠠᠷᠠᠳ ᠲᠦᠮᠡᠨ᠎ᠳᠦ ᠪᠤᠶᠠᠨ ᠦᠢᠯᠡᠳᠬᠦ᠌ ᠵᠢᠨ ᠲᠦᠯᠦᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠨ ᠡᠭᠦᠷᠭᠡᠯᠡᠯ᠎ᠢᠶᠡᠨ ᠴᠢᠩᠭᠠᠳᠭᠠᠵᠤ᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠦᠨᠡᠨ ᠬᠦ᠌ ᠠᠳᠭᠤᠵᠤ ᠪᠣᠳᠠᠲᠠᠢ ᠠᠵᠢᠯᠯᠠᠬᠤ ᠱᠢᠯᠢᠳᠡᠭ ᠰᠤᠷᠲᠠᠯ᠎ᠢᠶᠠᠨ ᠳᠠᠪᠲᠠᠨ ᠪᠣᠯᠪᠠᠰᠤᠷᠠᠭᠤᠯᠵᠤ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠪᠣᠳᠠᠲᠤ ᠠᠮᠵᠢᠯᠲᠠ᠎ᠶ᠋ᠢ ᠴᠢᠷᠮᠠᠢᠨ ᠡᠭᠦᠳᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号