— ᠡᠯ᠎ᠡ ᠭᠠᠵᠠᠷ᠎ᠤᠨ ᠬᠢᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠤ ᠪᠤᠢ
ᠬᠠᠪᠤᠷ᠎ᠤᠨ ᠤᠷᠢᠬᠠᠨ ᠰᠠᠯᠬᠢ ᠰᠡᠪᠢᠯᠵᠡᠵᠤ᠂ ᠡᠷᠡᠯᠬᠡᠭᠯᠡᠨ ᠲᠡᠮᠡᠴᠡᠬᠦ ᠴᠠᠭ ᠪᠤᠯᠤᠯ᠎ᠠ᠃ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠪᠤᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠱᠠᠩᠬᠠᠢ᠂ ᠠᠨᠾᠦ᠋ᠢ᠂ ᠬᠥᠬᠡᠨᠠᠭᠤᠷ᠂ ᠭᠠᠨᠰᠤ ᠵᠡᠷᠭᠡ ᠭᠠᠵᠠᠷ 《ᠨᠡᠶ᠋ᠢᠲᠡ᠎ᠶᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠵᠤ᠂ ᠪᠦᠬᠦ ᠲᠠᠯ᠎ᠠ᠎ᠪᠠᠷ ᠰᠢᠰᠲ᠋ᠸᠮ ᠲᠠᠢ ᠲᠥᠯᠥᠪᠵᠢᠭᠦᠯᠵᠦ᠂ 《ᠰᠤᠷᠤᠯᠴᠠᠬᠤ》 ᠶ᠋ᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠬᠡᠷᠡᠭ᠎ᠢᠶᠡᠷ ᠰᠤᠷᠤᠯᠴᠠᠬᠤ᠎ᠶᠢ ᠠᠬᠢᠭᠤᠯᠤᠨ᠂ ᠬᠡᠷᠡᠭ᠎ᠢᠶᠡᠷ ᠥᠭᠡᠷᠡᠴᠢᠯᠡᠬᠦ᠎ᠶᠢ ᠠᠬᠢᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠤᠨ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠤᠢᠯᠠᠭᠠᠬᠤ᠎ᠶᠢᠨ ᠳᠤᠮᠳᠠ ᠦᠵᠡᠯ ᠰᠠᠨᠠᠭᠠᠨ᠎ᠤ ᠰᠠᠭᠤᠷᠢ᠎ᠪᠠᠨ ᠪᠠᠲᠤᠳᠬᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠬᠦ᠎ᠶᠢ ᠠᠬᠢᠭᠤᠯᠪᠠ᠃
ᠨᠠᠷᠢᠨ ᠨᠢᠭᠳᠠ ᠲᠣᠬᠢᠷᠠᠭᠤᠯᠤᠨ ᠪᠠᠢᠷᠢᠯᠠᠭᠤᠯᠵᠤ᠂ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠪᠠ
ᠡᠯ᠎ᠡ ᠭᠠᠵᠠᠷ᠎ᠤᠨ ᠬᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠶᠢ ᠴᠢᠬᠤᠯᠠ ᠤᠯᠤᠰ ᠲᠦᠷᠦ᠎ᠶᠢᠨ ᠡᠭᠦᠷᠭᠡ᠎ᠪᠡᠨ ᠪᠣᠯᠭᠠᠵᠤ᠂ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠬᠡᠵᠦ᠂ ᠨᠠᠷᠢᠨ ᠨᠢᠮᠪᠠᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠤᠳᠤᠷᠢᠳᠬᠤ ᠺᠠᠳ᠋ᠷ᠎ᠤᠨ ᠳᠠᠭᠠᠭᠤᠯᠤᠨ ᠰᠤᠷᠤᠯᠴᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠢᠭᠡ ᠱᠠᠲᠤ ᠨᠢ ᠨᠢᠭᠡ ᠱᠠᠲᠤ᠎ᠪᠠᠨ ᠠᠳᠬᠤᠬᠤ᠂ ᠱᠠᠲᠤ ᠱᠠᠲᠤ᠎ᠪᠠᠷ ᠨᠠᠢᠳᠠᠪᠤᠷᠢᠵᠢᠭᠤᠯᠬᠤ᠎ᠶᠢ ᠠᠳᠬᠤᠬᠤ ᠠᠵᠢᠯ᠎ᠤᠨ ᠪᠠᠢᠷᠢᠰᠢᠯ᠎ᠢ ᠪᠦᠷᠢᠯᠳᠦᠭᠦᠯᠪᠡ᠃
ᠱᠠᠩᠬᠠᠢ ᠬᠣᠲᠠ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠣᠬᠢᠷᠠᠭᠤᠯᠤᠯᠲᠠ᠎ᠶᠢᠨ ᠬᠦᠰᠦᠨᠦᠭᠲᠦ᠎ᠶᠢ ᠲᠣᠭᠲᠠᠭᠠᠵᠤ᠂ ᠲᠥᠪ᠎ᠦᠨ ᠪᠠ ᠬᠣᠲᠠ᠎ᠶᠢᠨ ᠨᠠᠮ᠎ᠤᠨ ᠬᠣᠷᠢᠶ᠎ᠡ ᠵᠢᠨ ᠡᠭᠦᠷᠭᠡ ᠱᠠᠭᠠᠷᠳᠠᠯᠭ᠎ᠠ᠎ᠶᠢ ᠵᠦᠢᠯ ᠵᠤᠷᠪᠤᠰ ᠳᠠᠷᠠᠭᠠᠯᠠᠨ ᠵᠠᠳᠠᠯᠤᠨ ᠨᠠᠷᠢᠯᠢᠭ᠍ᠵᠢᠭᠤᠯᠵᠤ᠂ ᠪᠥᠬᠥ ᠬᠣᠲᠠ᠎ᠶᠢᠨ ᠰᠤᠷᠤᠯᠴᠠᠯᠭ᠎ᠠ ᠬᠥᠮᠦᠵᠢᠯ᠎ᠦᠨ 《ᠪᠠᠷᠢᠯᠭ᠎ᠠ᠎ᠶᠢᠨ ᠵᠢᠷᠤᠭ》᠂ 《ᠡᠭᠦᠷᠭᠡ᠎ᠶᠢᠨ ᠪᠢᠴᠢᠭ》 ᠢ᠋ ᠨᠡᠢᠳᠡᠯᠡᠪᠡ᠃ ᠭᠠᠵᠠᠷ᠎ᠤᠨ ᠱᠠᠲᠤᠨ᠎ᠡᠴᠡ ᠳᠡᠭᠡᠭᠰᠢᠬᠢ ᠤᠳᠤᠷᠢᠳᠬᠤ ᠺᠠᠳ᠋ᠷ ᠢᠯᠠᠩᠭᠤᠶ᠎ᠠ 《ᠨᠢᠭᠡᠳᠦᠭᠡᠷ ᠬᠠᠷᠢᠭᠤᠴᠠᠯᠭᠠᠲᠠᠨ》 ᠵᠢᠡᠷ ᠭᠣᠣᠯ ᠪᠣᠯᠭᠠᠵᠤ᠂ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠭᠣᠣᠯ ᠵᠢᠭ᠍ᠰᠠᠭᠠᠯ᠎ᠤᠨ ᠭᠠᠵᠠᠷ᠎ᠤᠨ ᠦᠢᠯᠡᠳᠦᠯ᠎ᠢ ᠪᠠᠳᠠᠷᠠᠭᠤᠯᠵᠤ᠂ ᠰᠤᠷᠤᠯᠴᠠᠯᠭ᠎ᠠ ᠬᠥᠮᠦᠵᠢᠯ᠎ᠢ ᠨᠠᠮ᠎ᠤᠨ ᠭᠡᠰᠢᠭᠦᠨ᠂ ᠺᠠᠳ᠋ᠷᠴᠤᠳ᠎ᠤᠨ ᠬᠥᠮᠦᠵᠢᠯ ᠪᠣᠯᠪᠠᠰᠤᠷᠠᠯ᠎ᠤᠨ ᠭᠤᠤᠯ ᠴᠣᠭᠴᠠ᠎ᠶᠢᠨ ᠠᠩᠭᠢ᠎ᠳᠤ ᠣᠷᠣᠭᠤᠯᠪᠠ᠃ ᠣᠳᠣᠬᠠᠨ᠎ᠳᠤ᠂ ᠬᠣᠲᠠ᠎ᠶᠢᠨ ᠨᠠᠮ᠎ᠤᠨ ᠬᠣᠷᠢᠶ᠎ᠡ ᠵᠢᠨ ᠨᠠᠮ᠎ᠤᠨ ᠰᠤᠷᠭᠠᠭᠤᠯᠢ᠎ᠶᠢᠨ ᠪᠣᠶ ᠪᠦᠬᠦᠢ ᠭᠣᠣᠯ ᠴᠤᠭᠴᠠ ᠵᠢᠨ ᠠᠩᠭᠢ ᠨᠢ ᠴᠥᠮ ᠰᠤᠷᠤᠯᠴᠠᠯᠭ᠎ᠠ ᠬᠥᠮᠦᠵᠢᠯ᠎ᠢ ᠵᠢᠭᠠᠨ ᠰᠤᠷᠭᠠᠯᠲᠠ᠎ᠶᠢᠨ ᠠᠭᠤᠯᠭ᠎ᠠ᠎ᠳᠠᠭᠠᠨ ᠣᠷᠣᠭᠤᠯᠤᠭᠰᠠᠨ ᠪᠠᠢᠨ᠎ᠠ᠃
ᠠᠨᠾᠦ᠋ᠢ ᠮᠤᠵᠢ 《ᠮᠤᠵᠢ᠎ᠶᠢᠨ ᠱᠠᠲᠤ ᠨᠢᠭᠡᠳᠦᠯᠲᠡᠢ ᠲᠥᠯᠥᠪᠵᠢᠭᠦᠯᠬᠦ᠂ ᠳᠡᠭᠡᠳᠦ ᠳᠣᠣᠷᠠᠳᠤ ᠱᠠᠲᠤ ᠬᠣᠯᠪᠤᠭᠠᠯᠠᠨ ᠬᠥᠳᠡᠯᠦᠯᠴᠡᠬᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ᠂ ᠪᠣᠳᠠᠲᠤ ᠦᠷ᠎ᠡ ᠪᠦᠲᠦᠮᠵᠢ ᠣᠯᠬᠤ᠎ᠪᠠᠷ ᠴᠢᠷᠮᠠᠢᠬᠤ》 ᠶᠡᠷᠦᠩᠬᠡᠢ ᠰᠡᠳᠬᠢᠮᠵᠢ᠎ᠪᠡᠷ ᠨᠠᠮ᠎ᠤᠨ ᠰᠤᠷᠭᠠᠭᠤᠯᠢ᠎ᠶᠢᠨ ᠪᠣᠯᠪᠠᠰᠤᠷᠠᠯ᠎ᠤᠨ ᠭᠣᠣᠯ ᠵᠢᠭ᠍ᠰᠠᠭᠠᠯ᠎ᠤᠨ ᠭᠠᠵᠠᠷ᠎ᠤᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠺᠠᠳ᠋ᠷ᠎ᠤᠨ ᠳᠡᠭᠡᠳᠦ ᠰᠤᠷᠭᠠᠭᠤᠯᠢ᠎ᠶᠢ ᠱᠠᠯᠠᠪᠳᠠᠭᠤᠯᠤᠨ ᠰᠤᠷᠤᠯᠴᠠᠯᠭ᠎ᠠ ᠬᠥᠮᠦᠵᠢᠯ᠎ᠢ ᠭᠣᠣᠯ ᠴᠣᠭᠴᠠ᠎ᠶᠢᠨ ᠠᠩᠭᠢ᠎ᠳᠤ ᠣᠷᠣᠭᠤᠯᠬᠤ᠎ᠶᠢᠨ ᠬᠠᠮᠲᠤ᠂ ᠢᠳᠡᠷ ᠵᠠᠯᠠᠭᠤᠴᠤᠳ᠎ᠤᠨ ᠠᠩᠭᠢ᠎ᠶᠢᠨ ᠰᠤᠷᠤᠯᠭᠠᠳᠠᠳ᠎ᠢ ᠵᠣᠬᠢᠶᠠᠨ ᠪᠠᠢᠭᠤᠯᠤᠨ 《ᠲᠠᠪᠤᠨ ᠲᠤᠰᠬᠠᠢ ᠰᠡᠳᠦᠪ》 ᠤ᠋ᠨ ᠠᠵᠢᠯᠯᠠᠭ᠎ᠠ ᠥᠷᠨᠢᠭᠦᠯᠵᠦ᠂ 《ᠡᠴᠦᠰ ᠲᠦ᠍ᠨᠢ ᠲᠤᠯᠲᠠᠯ᠎ᠠ ᠶᠡᠷᠦᠨᠭᠭᠡᠢᠯᠡᠨ ᠠᠳᠬᠤᠬᠤ》 ᠵᠠᠯᠠᠭᠤ ᠺᠠᠳ᠋ᠷᠴᠤᠳ᠎ᠤᠨ ᠰᠤᠷᠤᠯᠴᠠᠯᠭ᠎ᠠ ᠬᠥᠮᠦᠵᠢᠯ᠎ᠢ ᠰᠠᠢᠲᠤᠷ ᠠᠳᠬᠤᠵᠤ᠂ ᠰᠤᠷᠤᠯᠴᠠᠯᠭ᠎ᠠ ᠬᠥᠮᠦᠵᠢᠯ᠎ᠢ 《ᠵᠠᠩᠭᠢᠯᠠᠭ᠎ᠠ᠎ᠶᠢᠨ ᠴᠥᠭᠡᠨ ᠲᠣᠭᠠᠲᠠᠨ》 ᠡᠴᠡ 《ᠵᠣᠩᠬᠢᠯᠠᠬᠤ ᠣᠯᠠᠨ ᠲᠣᠭᠠᠲᠠᠨ》 ᠳᠠᠢᠰᠢ ᠤᠷᠲᠤᠳᠬᠠᠨ ᠪᠦᠷᠬᠦᠭᠦᠯᠬᠦ᠎ᠶᠢ ᠠᠬᠢᠭᠤᠯᠪᠠ᠃
ᠭᠠᠨᠰᠤ ᠮᠤᠵᠢ ᠣᠢᠷ᠎ᠠ᠎ᠶᠢᠨ ᠬᠤᠭᠤᠴᠠᠭᠠᠨ᠎ᠳᠤ ᠮᠤᠵᠢ᠎ᠶᠢᠨ ᠨᠠᠮ᠎ᠤᠨ ᠬᠣᠷᠢᠶ᠎ᠡ ᠵᠢᠨᠨᠠᠮ᠎ᠤᠨ ᠰᠤᠷᠭᠠᠭᠤᠯᠢ (ᠭᠠᠨᠰᠤ᠎ᠶᠢᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠳ᠋ᠤ ᠡᠷᠭᠢᠯᠡᠭᠰᠡᠨ ᠲᠢᠩᠬᠢᠮ ᠲᠣᠪᠴᠢᠶ᠎ᠡ ᠵᠢᠨ ᠳᠡᠰ᠎ᠤᠨ ᠤᠳᠤᠷᠢᠳᠬᠤ ᠺᠠᠳ᠋ᠷᠴᠤᠳ᠎ᠤᠨ ᠳᠠᠪᠲᠠᠨ ᠪᠣᠯᠪᠠᠰᠤᠷᠠᠭᠤᠯᠬᠤ ᠠᠩᠭᠢ᠂ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠭᠢ ᠵᠡᠷᠭᠡ 4 ᠭᠣᠣᠯ ᠴᠣᠭᠴᠠ᠎ᠶᠢᠨ ᠠᠩᠭᠢ᠎ᠳᠤ ᠰᠤᠷᠤᠯᠴᠠᠯᠭ᠎ᠠ ᠬᠥᠮᠦᠵᠢᠯ᠎ᠦᠨ ᠬᠣᠯᠪᠣᠭᠳᠠᠯ ᠪᠦᠬᠦᠢ ᠠᠭᠤᠯᠭ᠎ᠠ᠎ᠶᠢ ᠣᠷᠣᠭᠤᠯᠵᠤ᠂ ᠲᠢᠩᠬᠢᠮ ᠲᠣᠪᠴᠢᠶ᠎ᠡ ᠵᠢᠨ ᠳᠡᠰ᠎ᠤᠨ ᠪᠠ ᠰᠢᠶᠠᠨ ᠭᠠᠵᠠᠷ᠎ᠤᠨ ᠳᠡᠰ᠎ᠤᠨ 207 ᠤᠳᠤᠷᠢᠳᠬᠤ ᠺᠠᠳ᠋ᠷᠴᠤᠳ᠎ᠢ ᠲᠥᠪᠯᠡᠷᠡᠭᠦᠯᠦᠨ ᠪᠣᠯᠪᠠᠰᠤᠷᠠᠭᠤᠯᠵᠤ᠂ ᠲᠤᠰᠬᠠᠢ ᠰᠡᠳᠦᠪ᠎ᠢᠶᠡᠷ ᠰᠤᠳᠤᠯᠤᠨ ᠶᠠᠷᠢᠯᠴᠠᠵᠤ ᠰᠣᠯᠢᠯᠴᠠᠬᠤ ᠠᠵᠢᠯ᠎ᠢ ᠵᠣᠬᠢᠶᠠᠨ ᠪᠠᠢᠭᠤᠯᠵᠤ ᠥᠷᠨᠢᠭᠦᠯᠦᠭᠰᠡᠨ ᠪᠠᠢᠨ᠎ᠠ᠃
ᠬᠥᠬᠡᠨᠠᠭᠤᠷ ᠮᠤᠵᠢ ᠰᠤᠷᠤᠯᠴᠠᠵᠤ ᠰᠤᠳᠤᠯᠤᠨ ᠶᠠᠷᠢᠯᠴᠠᠬᠤ᠎ᠶᠢ ᠲᠡᠷᠢᠭᠦᠨ ᠴᠢᠬᠤᠯᠠ ᠡᠭᠦᠷᠭᠡ ᠪᠣᠯᠭᠠᠨ ᠢᠮᠠᠭᠲᠠ ᠲᠤᠭᠤᠰᠢᠯᠠᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷᠯᠢᠭ᠎ᠢᠶᠡᠷ ᠳᠠᠮᠵᠢᠨ ᠰᠤᠷᠤᠯᠴᠠᠯᠭ᠎ᠠ ᠬᠥᠮᠦᠵᠢᠯ᠎ᠦᠨ ᠲᠤᠬᠠᠢ ᠲᠣᠬᠢᠷᠠᠭᠤᠯᠤᠯᠲᠠ ᠬᠢᠭᠰᠡᠨ ᠪᠥᠭᠡᠳ ᠬᠠᠮᠲᠤ᠎ᠶᠢᠨ ᠰᠤᠷᠤᠯᠴᠠᠯᠭ᠎ᠠ᠎ᠶᠢ ᠵᠣᠬᠢᠶᠠᠨ ᠪᠠᠢᠭᠤᠯᠪᠠ᠃ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠺᠠᠳ᠋ᠷ᠎ᠤᠨ ᠳᠡᠭᠡᠳᠦ ᠰᠤᠷᠭᠠᠭᠤᠯᠢ ᠰᠤᠷᠤᠯᠭ᠎ᠠ᠎ᠶᠢᠨ ᠬᠤᠭᠤᠴᠠᠭ᠎ᠠ ᠨᠢ 1 ᠰᠠᠷ᠎ᠠ᠎ᠶᠢᠨ ᠳᠣᠲᠣᠷᠠᠬᠢ ᠠᠩᠭᠢ᠎ᠳᠤ ᠲᠤᠰᠬᠠᠢ ᠰᠡᠳᠦᠪᠲᠦ ᠬᠢᠴᠢᠶᠡᠯ ᠲᠣᠬᠢᠷᠠᠭᠤᠯᠬᠤ᠎ᠶᠢᠨ ᠬᠠᠮᠲᠤ ᠰᠤᠳᠤᠯᠤᠨ ᠶᠠᠷᠢᠯᠴᠠᠬᠤ᠎ᠶᠢ ᠵᠣᠬᠢᠶᠠᠨ ᠪᠠᠢᠭᠤᠯᠵᠤ᠂ 1 ᠰᠠᠷ᠎ᠠ᠎ᠡᠴᠡ ᠳᠡᠭᠡᠭᠰᠢᠬᠢ ᠠᠩᠭᠢ᠎ᠳᠦ 《ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ》 ᠶ᠋ᠢ ᠵᠡᠷᠭᠡ ᠪᠡᠷ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠡᠯ᠎ᠡ ᠱᠠᠲᠤᠨ᠎ᠤ ᠨᠠᠮ᠎ᠤᠨ ᠭᠡᠰᠢᠭᠦᠨ ᠺᠠᠳ᠋ᠷᠴᠤᠳ᠎ᠢ ᠪᠦᠷᠬᠦᠬᠦᠯᠬᠦ ᠵᠢ ᠠᠬᠢᠭᠤᠯᠪᠠ᠃
《ᠰᠤᠷᠤᠯᠴᠠᠬᠤ》 ᠶ᠋ᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠠᠴᠢᠶᠠᠯᠠᠪᠤᠷᠢ᠎ᠶᠢᠨ ᠬᠡᠯᠪᠡᠷᠢ᠎ᠶᠢᠨ ᠰᠢᠨ᠎ᠡ᠎ᠶᠢ ᠡᠭᠦᠳᠪᠡ
ᠡᠯ᠎ᠡ ᠭᠠᠵᠠᠷ᠎ᠤᠨ ᠬᠢᠨ ᠰᠤᠷᠤᠯᠴᠠᠯᠭ᠎ᠠ᠎ᠶᠢ ᠭᠦᠨᠵᠡᠭᠡᠢᠷᠡᠭᠦᠯᠦᠨ ᠰᠤᠳᠤᠯᠤᠨ ᠶᠠᠷᠢᠯᠴᠠᠬᠤ ᠳᠤᠮᠳᠠ ᠦᠵᠡᠯ ᠰᠠᠨᠠᠭᠠᠨ᠎ᠤ ᠰᠠᠭᠤᠷᠢ᠎ᠪᠠᠨ ᠪᠠᠲᠤᠳᠬᠠᠵᠤ᠂ ᠰᠤᠷᠤᠯᠴᠠᠯᠭ᠎ᠠ ᠬᠥᠮᠦᠵᠢᠯ᠎ᠢ ᠬᠦᠨᠵᠡᠬᠡᠢ ᠤᠢᠯᠠᠭᠠᠨ ᠰᠡᠳᠬᠢᠯ ᠳ᠋ᠡᠬᠡᠨ ᠬᠠᠳᠠᠩᠰᠢᠭᠤᠯᠬᠤ᠎ᠶᠢ ᠠᠬᠢᠭᠤᠯᠵᠤ᠂ ᠨᠠᠮ᠎ᠤᠨ ᠰᠢᠨ᠎ᠡ ᠡᠭᠦᠳᠦᠯᠲᠡ ᠵᠢᠨᠤᠨᠤᠯ ᠵᠢᠡᠷ ᠲᠠᠷᠢᠬᠢ ᠲᠣᠯᠣᠭᠠᠢ᠎ᠪᠠᠨ ᠵᠡᠪᠰᠡᠭᠯᠡᠵᠦ᠂ ᠦᠢᠯᠡᠳᠦᠯᠭᠡ᠎ᠪᠡᠨ ᠵᠢᠯᠣᠭᠣᠳᠤᠭᠤᠯᠤᠨ᠂ ᠠᠵᠢᠯ᠎ᠢᠶᠠᠨ ᠨᠡᠩ ᠰᠠᠢᠲᠤᠷ ᠠᠬᠢᠭᠤᠯᠪᠠ᠃
ᠱᠠᠩᠬᠠᠢ ᠬᠣᠲᠠ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ 《ᠳᠥᠷᠪᠡᠨ ᠨᠢᠬᠡ ᠵᠠᠭᠤ》 ᠵᠢᠨ ᠡᠬᠢ ᠪᠠᠶᠠᠯᠢᠭ᠋᠎ᠤᠨ ᠬᠥᠮᠥᠷᠭᠡ᠂ ᠨᠠᠮ᠎ᠤᠨ ᠭᠡᠰᠢᠭᠦᠨ᠎ᠦ ᠬᠥᠮᠦᠵᠢᠯ᠎ᠦᠨ 《ᠳᠥᠷᠪᠡᠨ ᠺᠦ》᠂ 《ᠰᠢᠷᠢᠰ ᠨᠠᠮ᠎ᠤᠨ ᠬᠢᠴᠢᠶᠡᠯ᠎ᠦᠨ ᠵᠢᠭ᠍ᠰᠠᠭᠠᠯ》 ᠵᠡᠷᠭᠡ ᠡᠬᠢ ᠪᠠᠶᠠᠯᠢᠭ᠋᠎ᠲᠤ ᠲᠦᠰᠢᠭᠯᠡᠵᠤ᠂ ᠱᠠᠩᠬᠠᠢ᠎ᠶᠢᠨ ᠺᠠᠳ᠋ᠷᠴᠤᠳ᠎ᠤᠨ ᠰᠦᠯᠵᠢᠶᠡᠨ᠎ᠦ ᠳᠡᠭᠡᠳᠦ ᠰᠤᠷᠭᠠᠭᠤᠯᠢ᠂ ᠱᠠᠩᠬᠠᠢ᠎ᠶᠢᠨ ᠨᠠᠮ᠎ᠤᠨ ᠭᠡᠰᠢᠭᠦᠨ ᠺᠠᠳ᠋ᠷᠴᠤᠳ᠎ᠤᠨ ᠣᠳᠣ᠌ ᠦᠶ᠎ᠡ᠎ᠶᠢᠨ ᠠᠯᠤᠰ ᠡᠵᠡᠮᠰᠢᠯᠳᠤ ᠰᠤᠷᠭᠠᠨ ᠬᠥᠮᠦᠵᠢᠯ᠎ᠦᠨ ᠲᠠᠪᠴᠠᠩ ᠵᠡᠷᠭᠡ᠎ᠪᠡᠷ ᠲᠡᠮᠵᠢᠨ 《ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ ᠵᠢ ᠪᠤᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ》 ᠤ᠋ᠨ ᠬᠢᠴᠢᠶᠡᠯ᠎ᠢ ᠰᠦᠯᠵᠢᠶᠡᠨ᠎ᠳᠦ ᠭᠠᠷᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠶᠡᠬᠡ ᠬᠤᠷᠠᠯ᠎ᠤᠨ ᠳᠤᠷᠠᠰᠬᠠᠯ᠎ᠤᠨ ᠣᠷᠳᠣᠨ ᠡᠴᠡ 《ᠠᠷᠠᠳ ᠲᠦᠮᠡᠨ᠎ᠤ ᠲᠦᠯᠦᠬᠡᠵᠠᠰᠠᠭᠤᠨ ᠠᠵᠢᠯ᠎ᠤᠨ ᠪᠦᠲᠦᠮᠵᠢ ᠭᠠᠷᠭᠠᠵᠤ ᠪᠣᠳᠠᠲᠠᠢ ᠠᠵᠢᠯᠯᠠᠬᠤ ᠪᠡᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠶ᠎ᠠ — ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ》 ᠲᠤᠰᠬᠠᠢ ᠰᠡᠳᠦᠪᠲᠦ ᠦᠵᠡᠭᠦᠯᠭᠡ ᠭᠠᠷᠭᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠥᠮᠦᠵᠢᠯ ᠪᠣᠯᠪᠠᠰᠤᠷᠠᠯ ᠥᠷᠨᠢᠭᠦᠯᠬᠦ᠎ᠳᠦ ᠬᠦᠴᠦᠲᠡᠢ ᠲᠤᠯᠭᠠᠭᠤᠷᠢᠯᠠᠯ ᠬᠠᠩᠭᠠᠪᠠ᠃
ᠠᠨᠾᠦ᠋ᠢ ᠮᠤᠵᠢᠡᠯᠡ ᠭᠠᠵᠠᠷ᠎ᠤᠨ ᠰᠢᠨ᠎ᠡ᠎ᠶᠢ ᠡᠭᠦᠳᠬᠦ ᠠᠴᠢᠶᠠᠯᠠᠪᠤᠷᠢ᠎ᠶᠢ ᠦᠷᠭᠦᠯᠵᠢᠯᠡᠨ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠢ ᠤᠨᠢᠨ ᠳᠡᠭᠡᠷ᠎ᠡ ᠨᠢ ᠪᠦᠷᠬᠦᠭᠦᠯᠬᠦ᠎ᠶᠢ ᠪᠡᠶᠡᠯᠡᠭᠦᠯᠪᠠ᠃ ᠵᠢᠱ᠌ᠢᠶᠡᠯᠡᠪᠡᠯ᠂ ᠦ᠋ ᠬ᠍ᠤ ᠬᠣᠲᠠ᠎ᠶᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠢ ᠨᠠᠮ᠎ᠤᠨ ᠬᠣᠷᠢᠶ᠎ᠠ᠂ ᠨᠠᠮ᠎ᠤᠨ ᠭᠡᠰᠢᠭᠦᠳ᠎ᠦᠨ ᠶᠡᠬᠡ ᠬᠤᠷᠠᠯ᠂ ᠭᠣᠣᠯ ᠰᠡᠳᠦᠪᠲᠦ ᠨᠠᠮ᠎ᠤᠨ ᠡᠳᠦᠷᠯᠢᠭ ᠵᠡᠷᠭᠡ ᠬᠡᠯᠪᠡᠷᠢ᠎ᠪᠡᠷ ᠵᠠᠪᠠᠯ ᠤᠩᠰᠢᠬᠤ ᠨᠣᠮ᠎ᠤᠨ ᠭᠠᠷᠴᠠᠭ᠎ᠢ ᠲᠥᠪᠯᠡᠷᠡᠭᠦᠯᠦᠨ ᠰᠤᠳᠤᠯᠤᠨ ᠰᠤᠷᠤᠯᠴᠠᠵᠤ᠂ ᠲᠣᠰᠬᠣᠨ᠎ᠤ ᠱᠠᠲᠤᠨ᠎ᠤ ᠨᠠᠮ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠂ ᠰᠠᠭᠤᠭᠠᠯᠢ ᠠᠷᠠᠳ᠎ᠤᠨ ᠲᠣᠭᠣᠷᠢᠭ᠋᠎ᠤᠨ ᠠᠰᠠᠷ ᠲᠦ᠍ ᠲᠥᠪᠯᠡᠷᠡᠭᠦᠯᠦᠨ ᠲᠠᠷᠬᠠᠭᠠᠬᠤ ᠴᠡᠭ ᠭᠠᠷᠭᠠᠵᠤ᠂ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠂ ᠠᠰᠠᠷ ᠲᠠᠭᠲᠤ ᠬᠤᠳᠠᠯᠳᠤᠭᠠᠨ᠎ᠤ ᠲᠣᠭᠣᠷᠢᠭ᠋᠎ᠲᠤ ᠰᠤᠷᠤᠯᠴᠠᠯᠭ᠎ᠠ᠎ᠶᠢᠨ ᠦᠢᠯᠡᠴᠢᠯᠡᠭᠡᠨ᠎ᠦ ᠦᠷᠳᠡᠭᠡ ᠪᠠᠢᠭᠤᠯᠵᠤ᠂ ᠲᠦᠷᠭᠡᠨ ᠬᠦᠷᠭᠡᠯᠲᠡ᠎ᠶᠢᠨ ᠦᠷᠳᠡᠭᠡ᠂ ᠵᠠᠬᠢᠶᠠᠯᠠᠭ᠎ᠠ᠎ᠶᠢᠨ ᠬᠣᠭᠣᠯᠠ ᠬᠦᠷᠭᠡᠬᠦ ᠴᠡᠭ᠂ ᠰᠦᠯᠵᠢᠶ᠎ᠠ ᠪᠡᠷ ᠳᠠᠭᠤᠳᠠᠬᠤ ᠮᠠᠰᠢᠨ ᠲᠡᠷᠭᠡᠨ ᠦᠷᠳᠡᠭᠡ᠎ᠳᠦ 《ᠰᠤᠷᠤᠯᠴᠠᠯᠭ᠎ᠠ᠎ᠶᠢᠨ ᠪᠤᠯᠤᠩ》 ᠭᠠᠷᠭᠠᠵᠤ᠂ ᠨᠡᠭᠦᠳᠡᠯ ᠨᠠᠮ᠎ᠤᠨ ᠭᠡᠰᠢᠭᠦᠨ᠎ᠳᠦ 《ᠰᠤᠷᠤᠯᠴᠠᠯᠭ᠎ᠠ᠎ᠶᠢᠨ ᠤᠯᠠᠭᠠᠨ ᠪᠣᠭᠣᠳᠠᠯ》 ᠬᠦᠷᠭᠡᠪᠡ᠃
ᠭᠠᠨᠰᠦ ᠮᠤᠵᠢ 《ᠨᠢᠭᠡᠳᠦᠭᠡᠷ ᠵᠥᠪᠯᠡᠬᠦ᠌ ᠵᠦᠢᠯ》᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ ᠵᠡᠷᠭᠡ ᠲᠦᠷᠢᠮ᠎ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ᠎ᠶ᠋ᠢᠨ ᠬᠡᠷᠡᠭ᠌ᠵᠢᠭᠦᠯᠬᠦ᠌ ᠲᠥᠰᠦᠯ ᠲᠣᠭ᠍ᠲᠠᠭᠠᠵᠤ᠂ ᠤᠳᠤᠷᠢᠳᠭᠤ ᠪᠠᠭ᠎ᠤᠨ ᠪᠦᠷᠢᠯᠳᠦᠬᠦᠨ ᠳᠠᠭᠠᠭᠤᠯᠤᠨ ᠰᠤᠷᠤᠯᠴᠠᠬᠤ᠂ ᠪᠠᠢᠭᠤᠯᠭ᠎ᠠ᠎ᠶ᠋ᠢᠨ ᠨᠠᠮ᠎ᠤᠨ ᠬᠣᠷᠢᠶ᠎ᠠ᠎ᠡᠴᠡ ᠰᠤᠷᠤᠯᠴᠠᠬᠤ ᠵᠢ ᠬᠢᠨᠠᠨ ᠵᠢᠯᠣᠭᠣᠳᠭᠤ᠂ ᠨᠠᠮ᠎ᠤᠨ ᠡᠭᠦᠷ ᠰᠤᠳᠤᠯᠤᠨ ᠰᠤᠷᠤᠯᠴᠠᠬᠤ᠂ ᠨᠠᠮ᠎ᠤᠨ ᠳᠤᠭᠤᠢᠯᠠᠩ ᠡᠴᠡ ᠰᠤᠷᠤᠯᠴᠠᠬᠤ ᠵᠢ ᠠᠬᠢᠭᠤᠯᠬᠤ᠂ ᠨᠠᠮ᠎ᠤᠨ ᠭᠡᠱᠢᠭᠦᠨ ᠺᠠᠳ᠋ᠷᠴᠤᠳ ᠥᠪᠡᠰᠦᠪᠡᠨ ᠰᠤᠷᠤᠯᠴᠠᠬᠤ 《ᠲᠠᠪᠤᠨ ᠰᠤᠷᠤᠯᠴᠠᠯᠭ᠎ᠠ ᠬᠣᠯᠪᠣᠭᠠᠯᠠᠨ ᠬᠥᠳᠡᠯᠦᠯᠴᠡᠬᠦ᠌》 ᠲᠣᠭ᠍ᠲᠠᠴᠠ᠎ᠶ᠋ᠢ ᠭᠦᠨᠵᠡᠭᠡᠢᠷᠡᠭᠦᠯᠵᠦ᠍᠂ ᠪᠥᠬᠥ᠌ ᠮᠤᠵᠢ ᠳᠠᠶᠠᠭᠠᠷ᠎ᠢ ᠵᠢᠱ᠌ᠢᠶ᠎ᠡ ᠦᠵᠡᠭᠦᠯᠦᠨ ᠳᠠᠢᠴᠢᠯᠠᠵᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠪᠠ᠃
ᠬᠥᠬᠡᠨᠠᠭᠤᠷ ᠮᠤᠵᠢ ᠪᠣᠳᠠᠲᠠᠶ᠎ᠲᠠᠶ᠎ᠪᠠᠨ ᠤᠶᠠᠯᠳᠤᠭᠤᠯᠤᠨ ᠰᠤᠷᠤᠯᠴᠠᠬᠤ ᠲᠥᠯᠥᠪᠯᠡᠭᠡ ᠲᠣᠭ᠍ᠲᠠᠭᠠᠵᠤ᠂ ᠵᠢᠭᠠᠨ ᠰᠤᠷᠭᠠᠯᠲᠠ᠎ᠶ᠋ᠢᠨ ᠠᠴᠢᠶᠠᠯᠠᠪᠤᠷᠢ᠎ᠪᠠᠨ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ ᠰᠤᠷᠤᠯᠴᠠᠯᠭ᠎ᠠ᠎ᠶ᠋ᠢᠨ ᠪᠣᠳᠠᠲᠤ ᠦᠷ᠎ᠡ ᠪᠦᠲᠦᠮᠵᠢ᠎ᠶ᠋ᠢ ᠴᠢᠩᠭᠠᠳᠭᠠᠪᠠ᠃ ᠵᠢᠱᠶ᠋ᠶᠡᠯᠡᠪᠡᠯ᠂ ᠬᠥᠬᠡᠨᠠᠭᠤᠷ ᠮᠤᠵᠢ᠎ᠶ᠋ᠢᠨ ᠱᠢᠨᠢᠩ ᠬᠣᠲᠠ 《ᠭᠠᠷᠠᠭ᠎ᠤᠨ ᠲᠠᠪᠤᠨ᠎ᠤ ᠬᠢᠴᠢᠶᠡᠯ᠎ᠦᠨ ᠲᠠᠩᠬᠢᠮ》 ᠤ᠋ᠨ ᠣᠷᠳᠣ ᠬᠤᠭᠤᠴᠠᠭᠠᠨ᠎ᠤ ᠪᠣᠯᠪᠠᠰᠤᠷᠠᠯ᠎ᠤᠨ ᠵᠠᠭ᠍ᠪᠤᠷ᠎ᠢ ᠱᠢᠨᠡᠴᠢᠯᠡᠨ ᠠᠱᠢᠭ᠍ᠯᠠᠵᠤ᠂ 《ᠣᠷᠳᠣ ᠦᠶᠡᠯᠡᠯ᠎ᠦᠨ ᠬᠤᠭᠤᠴᠠᠭ᠎ᠠ᠂ ᠭᠦᠨ ᠨᠡᠪᠴᠢᠭᠦᠯᠬᠦ᠌》 ᠪᠠᠷ ᠣᠢᠯᠠᠭᠠᠭ᠍ᠳᠠᠬᠤᠨ ᠪᠣᠯᠭᠠᠵᠤ᠂ ᠪᠥᠬᠥ᠌ ᠬᠣᠲᠠ᠎ᠶ᠋ᠢᠨ ᠡᠯ᠎ᠡ ᠹᠷᠣᠨᠲ ᠡᠴᠡ ᠢᠷᠡᠭᠰᠡᠨ ᠱᠢᠶᠠᠨ ᠭᠠᠵᠠᠷ᠎ᠤᠨ ᠲᠠᠰ᠎ᠤᠨ᠂ ᠱᠢᠶᠠᠩ ᠰᠠᠯᠠᠭᠠᠨ᠎ᠤ ᠲᠠᠰ᠎ᠤᠨ 100 ᠺᠠᠳ᠋ᠷ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠭᠠᠷᠠᠭ᠎ᠤᠨ ᠲᠠᠪᠤᠨ᠎ᠳᠤ ᠬᠣᠲᠠ᠎ᠶ᠋ᠢᠨ ᠨᠠᠮ᠎ᠤᠨ ᠬᠤᠷᠢᠶ᠎ᠠ᠎ᠶᠢᠨ ᠨᠠᠮ᠎ᠤᠨ ᠰᠤᠷᠭᠠᠭᠤᠯᠢ᠎ᠳᠤ ᠲᠥᠪᠯᠡᠷᠡᠭᠦᠯᠦᠨ ᠬᠢᠴᠢᠶᠡᠯ ᠣᠷᠣᠵᠤ᠂ ᠰᠤᠳᠤᠯᠤᠨ ᠶᠠᠷᠢᠯᠴᠠᠵᠤ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠦᠵᠡᠯᠲᠡ᠎ᠶ᠋ᠢᠨ ᠬᠥᠮᠦᠵᠢᠯ᠎ᠢ ᠡᠳᠦᠷ ᠲᠤᠲᠤᠮ᠎ᠤᠨ ᠠᠵᠢᠯ᠎ᠳᠤ ᠠᠭᠤᠰᠤᠯᠴᠠᠭᠤᠯᠵᠤ᠂ ᠪᠠᠢᠩᠭᠤ ᠠᠳᠭᠤᠬᠤ᠎ᠶ᠋ᠢ ᠠᠬᠢᠭᠤᠯᠪᠠ᠃
ᠬᠡᠷᠡᠭ᠎ᠢᠶᠡᠷ ᠲᠣᠯᠢ ᠪᠣᠯᠭᠠᠵᠤ ᠰᠡᠷᠡᠮᠵᠢᠯᠡᠭᠦᠯᠬᠦ᠌ ᠬᠥᠮᠦᠵᠢᠯ᠎ᠢ ᠲᠠᠷᠢᠬᠢ ᠰᠡᠳᠬᠢᠯ ᠳ᠋ᠡᠬᠡᠨ ᠬᠠᠳᠠᠨᠭᠰᠢᠭᠤᠯᠬᠤᠶ᠋ᠢ ᠠᠬᠢᠭᠤᠯᠪᠠ
ᠡᠯ᠎ᠡ ᠭᠠᠵᠠᠷ᠎ᠤᠨ ᠬᠢᠨ ᠵᠥᠪ ᠲᠠᠯ᠎ᠠ ᠡᠴᠡ ᠬᠥᠲᠥᠯᠥᠨ ᠵᠢᠯᠣᠭᠣᠳᠭᠤ ᠪᠠ ᠡᠰᠡᠷᠭᠦ᠌ ᠲᠠᠯ᠎ᠠ ᠡᠴᠡ ᠰᠡᠷᠡᠮᠵᠢᠯᠡᠭᠦᠯᠬᠦ᠌ ᠵᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠦᠵᠡᠯᠲᠡ᠎ᠶ᠋ᠢᠨ ᠵᠥᠷᠢᠶ᠎ᠡ᠎ᠶ᠋ᠢᠨ ᠪᠣᠶ ᠪᠣᠯᠬᠤ ᠵᠢᠮ᠎ᠡ ᠶᠣᠰᠣ᠎ᠶ᠋ᠢ ᠭᠦᠨᠵᠡᠭᠡᠶ ᠵᠠᠳᠠᠯᠵᠤ᠂ ᠪᠡᠳᠡᠬᠢ᠎ᠶ᠋ᠢ ᠣᠨᠣᠪᠴᠢᠲᠠᠶ ᠡᠷᠢᠵᠦ᠍᠂ ᠨᠠᠷᠢᠯᠢᠭ ᠣᠨᠣᠴᠠᠲᠠᠶ᠎ᠪᠠᠷ ᠴᠡᠭ᠌ᠴᠡᠯᠡᠨ ᠰᠠᠢᠵᠢᠷᠠᠭᠤᠯᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠨᠢᠭᠡ᠎ᠡᠴᠡ ᠨᠥᠭᠥᠭᠡ᠎ᠶ᠋ᠢ ᠵᠦᠶ᠋ᠴᠢᠯᠡᠨ ᠮᠡᠳᠡᠬᠦ᠂ ᠬᠡᠷᠡᠭ᠎ᠢᠶᠡᠷ ᠲᠣᠯᠢ ᠪᠣᠯᠭᠠᠬᠤ ᠵᠢ ᠬᠥᠲᠥᠯᠥᠨ ᠵᠢᠯᠣᠭᠣᠳᠪᠡ᠃
ᠡᠬᠢ ᠪᠠᠶᠠᠯᠢᠭ᠎ᠢ ᠨᠡᠢᠳᠭᠡᠬᠦ᠌᠎ᠶ᠋ᠢ ᠠᠬᠢᠭᠤᠯᠬᠤ ᠲᠠᠯ᠎ᠠ᠎ᠪᠠᠷ᠂ ᠱᠠᠩᠬᠠᠢ ᠬᠤᠳᠠ᠎ᠶ᠋ᠢᠨ ᠬᠢᠨ ᠬᠣᠯᠪᠣᠭᠠᠯᠠᠨ ᠬᠥᠳᠡᠯᠦᠯᠴᠡᠵᠦ᠍ ᠬᠠᠮᠲᠤ᠎ᠪᠠᠷ ᠡᠳ᠋ᠯᠡᠬᠦ᠌᠂ ᠤᠨᠢᠨ ᠳᠡᠭᠡᠷ᠎ᠡ ᠨᠢ ᠬᠠᠩᠭᠠᠬᠤ᠎ᠶ᠋ᠢ ᠪᠠᠷᠢᠮᠲᠠᠯᠠᠵᠤ᠂ ᠰᠡᠷᠡᠮᠵᠢᠯᠡᠭᠦᠯᠬᠦ᠌ ᠬᠥᠮᠦᠵᠢᠯ᠎ᠦᠨ ᠬᠥᠮᠦᠰ᠎ᠦᠨ ᠰᠡᠳᠭᠢᠯ᠎ᠢ ᠱᠢᠭᠤᠳ ᠬᠦᠨᠳᠡᠬᠦ᠎ᠶ᠋ᠢ ᠠᠬᠢᠭᠤᠯᠪᠠ᠃ ᠬᠣᠲᠠ᠎ᠶ᠋ᠢᠨ ᠱᠠᠲᠤ ᠡᠴᠡ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠰᠡᠷᠡᠮᠵᠢᠯᠡᠭᠦᠯᠬᠦ᠌ ᠬᠥᠮᠦᠵᠢᠯ᠎ᠦᠨ ᠰᠠᠭᠤᠷᠢᠨ᠂ ᠬᠢᠴᠢᠶᠡᠯ᠎ᠦᠨ ᠪᠠᠭ᠍ᠰᠢ᠂ ᠰᠤᠷᠤᠯᠴᠠᠯᠭ᠎ᠠ᠎ᠶ᠋ᠢᠨ ᠡᠬᠢ ᠪᠠᠶᠠᠯᠢᠭ ᠵᠡᠷᠭᠡ ᠨᠠᠷᠢᠨ ᠳᠠᠩᠰᠠ᠎ᠶ᠋ᠢ ᠴᠠᠭᠲᠤᠨᠢ ᠲᠤᠬᠢᠷᠠᠭᠤᠯᠤᠨ ᠨᠡᠢᠳᠡᠯᠡᠪᠠ᠃
ᠨᠠᠷᠢᠯᠢᠭ ᠣᠨᠣᠴᠠᠲᠠᠶ᠎ᠪᠠᠷ ᠪᠦᠷᠬᠦᠬᠦᠯᠬᠦ ᠶ᠋ᠢ ᠠᠬᠢᠭᠤᠯᠬᠤ ᠲᠠᠯ᠎ᠠ᠎ᠪᠠᠷ᠂ ᠠᠨᠾᠦ᠋ᠢ ᠮᠤᠵᠢ᠎ᠶ᠋ᠢᠨ ᠡᠯ᠎ᠡ ᠭᠠᠵᠠᠷ᠎ᠤᠨ ᠬᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠪᠡ᠃ ᠵᠢᠱ᠌ᠢᠶᠡᠯᠡᠪᠡᠯ᠂ ᠢ ᠴᠸᠩ ᠬᠣᠲᠠ᠎ᠶ᠋ᠢᠨ ᠬᠢᠨ ᠰᠤᠷᠤᠯᠴᠠᠯᠭ᠎ᠠ ᠬᠥᠮᠦᠵᠢᠯ᠎ᠦᠨ ᠠᠭᠤᠯᠭ᠎ᠠ᠎ᠶ᠋ᠢ ᠨᠠᠮ᠎ᠤᠨ ᠰᠤᠷᠭᠠᠭᠤᠯᠢ᠎ᠶ᠋ᠢᠨ ᠭᠤᠤᠯ ᠴᠣᠭ᠍ᠴᠠ᠎ᠶ᠋ᠢᠨ ᠠᠩᠭᠢ᠎ᠳᠤ ᠣᠷᠣᠭᠤᠯᠵᠤ᠂ ᠰᠡᠷᠡᠮᠵᠢᠯᠡᠭᠦᠯᠬᠦ᠌ ᠬᠥᠮᠦᠵᠢᠯ᠂ ᠣᠨᠣᠯ᠎ᠤᠨ ᠰᠤᠷᠤᠯᠴᠠᠯᠭ᠎ᠠ᠂ ᠬᠡᠷᠡᠭ᠎ᠦᠨ ᠵᠢᠱ᠌ᠢᠶ᠎ᠡ᠎ᠶ᠋ᠢ ᠵᠠᠳᠠᠯᠬᠤ᠂ ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶᠢᠭ᠎ᠢ ᠶᠡᠷᠦᠩᠬᠡᠢᠯᠡᠨ ᠬᠡᠷᠡᠭ᠌ᠯᠡᠬᠦ᠌᠎ᠶ᠋ᠢᠨ ᠬᠠᠮᠲᠤ ᠬᠢᠴᠢᠶᠡᠯ᠎ᠦᠨ ᠲᠠᠩᠬᠢᠮ᠎ᠢ ᠠᠵᠤ ᠠᠬᠤᠢᠯᠠᠯ᠎ᠤᠨ ᠦᠶ᠋ᠯᠡᠳᠪᠦᠷᠢᠯᠡᠯ᠎ᠦᠨ ᠲᠠᠰᠤᠭ᠂ ᠦᠨᠳᠦᠰᠦᠨ ᠱᠠᠲᠤᠨ᠎ᠤ ᠡᠮᠦᠨ᠎ᠡ ᠹᠷᠣᠨᠲ ᠬᠦᠷᠲᠡᠯ᠎ᠡ ᠤᠷᠲᠤᠳᠭᠠᠬᠤ᠎ᠶ᠋ᠢ ᠴᠢᠬᠤᠯᠠᠴᠢᠯᠠᠵᠤ᠂ ᠣᠨᠴᠠᠯᠢᠭ᠍ᠲᠤ ᠵᠢᠭᠠᠨ ᠰᠤᠷᠭᠠᠯᠲᠠ᠎ᠶ᠋ᠢᠨ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ ᠨᠠᠮᠴᠢ ᠴᠢᠨᠠᠷ᠎ᠤᠨ ᠬᠥᠮᠦᠵᠢᠯ ᠪᠠ ᠨᠠᠮᠴᠢ ᠴᠢᠨᠠᠷ᠎ᠤᠨ ᠪᠣᠯᠪᠠᠰᠤᠷᠠᠯ᠎ᠢ ᠪᠥᠬᠥ᠌ ᠶᠠᠪᠤᠴᠠ᠎ᠳᠤ ᠲᠤᠭᠤᠰᠢᠯᠠᠭᠤᠯᠪᠠ᠃
ᠦᠷ᠎ᠡ ᠪᠦᠲᠦᠮᠵᠢ᠎ᠶ᠋ᠢ ᠭᠦᠨᠵᠡᠭᠡᠢᠷᠡᠭᠦᠯᠬᠦ᠌ ᠲᠠᠯ᠎ᠠ ᠪᠠᠷ᠂ ᠭᠠᠨᠰᠦ ᠮᠤᠵᠢ ᠮᠤᠵᠢ᠎ᠶ᠋ᠢᠨ ᠱᠠᠲᠤᠨ᠎ᠤ ᠨᠢᠭᠡᠳᠦᠯᠲᠡᠶ ᠲᠥᠯᠥᠪᠵᠢᠭᠦᠯᠭᠡ᠎ᠶ᠋ᠢ ᠴᠢᠬᠤᠯᠠᠴᠢᠯᠠᠭ᠍ᠰᠠᠨ᠎ᠢᠶᠠᠷ ᠪᠠᠷᠠᠬᠤ ᠥᠬᠡᠶ ᠪᠠᠰᠠ ᠦᠨᠳᠦᠰᠦᠨ ᠱᠠᠲᠤᠨ᠎ᠤ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠪᠠ᠃ ᠮᠤᠵᠢ᠎ᠶ᠋ᠢᠨ ᠲᠠᠰ ᠳᠠᠪᠬᠤᠷᠭ᠎ᠠ ᠡᠴᠡ ᠵᠥᠪ ᠪᠠ ᠡᠰᠡᠷᠬᠦ ᠲᠠᠯ᠎ᠠ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠨᠠᠢᠷᠠᠭᠤᠯᠤᠨ ᠳᠠᠷᠤᠮᠠᠯᠯᠠᠵᠤ᠂ ᠳᠡᠷᠭᠡᠳᠡᠬᠢ ᠤᠴᠢᠷ ᠶᠠᠪᠤᠳᠠᠯ᠎ᠢᠶᠠᠷ ᠳᠡᠷᠭᠡᠳᠡᠬᠢ ᠬᠥᠮᠦᠨ᠎ᠢ ᠦᠨᠡᠨ ᠬᠦ᠌ ᠰᠤᠷᠭᠠᠨ ᠬᠥᠮᠦᠵᠢᠭᠦᠯᠪᠠ᠃ ᠭᠠᠨᠰᠦ ᠮᠤᠵᠢ᠎ᠶ᠋ᠢᠨ ᠵᠢᠨᠴᠠᠩ ᠬᠤᠲᠠ᠎ᠶ᠋ᠢᠨ ᠬᠢᠨ ᠬᠤᠲᠠ᠎ᠶ᠋ᠢᠨ ᠵᠠᠰᠠᠭ᠎ᠤᠨ ᠣᠷᠳᠣᠨ᠎ᠤ ᠴᠢᠭᠡᠴᠢ ᠵᠠᠰᠠᠭ ᠤ᠋ᠨ ᠠᠵᠢᠯ᠎ᠤᠨ ᠬᠤᠷᠠᠯ᠎ᠲᠠᠶ ᠤᠶᠠᠯᠳᠤᠭᠤᠯᠤᠨ᠂ ᠬᠡᠷᠡᠭ᠎ᠢᠶᠡᠷ ᠶᠣᠰᠣ ᠤᠴᠢᠷ᠎ᠢ ᠶᠠᠷᠢᠵᠤ᠂ ᠰᠠᠬᠢᠯᠭ᠎ᠠ ᠪᠠᠲᠤ᠎ᠶ᠋ᠢ ᠶᠠᠷᠢᠵᠤ᠂ ᠬᠠᠷᠢᠭᠤᠴᠠᠯᠭ᠎ᠠ᠎ᠶ᠋ᠢ ᠶᠠᠷᠢᠵᠤ᠂ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠭᠦᠨᠵᠡᠭᠡᠢ ᠵᠠᠳᠠᠯᠤᠨ ᠱᠢᠨᠵᠢᠯᠡᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠡᠷᠬᠡ᠎ᠪᠡᠨ ᠲᠥᠪ ᠭᠣᠣᠯᠴᠢ᠎ᠪᠠᠷ ᠬᠡᠷᠡᠭ᠌ᠯᠡᠵᠦ᠍᠂ ᠠᠷᠢᠭᠤᠨ ᠴᠢᠬᠡᠴᠢ᠎ᠪᠡᠷ ᠵᠠᠰᠠᠭ ᠪᠠᠷᠢᠬᠤ᠎ᠶ᠋ᠢ ᠬᠦᠲᠦᠯᠦᠨ ᠵᠢᠯᠣᠭᠣᠳᠭᠤ᠎ᠶ᠋ᠢᠨ ᠬᠠᠮᠲᠤ ᠴᠢᠬᠡᠴᠢᠵᠠᠰᠠᠭᠤᠨ ᠰᠡᠷᠡᠮᠵᠢᠯᠡᠬᠦᠯᠬᠦ ᠬᠥᠮᠦᠵᠢᠯ᠎ᠦᠨ ᠰᠠᠭᠤᠷᠢᠨ ᠵᠡᠷᠭᠡ ᠵᠢᠭ᠍ᠰᠠᠭᠠᠯ᠎ᠤᠨ ᠭᠠᠵᠠᠷ᠎ᠤᠨ ᠡᠬᠢ ᠪᠠᠶᠠᠯᠢᠭ᠎ᠢ ᠭᠦᠢᠴᠡᠳ ᠠᠱᠢᠭ᠍ᠯᠠᠨ᠂ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠤ ᠨᠠᠮᠴᠢ ᠴᠢᠨᠠᠷ᠎ᠤᠨ ᠬᠥᠮᠦᠵᠢᠯ᠎ᠦᠨ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠪᠡ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 3 ᠰᠠᠷ᠎ᠠ᠎ᠶᠢᠨ 24᠎ᠤ᠋ ᠴᠠᠬᠢᠯᠭᠠᠨ ᠮᠡᠳᠡᠭᠡ ᠡᠴᠡ)