ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠡᠴᠡ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠲᠦᠯᠭᠡᠵᠢᠭᠦᠯᠬᠦ ᠰᠤᠷᠤᠯᠴᠠᠯᠭ᠎ᠠ ᠬᠦᠮᠦᠵᠢᠯ᠎ᠤᠨ ᠨᠣᠮ ᠤᠩᠰᠢᠬᠤ ᠠᠩᠭᠢ ᠡᠷᠭᠢᠯᠡᠪᠡ᠃
ᠨᠤᠮ ᠤᠩᠰᠢᠬᠤ ᠠᠩᠬᠢ ᠢ᠋ᠢᠨ ᠬᠤᠭᠤᠴᠠᠭᠠᠨ᠎ᠳᠤ᠂ ᠪᠣᠯᠪᠠᠰᠤᠷᠠᠯ᠎ᠳᠤ ᠣᠷᠣᠯᠴᠠᠭᠰᠠᠳ 《ᠶᠡᠷᠦᠩᠬᠡᠢ ᠱᠦᠵᠢ ᠰᠢ᠎ᠶᠢᠨ ᠫᠢᠩ᠎ᠤᠨ ᠣᠷᠣᠨ ᠨᠤᠲᠤᠭ ᠲᠸ᠋ ᠠᠵᠢᠯᠯᠠᠵᠦ ᠪᠠᠢᠬᠰᠠᠨ ᠬᠤᠭᠤᠴᠠᠭᠠᠨ᠎ᠳᠡᠬᠢ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠵᠦᠪ ᠦᠵᠡᠯᠲᠡ ᠵᠢ ᠪᠠᠷᠢᠮᠲᠠᠯᠠᠬᠰᠠᠨ ᠠᠮᠢᠳᠤᠯᠢᠬ ᠦᠢᠯᠡᠲᠦᠯᠭᠡ》 ᠵᠡᠷᠭᠡ ᠴᠢᠬᠤᠯᠠ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠵᠤ᠂ ᠲᠤᠰᠬᠠᠢ ᠮᠡᠷᠭᠡᠵᠢᠯᠲᠡᠨ ᠫᠷᠤᠹᠸᠰᠰᠤᠷ᠎ᠤᠨ ᠲᠤᠰᠬᠠᠢ ᠰᠡᠳᠦᠪᠲᠦ ᠬᠠᠪᠰᠤᠷᠤᠨ ᠵᠢᠯᠤᠭᠣᠳᠬᠤ ᠲᠠᠢᠯᠤᠮᠵᠢ᠎ᠶᠢ ᠨᠠᠷᠢᠨ ᠬᠢᠨᠠᠮᠠᠭᠠᠢ ᠰᠣᠨᠣᠰᠴᠤ᠂ ᠪᠦᠬᠦ ᠣᠷᠣᠨ᠎ᠳᠤ ᠰᠢᠭᠤᠳ ᠨᠡᠪᠲᠡᠷᠡᠭᠦᠯᠦᠭᠰᠡᠨ 《ᠤᠮᠠᠷᠠᠲᠤ ᠬᠢᠯᠢ᠎ᠶᠢᠨ ᠡᠭᠦᠯᠡᠨ ᠬᠢᠴᠢᠶᠡᠯ᠎ᠦᠨ ᠲᠠᠩᠬᠢᠮ》 ᠤ᠋ᠨ ᠲᠤᠰᠬᠠᠢ ᠰᠡᠳᠦᠪᠲᠦ ᠸᠢᠳᠢᠣ᠋ ᠬᠢᠴᠢᠶᠡᠯ᠎ᠢ ᠵᠡᠷᠭᠡ ᠪᠡᠷ ᠲᠥᠪᠯᠡᠷᠡᠭᠦᠯᠦᠨ ᠦᠵᠡᠵᠦ᠂ ᠰᠢᠰᠲ᠋ᠸᠮ ᠲᠠᠢ ᠰᠤᠷᠤᠯᠴᠠᠬᠤ᠂ ᠭᠦᠨᠵᠡᠭᠡᠢ ᠰᠤᠷᠤᠯᠴᠠᠬᠤ᠂ ᠳᠠᠭᠠᠨ ᠰᠤᠷᠤᠯᠴᠠᠬᠤ᠎ᠪᠠᠷ ᠳᠠᠮᠵᠢᠵᠤ᠂ ᠤᠨᠤᠯ᠎ᠢᠶᠠᠷ ᠵᠡᠪᠰᠡᠭᠯᠡᠬᠦ᠎ᠶᠢ ᠦᠷᠭᠦᠯᠵᠢᠯᠡᠨ ᠴᠢᠩᠭᠠᠳᠬᠠᠵᠤ᠂ ᠦᠵᠡᠯ ᠰᠠᠨᠠᠭᠠᠨ᠎ᠤ ᠰᠠᠭᠤᠷᠢ᠎ᠶᠢ ᠪᠠᠲᠤᠳᠬᠠᠪᠠ᠃ ᠬᠠᠤᠯᠢ ᠴᠠᠭᠠᠵᠠ᠎ᠶᠢᠨ ᠲᠢᠩᠬᠢᠮ᠎ᠦᠨ ᠨᠠᠮ᠎ᠤᠨ ᠬᠣᠷᠢᠶᠠᠨ᠎ᠤ ᠭᠡᠰᠢᠭᠦᠳ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠠᠵᠢᠯ᠎ᠤᠨ ᠪᠣᠳᠠᠲᠤ ᠪᠠᠢᠳᠠᠯ᠎ᠳᠠᠭᠠᠨ ᠰᠠᠭᠤᠷᠢᠯᠠᠨ ᠰᠠᠨᠠᠯ᠎ᠢᠶᠠᠨ ᠰᠣᠯᠢᠯᠴᠠᠵᠦ᠂ ᠬᠤᠪᠢᠳᠠᠨ ᠬᠠᠮᠢᠶᠠᠷᠴᠤ ᠪᠠᠢᠭ᠎ᠠ ᠠᠵᠢᠯ᠎ᠲᠠᠢ᠎ᠪᠠᠨ ᠨᠢᠭ᠍ᠲᠠ ᠤᠶᠠᠯᠳᠤᠭᠤᠯᠤᠨ ᠲᠠᠨᠢᠯᠲᠠ ᠣᠢᠯᠠᠭᠠᠯᠲᠠ᠎ᠪᠠᠨ ᠶᠠᠷᠢᠵᠤ᠂ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ᠎ᠪᠠᠨ ᠡᠷᠢᠵᠦ᠂ ᠬᠠᠯᠠᠨ ᠰᠠᠢᠵᠢᠷᠠᠭᠤᠯᠬᠤ ᠰᠡᠳᠬᠢᠴᠡ᠎ᠪᠡᠨ ᠲᠣᠳᠣᠷᠬᠠᠢᠯᠠᠵᠤ᠂ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠪᠡᠨ ᠲᠣᠭᠲᠠᠭᠠᠪᠠ᠃
ᠬᠤᠷᠠᠯ ᠡᠴᠡ᠂ ᠤᠯᠤᠰ ᠲᠦᠷᠦ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠂ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠰᠤᠷᠤᠯᠴᠠᠯᠭ᠎ᠠ ᠬᠥᠮᠦᠵᠢᠯ᠎ᠢ ᠴᠢᠬᠤᠯᠠ ᠤᠯᠤᠰ ᠲᠦᠷᠦ᠎ᠶᠢᠨ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠵᠤ᠂ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠡᠯ᠎ᠡ ᠵᠦᠢᠯ᠎ᠦᠨ ᠠᠵᠢᠯ᠎ᠤᠨ ᠪᠦᠬᠦ ᠶᠠᠪᠤᠴᠠ᠎ᠳᠤ ᠦᠨᠡᠨᠬᠦ ᠲᠤᠭᠤᠰᠢᠯᠠᠭᠤᠯᠬᠤ ᠬᠡᠷᠡᠭᠲᠡᠢ; ᠠᠷᠠᠳ᠎ᠲᠤ ᠪᠤᠶᠠᠨ ᠦᠢᠯᠡᠳᠬᠦ ᠦᠨᠳᠦᠰᠦᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠤᠳᠤᠷᠢᠳᠤᠮᠵᠢ᠎ᠶᠢ ᠪᠠᠷᠢᠮᠲᠠᠯᠠᠵᠤ᠂ ᠢᠮᠠᠭᠲᠠ ᠠᠷᠠᠳ ᠲᠦᠮᠡᠨ᠎ᠦ ᠵᠣᠭᠰᠣᠯᠲᠠ᠎ᠳᠤ ᠪᠠᠲᠤ ᠵᠣᠭᠰᠣᠵᠤ᠂ ᠤᠯᠠᠨ ᠲᠦᠮᠡᠨ᠎ᠦ ᠪᠠᠴᠢᠮᠲᠠᠵᠦ ᠬᠦᠴᠢᠷᠲᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠤᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡ᠎ᠶᠢ ᠰᠢᠯᠢᠳᠡᠭᠵᠢᠭᠦᠯᠬᠦ᠂ ᠵᠥᠷᠢᠴᠡᠯ ᠵᠠᠭᠤᠷᠠᠯᠳᠤᠭᠠᠨ᠎ᠢ ᠠᠷᠢᠯᠭᠠᠬᠤ᠂ ᠣᠨᠴᠠᠭᠠᠢ ᠬᠥᠮᠥᠰ᠎ᠲᠦ ᠦᠢᠯᠡᠴᠢᠯᠡᠵᠦ ᠬᠠᠮᠢᠶᠠᠷᠬᠤ ᠵᠡᠷᠭᠡ ᠠᠵᠢᠯ᠎ᠢ ᠪᠣᠳᠠᠲᠠᠢ ᠪᠥᠭᠡᠳ ᠰᠠᠢᠲᠤᠷ ᠬᠢᠵᠦ᠂ ᠦᠨᠡᠨᠬᠦ ᠠᠳᠬᠤᠨ ᠪᠣᠳᠠᠲᠠᠢ ᠠᠵᠢᠯᠯᠠᠬᠤ᠂ ᠪᠣᠳᠠᠲᠤ ᠦᠷ᠎ᠡ ᠪᠦᠲᠦᠮᠵᠢ᠎ᠶᠢ ᠡᠷᠬᠢᠮᠯᠡᠬᠦ᠎ᠶᠢ ᠪᠠᠷᠢᠮᠲᠠᠯᠠᠵᠤ᠂ ᠬᠤᠳᠠᠯ ᠬᠠᠭᠤᠷᠮᠠᠭ ᠵᠠᠰᠠᠭ᠎ᠤᠨ ᠠᠵᠢᠯ᠎ᠤᠨ ᠪᠦᠲᠦᠮᠵᠢ᠂ ᠳᠦᠷᠢ ᠲᠥᠷᠬᠦ᠎ᠶᠢᠨ ᠢᠨᠵᠧᠨᠧᠷᠢᠩ᠂ ᠨᠢᠭᠤᠷ ᠲᠠᠯ᠎ᠠ᠎ᠶᠢᠨ ᠢᠨᠵᠧᠨᠧᠷᠢᠩ᠎ᠢ ᠡᠷᠡᠰ ᠬᠣᠷᠢᠭ᠍ᠯᠠᠬᠤ ᠬᠡᠷᠡᠭᠲᠡᠢ; ᠰᠤᠷᠲᠠᠯ᠎ᠤᠨ ᠪᠠᠢᠭᠤᠯᠤᠯᠲᠠ ᠪᠣᠯᠣᠨ ᠰᠠᠬᠢᠯᠭ᠎ᠠ ᠪᠠᠲᠤ᠎ᠶᠢᠨ ᠪᠠᠢᠭᠤᠯᠤᠯᠲᠠ᠎ᠶᠢ ᠦᠷᠭᠦᠯᠵᠢᠯᠡᠨ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠶᠢ ᠬᠦᠴᠦᠯᠡᠨ ᠪᠤᠢ ᠪᠣᠯᠭᠠᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠤ᠂ ᠬᠠᠤᠯᠢ ᠪᠡᠷ ᠵᠠᠰᠠᠬᠤ ᠰᠠᠭᠤᠷᠢ᠎ᠶᠢ ᠪᠦᠬᠦ ᠬᠦᠴᠦᠨ᠎ᠢᠶᠡᠷ᠎ᠢᠶᠡᠨ ᠪᠡᠬᠢᠵᠢᠭᠦᠯᠵᠦ᠂ ᠬᠠᠤᠯᠢ ᠪᠡᠷ ᠵᠠᠰᠬᠠᠤ ᠬᠠᠷᠢᠭᠤᠴᠠᠯᠭ᠎ᠠ᠎ᠶᠢ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃