ᠤᠢᠷ᠎ᠠ᠎ᠳᠤ᠂ ᠬᠦᠬᠡᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭ᠎ᠠ ᠪᠠᠢᠭᠤᠯᠭ᠎ᠠ᠎ᠶ᠋ᠢᠨ ᠡᠯ᠎ᠡ ᠬᠡᠯᠲᠡᠰ ᠲᠠᠰᠤᠭ ᠵᠢᠴᠢ ᠬᠠᠷᠢᠶ᠎ᠠ ᠠᠵᠢᠯ ᠦᠢᠯᠡᠰ᠎ᠦᠨ ᠨᠢᠭᠡᠴᠢ᠂ ᠬᠣᠱᠢᠭᠤ ᠱᠢᠶᠠᠨ ᠲᠣᠭᠣᠷᠢᠭ᠎ᠤᠨ ᠵᠡᠮᠳᠡᠭ᠌ᠴᠦᠳ᠎ᠦᠨ ᠬᠣᠯᠪᠣᠭ᠎ᠠ᠎ᠵᠢᠨ ᠨᠠᠮ᠎ᠤᠨ ᠭᠡᠱᠢᠭᠦᠨ ᠺᠠᠳ᠋ᠷᠴᠤᠳ᠎ᠢ ᠵᠤᠬᠢᠶᠠᠨ ᠪᠠᠢᠭᠤᠯᠵᠦ᠂ 《ᠪᠦᠬᠦ ᠤᠷᠤᠨ ᠵᠢᠡᠷ ᠵᠢᠡᠨ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠵᠦᠪ ᠦᠵᠡᠯᠲᠡ᠎ᠶᠢ ᠪᠤᠢ ᠪᠤᠯᠭᠠᠨ ᠦᠢᠯᠡᠳᠦᠯᠭᠡᠵᠢᠬᠦᠯᠬᠦ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ》 ᠲᠤᠰᠭᠠᠢ ᠰᠡᠳᠦᠪᠲᠦ ᠲᠠᠢᠯᠤᠮᠵᠢ᠎ᠵᠢ ᠲᠤᠬᠢᠷᠠᠭᠤᠯᠵᠦ᠂ ᠰᠤᠷᠤᠯᠴᠠᠯᠭ᠎ᠠ ᠬᠦᠮᠦᠵᠢᠯ ᠦᠷᠨᠢᠬᠦᠯᠪᠡ᠃
ᠲᠠᠢᠯᠤᠮᠵᠢ᠎ᠶ᠋ᠢ ᠰᠣᠨᠣᠰᠭᠤ᠎ᠪᠠᠷ ᠳᠠᠮᠵᠢᠨ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢᠨ ᠪᠠᠶᠠᠯᠢᠭ ᠠᠭᠤᠯᠤᠭ᠍ᠳᠠᠬᠤᠨ᠂ ᠭᠣᠣᠯ ᠠᠭᠤᠯᠭ᠎ᠠ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠶ᠋ᠢᠨ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠂ ᠨᠠᠮ᠎ᠤᠨ ᠪᠠᠢᠭᠤᠯᠤᠯᠲᠠ᠎ᠳᠤ ᠦᠵᠡᠭᠦᠯᠬᠦ᠌ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ ᠤᠨᠤᠯ᠎ᠤᠨ ᠵᠡᠪᠰᠡᠭ᠌ᠯᠡᠯ ᠵᠢᠡᠨ ᠴᠢᠨᠠᠭ᠍ᠰᠢᠳᠠ ᠴᠢᠩᠭᠠᠳᠭᠠᠵᠤ᠂ ᠦᠵᠡᠯ ᠰᠠᠨᠠᠭᠠᠨ᠎ᠤ ᠰᠠᠭᠤᠷᠢ ᠪᠠᠨ ᠪᠡᠬᠢᠵᠢᠭᠦᠯᠪᠡ᠃ ᠣᠯᠠᠨ᠎ᠢᠶᠠᠷ᠎ᠢᠶᠠᠨ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠠᠲᠤ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠡᠭᠦᠷᠭᠡ ᠴᠢᠳᠠᠪᠬᠢ ᠲᠤᠱᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠵᠡᠮᠳᠡᠭ᠌ᠴᠦᠳ᠎ᠦᠨ ᠪᠠᠴᠢᠮᠳᠠᠵᠦ ᠬᠦᠴᠢᠷᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠵᠡᠮᠳᠡᠭ᠌ᠴᠦᠳ᠎ᠲᠤ ᠨᠡᠩ ᠤᠯᠡᠨ ᠪᠤᠳᠠᠲᠦ ᠠᠰᠢᠭ ᠬᠦᠷᠲᠡᠭᠡᠵᠦ᠂ ᠬᠠᠲᠠᠭᠤ ᠴᠢᠩᠭ᠎ᠠ ᠰᠤᠷᠲᠠᠯ ᠪᠣᠯᠤᠨ ᠪᠣᠳᠠᠲᠠᠶ᠎ᠶ᠋ᠢ ᠡᠷᠬᠢᠮᠯᠡᠭ᠌ᠰᠡᠨ ᠦᠷ᠎ᠡ ᠪᠦᠲᠦᠮᠵᠢ᠎ᠪᠡᠷ ᠵᠢᠡᠨ ᠵᠡᠮᠳᠡᠭ᠌ᠴᠦᠳ᠎ᠦᠨ ᠬᠦᠷᠲᠡᠮᠵᠢ᠎ᠶ᠋ᠢᠨ ᠲᠥᠷᠥᠭ᠌ᠳᠡᠯ᠂ ᠵᠤᠯ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠮᠠᠨ᠎ᠤ ᠬᠣᠲᠠ᠎ᠶ᠋ᠢᠨ ᠵᠡᠮᠳᠡᠭ᠌ᠴᠦᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号