ᠪᠦᠬᠦ ᠣᠷᠣᠨ᠎ᠤ ᠲᠠᠷᠢᠶᠠᠨ ᠭᠠᠵᠠᠷ᠎ᠤᠨ ᠤᠰᠤᠨ ᠠᠰᠢᠭ᠍ᠯᠠᠯᠲᠠ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠲᠤᠬᠠᠢ᠎ᠶᠢᠨ ᠲᠠᠯᠠᠪᠠᠢ᠎ᠶᠢᠨ ᠠᠬᠢᠭᠤᠯᠬᠤ ᠬᠤᠷᠠᠯ ᠬᠤᠷᠠᠯᠳᠤᠪᠠ
2026-03-27 09:46:15
ᠵᠣᠬᠢᠶᠠᠭ᠍ᠴᠢ᠄
ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

ᠳᠠᠢ᠍ᠢᠴᠢᠨ ᠣᠷᠣᠯᠴᠠᠪᠠ


3 ᠰᠠᠷ᠎ᠠ᠎ᠶᠢᠨ 25 ᠎ᠤ᠋ ᠡᠳᠦᠷ᠂ ᠪᠦᠬᠦ ᠣᠷᠣᠨ᠎ᠤ ᠲᠠᠷᠢᠶᠠᠨ ᠭᠠᠵᠠᠷ᠎ᠤᠨ ᠤᠰᠤᠨ ᠠᠰᠢᠭ᠍ᠯᠠᠯᠲᠠ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠲᠤᠬᠠᠢ᠎ᠶᠢᠨ ᠲᠠᠯᠠᠪᠠᠢ᠎ᠶᠢᠨ ᠠᠬᠢᠭᠤᠯᠬᠤ ᠬᠤᠷᠠᠯ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠳᠠᠢ᠍ᠢᠴᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃

ᠬᠤᠷᠠᠯ᠎ᠠᠴᠠ᠂ ᠲᠠᠷᠢᠶᠠᠨ ᠭᠠᠵᠠᠷ᠎ᠤᠨ ᠤᠰᠤᠨ ᠠᠰᠢᠭ᠍ᠯᠠᠯᠲᠠ ᠪᠣᠯᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ᠎ᠪᠡᠨ ᠦᠨᠡᠨ᠎ᠬᠦ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠠᠰᠠᠭᠤᠳᠠᠯ᠎ᠢ  ᠴᠡᠭᠴᠡᠯᠡᠨ ᠵᠠᠰᠠᠬᠤ᠂ ᠪᠦᠲᠦᠭᠡᠨ ᠪᠠᠢᠭᠤᠯᠤᠯᠲᠠ᠎ᠶᠢ ᠠᠳᠬᠤᠬᠤ᠂ ᠬᠠᠮᠢᠶᠠᠷᠤᠯᠲᠠ᠎ᠶᠢ ᠴᠢᠩᠭᠠᠳᠬᠠᠬᠤ᠂ ᠶᠠᠰᠤ ᠴᠢᠨᠠᠷ᠎ᠢ ᠳᠡᠭᠡᠭᠰᠢᠯᠡᠭᠦᠯᠬᠦ》 ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ ᠣᠳᠣᠬᠢᠴᠢᠯᠠᠬᠤ  ᠪᠦᠲᠦᠭᠡᠨ ᠪᠠᠢᠭᠤᠯᠤᠯᠲᠠ᠎ᠶᠢᠨ ᠥᠭᠡᠷᠡᠴᠢᠯᠡᠯᠲᠡ᠎ᠶᠢ ᠴᠢᠩᠭᠠᠳᠬᠠᠵᠤ᠂ ᠦᠶᠡᠷ᠎ᠢ ᠰᠡᠷᠭᠡᠢᠯᠡᠬᠦ ᠤᠰᠤᠲᠤᠯ᠎ᠢ ᠵᠠᠯᠠᠬᠤ ᠰᠠᠭᠤᠷᠢ ᠲᠥᠬᠦᠭᠡᠷᠦᠮᠵᠢ᠎ᠶᠢᠨ ᠳᠤᠲᠠᠭᠤᠳᠠᠯ᠎ᠢ ᠨᠥᠬᠥᠪᠦᠷᠢᠯᠡᠵᠦ᠂ ᠲᠠᠷᠢᠶᠠᠯᠠᠩ᠎ᠤᠨ ᠤᠰᠤ ᠠᠷᠪᠢᠯᠠᠬᠤ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠵᠤ᠂ ᠭᠣᠣᠯ ᠮᠥᠷᠡᠨ᠎ᠦ ᠭᠤᠯᠳᠤᠷᠢᠯ᠎ᠢ ᠴᠡᠪᠡᠷᠯᠡᠬᠦ ᠠᠵᠢᠯᠯᠠᠭ᠎ᠠ᠎ᠶᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠪᠠᠳᠤᠯᠠᠭ᠎ᠠ ᠵᠢᠨ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ᠂ ᠪᠦᠬᠦ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠰᠠᠭᠤᠷᠢ᠎ᠶᠢ ᠪᠠᠲᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号