ᠪᠥᠬᠥ᠌ ᠣᠷᠣᠨ᠎ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠱᠢᠰᠲ᠋ᠧᠮ᠎ᠦᠨ ᠨᠢᠭᠡᠳᠦᠭᠡᠷ ᠬᠤᠭᠤᠴᠠᠭᠠᠨ᠎ᠤ 《ᠤᠯᠤᠰ ᠲᠥᠷᠥ᠍ ᠬᠠᠤᠯᠢ ᠴᠠᠭᠠᠵᠠ᠎ᠶ᠋ᠢᠨ ᠶᠠᠷᠢᠶᠠᠨ᠎ᠤ ᠲᠠᠩᠬᠢᠮ》 ᠡᠬᠢᠯᠡᠪᠡ
2026-03-27 09:51:48
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠤᠯᠤᠰ ᠲᠥᠷᠥ᠍ ᠬᠠᠤᠯᠢ ᠴᠠᠭᠠᠵᠠ᠎ᠶ᠋ᠢᠨ ᠺᠠᠳ᠋ᠷ ᠴᠠᠭ᠍ᠳᠠᠭ᠎ᠠ᠎ᠶ᠋ᠢᠨ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠴᠢᠳᠠᠪᠤᠷᠢ ᠲᠦᠪᠰᠢᠨ᠎ᠢ ᠴᠢᠨᠠᠭ᠍ᠰᠢᠳᠠ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 3 ᠰᠠᠷ᠎ᠠ᠎ᠶ᠋ᠢᠨ 23 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠪᠥᠬᠥ᠌ ᠣᠷᠣᠨ᠎ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠱᠢᠰᠲ᠋ᠧᠮ᠎ᠦᠨ ᠨᠢᠭᠡᠳᠦᠭᠡᠷ ᠬᠤᠭᠤᠴᠠᠭᠠᠨ᠎ᠤ 《ᠤᠯᠤᠰ ᠲᠥᠷᠥ᠍ ᠬᠠᠤᠯᠢ ᠴᠠᠭᠠᠵᠠ᠎ᠶ᠋ᠢᠨ ᠶᠠᠷᠢᠶᠠᠨ᠎ᠤ ᠲᠠᠩᠬᠢᠮ》 ᠢ᠋ ᠡᠷᠭᠢᠯᠡᠪᠡ᠃

ᠲᠤᠰ ᠬᠤᠭᠤᠴᠠᠭᠠᠨ᠎ᠤ ᠶᠠᠷᠢᠶᠠᠨ᠎ᠤ ᠲᠠᠩᠬᠢᠮ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ ᠰᠦᠨ ᡁᠢ ᠴᠢᠶᠠᠩ᠎ᠢ ᠤᠷᠢᠵᠤ᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠳᠦᠭᠡᠨ ᠪᠠᠢᠭᠤᠯᠤᠶ᠎ᠠ》 ᠭᠡᠬᠦ᠌ ᠭᠣᠣᠯ ᠰᠡᠳᠦᠪ ᠤ᠋ᠨ ᠲᠤᠭᠤᠷᠢᠨ ᠳ᠋ᠤ ᠲᠠᠢᠯᠤᠮᠵᠢ ᠬᠢᠯᠭᠡᠵᠦ᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠪᠡ᠃

ᠲᠤᠰ ᠬᠤᠭᠤᠴᠠᠭᠠᠨ᠎ᠤ 《ᠤᠯᠤᠰ ᠲᠦᠷᠦ᠍ ᠬᠠᠤᠯᠢ ᠴᠠᠭᠠᠵᠠ᠎ᠶ᠋ᠢᠨ ᠶᠠᠷᠢᠶᠠᠨ᠎ᠤ ᠲᠠᠩᠬᠢᠮ》 ᠨᠢ ᠸᠢᠳᠢᠣ᠋ ᠬᠡᠯᠪᠡᠷᠢ᠎ᠪᠡᠷ ᠶᠠᠪᠤᠭ᠍ᠳᠠᠵᠤ᠂ ᠥᠪᠡᠷᠲᠡᠭᠡᠨ ᠵᠠᠰᠠᠬᠤ ᠣᠷᠣᠨ᠂ ᠠᠢᠮᠠᠭ ᠬᠤᠲᠠ᠂ ᠬᠣᠱᠢᠭᠤ ᠱᠢᠶᠠᠨ (ᠬᠤᠲᠠ᠂ ᠲᠣᠭᠣᠷᠢᠭ) ᠤ᠋ ᠨᠠᠮ᠎ᠤᠨ ᠬᠣᠷᠢᠶ᠎ᠠ ᠵᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠢ᠎ᠠ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠡᠯ᠎ᠡ ᠨᠢᠭᠡᠴᠢ᠎ᠶ᠋ᠢᠨ ᠤᠳᠤᠷᠢᠳᠭᠤ ᠪᠠᠭ᠎ᠤᠨ ᠪᠦᠷᠢᠯᠳᠦᠬᠦᠨ᠂ ᠡᠯ᠎ᠡ ᠰᠠᠯᠠᠭ᠎ᠠ ᠮᠥᠴᠢᠷ᠎ᠦᠨ ᠭᠣᠣᠯ ᠬᠠᠷᠢᠭᠤᠴᠠᠯᠭᠠᠲᠠᠨ ᠨᠥᠬᠥᠳ ᠵᠢᠴᠢ ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ) ᠵᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠭᠡᠱᠢᠭᠦᠨ ᠪᠣᠯᠪᠠᠰᠤᠷᠠᠯ᠎ᠳᠤ ᠣᠷᠣᠯᠴᠠᠪᠠ᠃

ᠪᠣᠯᠪᠠᠰᠤᠷᠠᠯ᠎ᠳᠤ ᠣᠷᠣᠯᠴᠠᠭ᠍ᠰᠠᠳ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠦᠨᠳᠦᠰᠦᠲᠡᠨ᠎ᠦ ᠠᠵᠢᠯ᠎ᠢ ᠤᠯᠤᠰ ᠲᠦᠷᠦ᠍ ᠬᠠᠤᠯᠢ ᠴᠠᠭᠠᠵᠠ᠎ᠶ᠋ᠢᠨ ᠠᠵᠢᠯ᠎ᠲᠠᠶ ᠭᠦᠨᠵᠡᠭᠡᠢ ᠠᠭᠤᠰᠤᠯᠴᠠᠭᠤᠯᠵᠤ᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ᠎ᠪᠠᠷ ᠵᠠᠰᠠᠬᠤ ᠴᠢᠳᠠᠪᠤᠷᠢ ᠪᠠ ᠲᠦᠪᠱᠢᠨ᠎ᠢᠶᠡᠨ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠠ ᠭᠡᠵᠦ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号