ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠤᠢ᠍ᠢᠯᠠᠭᠠᠭ᠍ᠰᠠᠠ ᠢ᠋ᠢᠡᠷ᠂ ᠤᠢ᠍ᠢᠷ᠎ᠠ᠎ᠳᠤ 《ᠪᠦᠬᠦ᠌ ᠣᠷᠣᠨ᠎ᠤ ᠵᠠᠰᠠᠭ ᠵᠠᠬᠢᠷᠭᠠᠨ ᠠᠵᠢᠯ ᠦᠢᠯᠡᠰ᠎ᠦᠨ ᠴᠢᠨᠠᠷᠲᠠᠢ ᠤᠯᠤᠰ ᠤᠨ ᠦᠮᠴᠢᠯᠡᠯ᠎ᠦᠨ ᠡᠳ᠋ ᠬᠦᠷᠦᠩᠭᠡ᠎ᠶ᠋ᠢ ᠪᠡᠢᠴᠠᠭᠠᠬᠤ ᠠᠵᠢᠯ ᠢ᠋ ᠥᠷᠨᠢᠭᠦᠯᠬᠦ᠌ ᠲᠤᠬᠠᠢ ᠮᠡᠳᠡᠭ᠌ᠳᠡᠯ 》 ᠢ᠋ ᠳᠠᠷᠤᠮᠠᠯᠯᠠᠨ ᠲᠠᠷᠬᠠᠭᠠᠪᠠ᠃ ᠡᠨᠡ ᠨᠢ ᠪᠥᠬᠥ᠌ ᠣᠷᠣᠨ᠎ᠤ ᠵᠠᠰᠠᠭ ᠵᠠᠬᠢᠷᠭᠠᠨ ᠠᠵᠢᠯ ᠦᠶ᠋ᠯᠡᠰ᠎ᠦᠨ ᠴᠢᠨᠠᠷᠲᠠᠶ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢ ᠪᠠᠢᠴᠠᠭᠠᠵᠤ ᠴᠢᠯᠦᠬᠡᠳᠡᠢ ᠠᠰᠢᠭᠯᠠᠬᠤ ᠠᠵᠢᠯ ᠪᠥᠬᠥ᠌ ᠲᠠᠯ᠎ᠠ᠎ᠪᠠᠷ ᠡᠬᠢᠯᠡᠭ᠌ᠰᠡᠨ᠎ᠢ ᠬᠠᠷᠠᠭᠤᠯᠵᠤ ᠪᠠᠢᠨ᠎ᠠ᠃
ᠣᠢᠯᠠᠭᠠᠭ᠍ᠰᠠᠨ᠎ᠢᠶᠠᠷ᠂ ᠲᠣᠰ ᠤᠳᠠᠭᠠᠨ᠎ᠤ ᠪᠠᠢᠴᠠᠭᠠᠯᠲᠠ᠎ᠨᠢ ᠡᠯ᠎ᠡ ᠱᠠᠲᠤᠨ᠎ᠤ ᠵᠠᠰᠠᠭ ᠵᠠᠬᠢᠷᠭᠠᠨ ᠠᠵᠢᠯ ᠦᠶ᠋ᠯᠡᠰ ᠦᠨ ᠨᠢᠭᠡᠴᠢ ᠵᠢᠴᠢ ᠨᠡᠢᠭᠡᠮ᠎ᠦᠨ ᠪᠦᠯᠬᠦᠮ᠎ᠢ ᠬᠠᠮᠤᠷᠴᠤ᠌᠂ ᠡᠳ᠋ ᠬᠥᠷᠥᠩᠭᠡ᠎ᠶ᠋ᠢᠨ ᠪᠠᠢᠳᠠᠯ᠎ᠢ ᠪᠥᠬᠥ᠌ ᠲᠠᠯ᠎ᠠ᠎ᠪᠠᠷ ᠤᠢᠯᠠᠭᠠᠨ ᠳᠣᠲᠣᠯᠠᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠦᠨ᠂ ᠡᠳ᠋ ᠬᠥᠷᠥᠩᠭᠡ ᠶ᠋ᠢᠨ ᠬᠡᠷᠡᠭ᠌ᠯᠡᠯᠲᠡ᠎ᠶ᠋ᠢᠨ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠵᠦ᠍᠂ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠬᠦ᠌᠎ᠳᠦ ᠴᠢᠬᠤᠯᠠ ᠲᠤᠯᠭᠠᠭᠤᠷᠢᠯᠠᠯ ᠬᠠᠩᠭᠠᠬᠤ᠎ᠪᠠᠷ ᠵᠣᠷᠢᠯᠭ᠎ᠠ ᠪᠡᠨ ᠪᠣᠯᠭᠠᠵᠠᠶ᠃
ᠲᠣᠰ ᠤᠳᠠᠭᠠᠨ᠎ᠤ ᠪᠠᠢᠴᠠᠭᠠᠯᠲᠠ᠎ᠨᠢ ᠪᠥᠬᠥ᠌ ᠲᠥᠷᠥᠯ᠎ᠦᠨ ᠵᠠᠰᠠᠭ ᠵᠠᠬᠢᠷᠭᠠᠨ ᠠᠵᠢᠯ ᠦᠶ᠋ᠯᠡᠰ᠎ᠦᠨ ᠴᠢᠨᠠᠷᠲᠠᠶ ᠡᠳ᠋ ᠬᠥᠷᠥᠩᠭᠡ᠎ᠶ᠋ᠢᠨ ᠲᠥᠷᠥᠯ ᠢᠯᠭᠠᠯ᠎ᠢ ᠬᠠᠮᠤᠷᠴᠤ᠂ ᠤᠤᠯ ᠤ᠋ᠨ ᠲᠠᠩᠰᠠᠨ᠎ᠳᠠᠬᠢ ᠵᠣᠭᠣᠰ᠎ᠢ ᠵᠡᠷᠭᠡ᠎ᠳᠦᠨᠢ ᠪᠠᠢᠴᠠᠭᠠᠵᠤ᠂ ᠬᠡᠷ ᠪᠠᠢᠱᠢᠩ᠂ ᠭᠠᠵᠠᠷ ᠱᠢᠷᠣᠶ(ᠬᠣᠭᠣᠰᠣᠨ ᠭᠠᠵᠠᠷ ᠪᠠᠭ᠍ᠲᠠᠨ᠎ᠠ)᠂ ᠲᠡᠷᠭᠡ ᠬᠥᠰᠭᠡ ᠵᠢᠴᠢ ᠤᠤᠯ᠎ᠤᠨ ᠥᠷᠲᠡᠭ᠎ᠨᠢ 100 ᠲᠦᠮᠡᠨ ᠲᠥᠭᠥᠷᠢᠭ᠎ᠡᠴᠡ ᠳᠡᠭᠡᠭ᠌ᠰᠢᠬᠢ ᠲᠣᠭ᠍ᠲᠠᠮᠠᠯ ᠬᠥᠷᠥᠩᠭᠡ᠎ᠶ᠋ᠢᠨ ᠨᠦᠬᠦᠪᠤᠷᠢ ᠬᠡᠷᠡᠯ ᠵᠢᠷᠤᠭ ᠵᠢᠴᠢ ᠭᠠᠵᠠᠷ ᠵᠦᠶ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠮᠡᠳᠡᠭᠡ ᠵᠠᠩᠭᠢ᠎ᠳᠤ ᠭᠤᠤᠯᠳᠠᠯᠭ᠎ᠠ᠎ᠲᠠᠶ ᠴᠢᠭ᠌ᠯᠡᠭᠦᠯᠦᠨ᠂《ᠪᠣᠳᠠᠰ ᠢ ᠣᠯᠵᠤ ᠦᠵᠡᠪᠡᠯ ᠵᠢᠷᠤᠭ᠎ᠢ ᠣᠯᠵᠤ ᠦᠵᠡᠬᠦ᠌᠂ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠶ ᠪᠠᠢᠯᠭᠠᠬᠤ᠂ ᠡᠷᠬᠡ᠎ᠶ᠋ᠢᠨ ᠬᠠᠷᠢᠶᠠᠯᠠᠯ ᠢ ᠲᠣᠳᠣᠷᠬᠠᠶ ᠪᠠᠢᠯᠭᠠᠬᠤ》 ᠶ᠋ᠢ ᠪᠡᠶᠡᠯᠡᠭᠦᠯᠵᠦ᠍᠂ ᠡᠳ᠋ ᠬᠥᠷᠥᠩᠭᠡ᠎ᠶ᠋ᠢᠨ ᠲᠣᠭ᠎ᠠ ᠪᠠᠷᠢᠮᠲᠠ᠎ᠶ᠋ᠢᠨ ᠦᠨᠡᠨ ᠪᠣᠳᠠᠲᠤ ᠴᠢᠨᠠᠷ ᠪᠠ ᠮᠥᠷᠳᠡᠵᠦ᠍ ᠪᠣᠯᠬᠤᠢᠴᠠ ᠴᠢᠨᠠᠷ᠎ᠢ ᠴᠢᠨᠭᠭᠠᠷᠠᠭᠤᠯᠬᠤ ᠪᠤᠯᠤᠨ᠎ᠡ᠃
ᠪᠠᠢᠴᠠᠭᠠᠯᠳᠡ ᠢ᠋ᠢᠨ ᠠᠵᠢᠯ ᠢ ᠳᠥᠷᠪᠡᠨ ᠱᠠᠲᠤ᠎ᠪᠠᠷ ᠡᠮᠬᠢ ᠵᠢᠷᠤᠮ᠎ᠲᠠᠶ ᠠᠬᠢᠭᠤᠯᠤᠨ᠎ᠠ᠃ ᠡᠨᠡ ᠵᠢᠯ᠎ᠦᠨ 1 ᠰᠠᠷ᠎ᠠ᠎ᠠᠴᠠ 3 ᠰᠠᠷ᠎ᠠ ᠪᠣᠯᠲᠠᠯᠠᠬᠢ ᠬᠤᠭᠤᠴᠠᠭ᠎ᠠ ᠪᠣᠯ ᠪᠡᠯᠡᠳᠭᠡᠯᠠᠵᠢᠯ ᠤ᠋ᠨ ᠱᠠᠲᠤ ᠪᠠᠢᠵᠤ᠂ ᠡᠯ᠎ᠡ ᠨᠢᠭᠡᠴᠢ ᠡᠷᠬᠡᠪᠰᠢ ᠪᠡᠯᠡᠳᠭᠡᠯ ᠠᠵᠢᠯ᠎ᠢ ᠰᠠᠢᠲᠤᠷ ᠬᠢᠬᠦ᠌ ᠬᠡᠷᠡᠭ᠌ᠲᠡᠶ; 3 ᠰᠠᠷ᠎ᠠ᠎ᠠᠴᠠ 11 ᠰᠠᠷ᠎ᠠ ᠪᠣᠯᠲᠠᠯ᠎ᠠ ᠬᠡᠷᠡᠭ᠌ᠵᠢᠭᠦᠯᠬᠦ᠌ ᠬᠢᠭᠡᠳ ᠴᠣᠬᠤᠯᠠᠪᠤᠷᠢᠯᠠᠨ ᠬᠠᠷᠢᠭᠤᠯᠬᠤ ᠱᠠᠲᠤ ᠪᠠᠢᠵᠤ᠂ ᠪᠣᠳᠠᠲᠤ ᠪᠤᠳᠠᠰ᠎ᠢ ᠲᠣᠭᠠᠯᠠᠨ ᠪᠦᠷᠢᠳᠭᠡᠬᠦ᠌᠂ ᠬᠢᠨᠠᠨ ᠬᠠᠷᠭᠤᠭᠤᠯᠬᠤ᠂ ᠮᠡᠳᠡᠭᠡ ᠵᠠᠩᠭᠢ ᠢ᠋ᠢ ᠲᠡᠮᠳᠡᠭᠯᠡᠬᠦ ᠵᠢᠴᠢ ᠡᠳ᠋᠎ᠦᠨ ᠵᠠᠰᠠᠭ᠎ᠤᠨ ᠬᠢᠨᠠᠨ ᠵᠥᠪᠱᠢᠶᠡᠷᠡᠬᠦ᠌᠎ᠶ᠋ᠢ ᠭᠤᠤᠯᠳᠠᠯᠭ᠎ᠠ᠎ᠲᠠᠶ ᠥᠷᠨᠢᠭᠦᠯᠦᠨ᠎ᠡ; 12 ᠰᠠᠷ᠎ᠠ᠎ᠳᠤ ᠪᠠᠢᠴᠠᠭᠠᠵᠤ ᠴᠢᠯᠦᠬᠡᠳᠡᠢ ᠠᠰᠢᠭᠯᠠᠬᠤ ᠮᠡᠳᠡᠭᠦᠯᠦᠯᠲᠡ᠎ᠶ᠋ᠢ ᠪᠦᠷᠢᠯᠳᠦᠭᠦᠯᠵᠦ᠍᠂ ᠲᠠᠷᠠᠭᠠᠴᠢ᠎ᠶ᠋ᠢᠨ ᠠᠯᠬᠤᠮ᠎ᠤᠨ ᠡᠳ᠋ ᠬᠥᠷᠥᠩᠭᠡ᠎ᠶ᠋ᠢ ᠴᠢᠯᠦᠬᠡᠳᠡᠢ ᠠᠰᠢᠭᠯᠠᠬᠤ᠎ᠳᠤ ᠰᠠᠭᠤᠷᠢ ᠲᠠᠯᠪᠢᠵᠤ ᠦᠭᠬᠦᠨ᠎ᠡ;2027 ᠣᠨ᠎ᠤ 6 ᠰᠠᠷ᠎ᠠ᠎ᠶ᠋ᠢᠨ ᠰᠡᠭᠦᠯᠴᠢ᠎ᠡᠴᠡ ᠡᠮᠦᠨ᠎ᠡ ᠰᠤᠭᠤᠴᠢᠨ ᠪᠠᠢᠴᠠᠭᠠᠵᠤ ᠳᠠᠬᠢᠨ ᠬᠢᠨᠠᠬᠤ᠎ᠶ᠋ᠢ ᠪᠡᠶᠡᠯᠡᠭᠦᠯᠦᠨ᠎ᠡ᠃ ᠲᠣᠰ ᠤᠳᠠᠭᠠᠨ᠎ᠤ ᠴᠡᠪᠡᠷᠯᠡᠨ ᠪᠠᠢᠴᠠᠭᠠᠯᠲᠠ᠎ᠳᠤ ᠪᠣᠶ ᠪᠤᠯᠭᠠᠭᠰᠠᠨ ᠪᠦᠬᠦ ᠲᠣᠭ᠎ᠠ ᠪᠠᠷᠢᠮᠲᠠ᠎ᠶ᠋ᠢ ᠴᠥᠮ ᠲᠥᠰᠦᠪ᠎ᠦᠨ ᠬᠠᠮᠢᠶᠠᠷᠤᠯᠲᠠ ᠶ᠋ᠢ ᠨᠢᠭᠡ ᠴᠣᠭ᠍ᠴᠠᠵᠢᠭᠤᠯᠬᠤ ᠱᠢᠰᠲ᠋ᠧᠮ᠎ᠢᠶᠡᠷ ᠳᠠᠮᠵᠢᠭᠤᠯᠤᠨ ᠨᠢᠭᠡᠳᠦᠯᠲᠡᠶ ᠲᠠᠭ᠍ᠯᠠᠨ ᠮᠡᠳᠡᠭᠦᠯᠵᠦ᠍᠂ 《ᠨᠢᠭᠡ ᠤᠳᠠᠭ᠎ᠠ᠎ᠳᠤ ᠴᠤᠭ᠍ᠯᠠᠭᠤᠯᠬᠤ᠂ ᠣᠯᠠᠨ ᠲᠠᠯ᠎ᠠ᠎ᠪᠠᠷ ᠬᠠᠮᠲᠤ᠎ᠪᠠᠷ ᠡᠳ᠋ᠯᠡᠬᠦ᠂ ᠬᠥᠳᠡᠯᠦᠩᠭᠦᠶ᠎ᠪᠡᠷ ᠱᠢᠨᠡᠳᠭᠡᠬᠦ᠌ 》 ᠶ᠋ᠢ ᠪᠡᠶᠡᠯᠡᠬᠦᠯᠦᠨ᠎ᠡ᠃
ᠲᠣᠰ ᠤᠳᠠᠭᠠᠨ᠎ᠤ ᠪᠠᠢᠴᠠᠭᠠᠯᠳᠡ ᠢ᠋ᠢᠨ ᠠᠵᠢᠯ᠎ᠨᠢ ᠡᠳ᠋ ᠬᠥᠷᠥᠩᠭᠡ᠎ᠶ᠋ᠢ ᠲᠣᠳᠣᠷᠬᠠᠶ ᠣᠢᠯᠠᠭᠠᠬᠤ᠎ᠪᠠᠷ ᠪᠠᠷᠠᠬᠤ ᠥᠬᠡᠶ᠂ ᠨᠠᠩ ᠴᠤ᠌ ᠦᠯᠡᠳᠡᠭᠡᠯ ᠡᠳ᠋ ᠬᠥᠷᠥᠩᠭᠡ ᠶ᠋ᠢ ᠴᠢᠯᠦᠬᠡᠳᠡᠢ ᠠᠰᠢᠭᠯᠠᠬᠤ᠎ᠶ᠋ᠢ ᠴᠢᠬᠤᠯᠠᠴᠢᠯᠠᠵᠤ᠂ ᠴᠢᠯᠦᠬᠡᠳᠡᠢ ᠠᠰᠢᠭᠯᠠᠬᠤ ᠡᠳ᠋ ᠬᠥᠷᠥᠩᠭᠡ ᠶ᠋ᠢᠨ ᠲᠠᠩᠰᠠ᠎ᠶ᠋ᠢ ᠪᠠᠢᠭᠤᠯᠬᠤ᠎ᠪᠠᠷ ᠳᠠᠮᠵᠢᠭᠤᠯᠤᠨ᠂ ᠦᠷ᠎ᠡ ᠪᠦᠲᠦᠮᠵᠢ ᠪᠡᠷ ᠳᠤᠤᠷ᠎ᠠ᠂ ᠰᠤᠯᠠ ᠲᠠᠯᠪᠢᠭᠳᠠᠵᠤ ᠪᠠᠢᠭ᠎ᠠ ᠡᠳ᠋ ᠬᠥᠷᠥᠩᠭᠡ᠎ᠶ᠋ᠢ ᠣᠨᠣᠪᠴᠢᠲᠠᠶ ᠢᠯᠭᠠᠨ ᠲᠠᠨᠢᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠪᠡᠷ ᠳᠠᠮᠵᠢᠭᠤᠯᠤᠨ ᠰᠤᠯᠠ ᠲᠠᠯᠪᠢᠬᠳᠠᠵᠤ ᠪᠠᠢᠭ᠎ᠠ ᠡᠳ᠋ ᠬᠥᠷᠥᠩᠭᠡ᠎ᠶ᠋ᠢ ᠳᠣᠭᠢᠷᠠᠭᠤᠯᠬᠤ᠂ ᠲᠦᠷᠢᠶᠡᠰᠦᠯᠡᠭᠦᠯᠬᠦ᠌᠂ ᠱᠢᠶ᠋ᠳᠪᠦᠷᠢᠯᠡᠬᠦ᠌ ᠪᠤᠶᠤ ᠵᠠᠬ᠎ᠠ ᠳᠡᠯᠭᠡᠭᠦᠷᠴᠢᠯᠡᠨ ᠡᠵᠡᠩᠨᠡᠬᠦ᠌᠎ᠶ᠋ᠢ ᠠᠬᠢᠭᠤᠯᠤᠨ᠎ᠡ᠃