ᠦᠪᠦᠷ ᠮᠤᠨᠭᠭᠤᠯ ᠮᠡᠳᠡᠯᠭᠡ ᠶ᠋ᠢᠨ ᠦᠮᠴᠢᠯᠡᠯ ᠤ᠋ᠨ ᠡᠷᠬᠡ ᠪᠡᠷ ᠡᠨ᠋ᠸᠷᠬᠢ ᠤᠯᠭᠤᠵᠤ ᠠᠵᠤ ᠦᠢᠯᠡᠰ ᠤ᠋ᠨ ᠴᠢᠨᠠᠷ ᠰᠠᠢᠲᠠᠢ ᠬᠦᠭᠵᠢᠯᠲᠡ ᠵᠢ ᠠᠬᠢᠭᠤᠯᠵᠤ ᠪᠤᠢ
2026-03-27 15:52:22
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

 ᠰᠤᠷᠪᠤᠯᠵᠢᠯᠠᠬᠴᠢ ᠦᠪᠡᠷᠲᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠡᠴᠡ ᠤᠢᠯᠠᠭᠠᠬᠰᠠᠨ ᠢ᠋ᠶ᠋ᠡᠷ᠂ 2025 ᠤᠨ ᠳ᠋ᠤ᠂ ᠪᠦᠬᠦ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠢᠰᠲᠸᠮ᠎ᠤᠨ ᠬᠢᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠰᠢᠯᠢᠳᠡᠭᠵᠢᠭᠦᠯᠬᠦ᠂ ᠮᠡᠳᠡᠯᠭᠡ ᠶ᠋ᠢᠨ ᠦᠮᠴᠢᠯᠡᠯ ᠤ᠋ᠨ ᠡᠷᠬᠡ ᠪᠡᠷ ᠠᠵᠤ ᠠᠬᠤᠢᠯᠠᠯ ᠳ᠋ᠤ ᠲᠤᠰᠠᠯᠠᠵᠤ ᠠᠵᠤ ᠦᠢᠯᠡᠰ ᠤ᠋ᠨ ᠬᠡᠯᠬᠢᠶ᠎ᠡ ᠵᠢ ᠬᠦᠴᠦᠷᠬᠡᠭᠵᠢᠭᠦᠯᠬᠦ ᠠᠵᠢᠯᠯᠠᠭ᠎ᠠ ᠵᠢ ᠬᠡᠷᠡᠭᠵᠢᠭᠦᠯᠬᠦ᠂ ᠭᠠᠵᠠᠷ ᠵᠦᠢ ᠶ᠋ᠢᠨ ᠢᠯᠡᠷᠬᠡᠢᠯᠡᠯᠲᠦ ᠲᠡᠮᠲᠡᠭ ᠢ᠋ ᠠᠰᠢᠬᠯᠠᠵᠤ ᠬᠠᠮᠠᠭᠠᠯᠠᠬᠤ ᠵᠢ ᠴᠢᠨᠭᠭᠠᠳᠬᠠᠬᠤ ᠵᠡᠷᠭᠡ ᠵᠢ ᠡᠷᠴᠢᠮᠲᠡᠢ ᠦᠷᠨᠢᠭᠦᠯᠵᠦ᠂ ᠦᠪᠦᠷ ᠮᠤᠨᠭᠭᠤᠯ ᠤ᠋ᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠪᠡᠷ ᠡᠨ᠋ᠸᠷᠬᠢ ᠤᠯᠭᠤᠵᠤ ᠠᠵᠤ ᠦᠢᠯᠡᠰ ᠤ᠋ᠨ ᠴᠢᠨᠠᠷ ᠰᠠᠢᠲᠠᠢ ᠬᠦᠭᠵᠢᠯᠲᠡ ᠵᠢ ᠠᠬᠢᠭᠤᠯᠬᠤ ᠠᠵᠢᠯ ᠳᠤᠪᠤᠢᠮ᠎ᠠ ᠦᠷ᠎ᠡ ᠪᠦᠲᠦᠮᠵᠢ ᠤᠯᠪᠠ᠃

ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠰᠢᠯᠢᠳᠡᠭᠵᠢᠭᠦᠯᠵᠦ᠂ ᠰᠢᠨ᠎ᠡ ᠡᠨ᠋ᠸᠷᠬᠢ ᠶ᠋ᠢᠨ ᠲᠤᠰᠬᠠᠢ ᠠᠰᠢᠭ ᠢ᠋ ᠤᠷᠢᠳᠴᠢᠯᠡᠨ ᠬᠢᠨᠠᠬᠤ ᠲᠦᠷᠭᠡᠨ ᠭᠦᠢᠴᠡᠳᠭᠡᠬᠦ ᠵᠠᠮ ᠢ᠋ ᠨᠡᠭᠡᠭᠡᠵᠦ᠂ ᠡᠭᠦᠳᠦᠯᠲᠡ ᠶ᠋ᠢᠨ ᠲᠤᠰᠬᠠᠢ ᠠᠰᠢᠭ ᠤ᠋ᠨ ᠡᠷᠬᠡ ᠤᠯᠭᠤᠬᠤ ᠳᠤᠮᠳᠠᠴᠢ ᠦᠶᠡᠯᠡᠯ ᠤ᠋ᠨ ᠬᠤᠭᠤᠴᠠᠭ᠎ᠠ ᠵᠢ 15 ᠰᠠᠷ᠎ᠠ ᠪᠠᠢᠬᠰᠠᠨ ᠡᠴᠡ ᠪᠤᠭᠤᠨᠢᠰᠬᠠᠭᠠᠳ 64 ᠡᠳᠦᠷ ᠪᠤᠯᠭᠠᠪᠠ᠃ 12 ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠵᠠᠰᠠᠭ ᠵᠠᠬᠢᠷᠭᠠᠨ ᠤ᠋ ᠲᠠᠰᠤᠯᠤᠨ ᠲᠤᠬᠲᠠᠭᠠᠬᠤ ᠵᠦᠪᠯᠡᠯ ᠪᠠ 128 ᠬᠡᠷᠡᠭ ᠪᠤᠯᠭᠠᠨ ᠳᠠᠨᠭᠰᠠᠯᠠᠬᠤ ᠲᠤᠬᠠᠢ ᠯᠠᠪᠯᠠᠭ᠎ᠠ ᠦᠢᠯᠡᠴᠢᠯᠡᠭᠡᠨ ᠤ᠋ ᠴᠤᠨᠭᠬᠤᠪᠴᠢ ᠵᠢ ᠪᠠᠢᠭᠤᠯᠵᠤ᠂ ᠬᠡᠷᠡᠭ ᠰᠢᠢᠳᠪᠦᠷᠢᠯᠡᠬᠦ ᠦᠶᠡᠯᠡᠯ ᠤ᠋ᠨ ᠬᠤᠭᠤᠴᠠᠭ᠎ᠠ ᠵᠢ ᠶᠡᠬᠡ ᠪᠡᠷ ᠪᠤᠭᠤᠨᠢᠰᠬᠠᠪᠠ᠃ ᠮᠡᠳᠡᠯᠭᠡ ᠶ᠋ᠢᠨ ᠦᠮᠴᠢᠯᠡᠯ ᠤ᠋ᠨ ᠡᠷᠬᠡ ᠪᠡᠷ ᠠᠵᠤ ᠠᠬᠤᠢᠯᠠᠯ ᠳ᠋ᠤ ᠲᠤᠰᠠᠯᠠᠵᠤ ᠠᠵᠤ ᠦᠢᠯᠡᠰ ᠤ᠋ᠨ ᠬᠡᠯᠬᠢᠶ᠎ᠡ ᠵᠢ ᠬᠦᠴᠦᠷᠬᠡᠭᠵᠢᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠬᠤᠪᠤᠷ ᠰᠢᠷᠤᠢ ᠶ᠋ᠢᠨ ᠴᠢᠳᠠᠮᠵᠢᠲᠤ ᠮᠠᠲᠸᠷᠢᠶᠠᠯ᠂ ᠴᠠᠭᠠᠨ ᠢᠳᠡᠭᠡᠨ ᠤ᠋ ᠦᠢᠯᠡᠰ᠂ ᠡᠪᠡᠰᠦᠨ᠎ᠦ ᠦᠢᠯᠡᠰ ᠤ᠋ᠨ ᠤᠯᠤᠰ ᠤ᠋ᠨ ᠳᠡᠰ ᠤ᠋ᠨ 3  ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠡᠵᠡᠨᠭᠨᠡᠯᠲᠡ ᠶ᠋ᠢᠨ ᠲᠦᠪ ᠢ᠋ ᠪᠠᠢᠭᠤᠯᠬᠤ ᠪᠠᠷ ᠵᠦᠪᠰᠢᠶᠡᠷᠡᠭᠳᠡᠵᠦ᠂ 64 ᠲᠤᠰᠬᠠᠢ ᠠᠰᠢᠭ ᠤ᠋ᠨ ᠠᠵᠤ ᠦᠢᠯᠡᠰᠵᠢᠯᠲᠡ ᠶ᠋ᠢᠨ ᠲᠦᠷᠦᠯ ᠵᠦᠢᠯ ᠢ᠋ ᠬᠡᠷᠡᠭᠵᠢᠭᠦᠯᠦᠨ᠂ ᠦᠢᠯᠡᠳᠬᠦᠨ ᠤ᠋ ᠦᠷᠲᠡᠭ ᠨᠢ 460 ᠳ᠋ᠦᠨᠭᠰᠢᠭᠤᠷ ᠲᠦᠭᠦᠷᠢᠭ ᠢ᠋ ᠳᠠᠪᠠᠵᠤ᠂ ᠴᠠᠭᠠᠨ ᠢᠳᠡᠭᠡᠨ ᠤ᠋ ᠦᠢᠯᠡᠰ ᠤ᠋ᠨ ᠬᠦᠴᠦᠨ ᠪᠦᠬᠦᠢ ᠡᠭᠦᠳᠦᠨ ᠪᠦᠲᠦᠭᠡᠯᠲᠡ ᠶ᠋ᠢᠨ ᠲᠤᠰᠬᠠᠢ ᠠᠰᠢᠭ ᠤ᠋ᠨ ᠶᠡᠷᠦᠨᠭᠬᠡᠢ ᠬᠡᠮᠵᠢᠶ᠎ᠡ ᠪᠦᠬᠦ ᠤᠯᠤᠰ ᠤ᠋ᠨ ᠲᠡᠷᠢᠬᠦᠨ ᠳ᠋ᠤ ᠤᠷᠤᠵᠤ᠂ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ ᠶ᠋ᠢᠨ ᠬᠦᠴᠦᠨ ᠪᠦᠬᠦᠢ ᠡᠭᠦᠳᠦᠨ ᠪᠦᠲᠦᠭᠡᠯᠲᠡ ᠶ᠋ᠢᠨ ᠲᠤᠰᠬᠠᠢ ᠠᠰᠢᠭ ᠤ᠋ᠨ ᠠᠵᠤ ᠦᠢᠯᠡᠰ ᠤ᠋ᠨ ᠤᠨᠳᠤᠤᠰᠢᠭᠤᠯᠤᠯᠲᠠ ᠶ᠋ᠢᠨ ᠨᠤᠷᠮ᠎ᠠ ᠪᠦᠬᠦ ᠤᠯᠤᠰ ᠤ᠋ᠨ ᠡᠮᠦᠨ᠎ᠡ ᠡᠨᠭᠨᠡᠭᠡᠨ ᠳ᠋ᠤ ᠤᠷᠤᠪᠠ᠃ ᠭᠠᠵᠠᠷ ᠵᠦᠢ ᠶ᠋ᠢᠨ ᠢᠯᠡᠷᠬᠡᠢᠯᠡᠯᠲᠦ ᠲᠡᠮᠲᠡᠭ ᠢ᠋ ᠠᠰᠢᠬᠯᠠᠵᠤ ᠬᠠᠮᠠᠭᠠᠯᠠᠬᠤ ᠵᠢ ᠴᠢᠨᠭᠭᠠᠳᠬᠠᠵᠤ᠂ ᠪᠦᠬᠦ ᠤᠷᠤᠨ ᠤ᠋ ᠭᠠᠵᠠᠷ ᠵᠦᠢ ᠶ᠋ᠢᠨ ᠢᠯᠡᠷᠬᠡᠢᠯᠡᠯᠲᠦ ᠲᠠᠸᠠᠷ ᠤ᠋ᠨ ᠲᠡᠮᠲᠡᠭ 189᠂ ᠭᠠᠵᠠᠷ ᠵᠦᠢ ᠶ᠋ᠢᠨ ᠢᠯᠡᠷᠬᠡᠢᠯᠡᠯᠲᠦ ᠲᠡᠮᠲᠡᠭ ᠤ᠋ᠨ ᠬᠠᠮᠠᠭᠠᠯᠠᠯᠲᠠ ᠲᠠᠢ ᠪᠦᠲᠦᠭᠡᠭᠳᠡᠬᠦᠨ 96 ᠪᠤᠯᠵᠤ᠂ 《ᠦᠶᠤᠸᠠᠨ ᠤ᠋ ᠨᠠᠷᠠᠨ ᠬᠤᠸᠠᠷ》 ᠤ᠋ᠨ ᠤᠯᠤᠰ ᠤ᠋ᠨ ᠭᠠᠵᠠᠷ ᠵᠦᠢ ᠶ᠋ᠢᠨ ᠢᠯᠡᠷᠬᠡᠢᠯᠡᠯᠲᠦ ᠲᠡᠮᠲᠡᠭ ᠤ᠋ᠨ ᠬᠠᠮᠠᠭᠠᠯᠠᠯᠲᠠ ᠶ᠋ᠢᠨ ᠵᠢᠱ᠌ᠢᠶ᠎ᠡ ᠦᠵᠡᠭᠦᠯᠬᠦ ᠤᠷᠤᠨ ᠢ᠋ ᠪᠠᠢᠭᠤᠯᠬᠤ ᠪᠠᠷ ᠵᠦᠪᠰᠢᠶᠡᠷᠡᠭᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号