ᠥᠪᠥᠷ ᠮᠣᠩᠭᠣᠯ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠠᠵᠤ ᠦᠢᠯᠡᠰ ᠎ᠤᠨ ᠠᠵᠢᠯᠴᠢᠨ ᠎ᠤ ᠡᠩᠨᠡᠭᠡ ᠢ᠋ᠢᠨ ᠪᠠᠢᠭᠤᠯᠤᠯᠲᠠ ᠢ᠋ᠢᠨ ᠦᠭᠡᠷᠡᠴᠢᠯᠡᠯᠲᠡ ᠵᠢ ᠬᠦᠨᠵᠡᠭᠡᠢᠷᠡᠭᠦᠯᠦᠨ ᠠᠬᠢᠭᠤᠯᠵᠦ ᠪᠤᠢ
2026-03-27 15:53:00
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

 ᠥᠪᠡᠷᠲᠡᠭᠡᠨ ᠵᠠᠰᠠᠬᠤ ᠣᠷᠣᠨ ᠎ᠤ ᠠᠵᠢᠯᠴᠢᠨ᠎ᠤ ᠶᠡᠷᠦᠩᠬᠡᠢ ᠡᠪᠯᠡᠯ ᠣᠢᠷ᠎ᠠ᠎ᠳᠤ 《ᠪᠥᠬᠥ ᠣᠷᠣᠨ ᠎ᠤ ᠵᠠᠭᠤᠨ ᠬᠦᠴᠦᠷᠬᠡᠭ ᠠᠷᠠᠳ᠎ᠤᠨ ᠡᠵᠡᠩᠨᠡᠯᠲᠡ ᠢ᠋ᠢᠨ ᠠᠵᠤ ᠠᠬᠤᠢᠯᠠᠯ᠎ᠤᠨ ᠠᠵᠤ ᠦᠢᠯᠡᠰ ᠎ᠦᠨ ᠠᠵᠢᠯᠴᠢᠨ ᠎ᠤ ᠡᠩᠨᠡᠭᠡ᠎ᠶᠢᠨ ᠪᠠᠢᠭᠤᠯᠤᠯᠲᠠ ᠢ᠋ᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠠᠵᠢᠯ ᠎ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ 》(《ᠮᠡᠳᠡᠭᠳᠡᠯ》 ᠭᠡᠵᠦ ᠲᠦᠭᠦᠮᠴᠢᠯᠡᠨ᠎ᠡ) ᠢ᠋ ᠳᠠᠷᠤᠮᠠᠯᠯᠠᠨ ᠲᠠᠷᠬᠠᠭᠠᠵᠦ᠂ 30 ᠭᠣᠣᠯᠳᠠᠯᠭ᠎ᠠ᠎ᠲᠠᠢ ᠠᠷᠠᠳ ᠎ᠤᠨ ᠡᠵᠡᠩᠨᠡᠯᠲᠡ ᠢ᠋ᠢᠨ ᠠᠵᠤ ᠠᠬᠤᠢᠯᠠᠯ ᠎ᠤᠨ ᠠᠵᠤ ᠦᠢᠯᠡᠰ᠎ᠦᠨ ᠠᠵᠢᠯᠴᠢᠨ ᠎ᠤ ᠡᠩᠨᠡᠭᠡ ᠎ᠶᠢᠨ ᠪᠠᠢᠭᠤᠯᠤᠯᠲᠠ ᠎ᠶᠢᠨ ᠥᠭᠡᠷᠡᠴᠢᠯᠡᠯᠲᠡ ᠎ᠶᠢ ᠭᠦᠨᠵᠡᠭᠡᠢᠷᠡᠭᠦᠯᠬᠦ᠎ᠶᠢ ᠲᠦᠷᠭᠡᠳᠬᠡᠨ ᠠᠬᠢᠭᠤᠯᠵᠤ᠂ ᠥᠪᠥᠷ ᠮᠣᠩᠭᠣᠯ ᠎ᠤᠨ ᠵᠠᠭᠤᠨ ᠬᠦᠴᠦᠷᠬᠡᠭ ᠠᠷᠠᠳ ᠎ᠤᠨ ᠡᠵᠡᠩᠨᠡᠯᠲᠡ ᠢ᠋ᠢᠨ ᠠᠵᠤ ᠠᠬᠤᠢᠯᠠᠯ ᠎ᠤᠨ ᠠᠵᠤ ᠦᠢᠯᠡᠰ ᠎ᠦᠨ ᠠᠵᠢᠯᠴᠢᠨ᠎ᠤ ᠡᠩᠨᠡᠭᠡ ᠢ᠋ᠢᠨ ᠪᠠᠢᠭᠤᠯᠤᠯᠲᠠ ᠢ᠋ᠢᠨ ᠥᠭᠡᠷᠡᠴᠢᠯᠡᠯᠲᠡ᠎ᠶᠢᠨ ᠠᠵᠢᠯ᠎ᠢ ᠪᠦᠬᠦᠨ᠎ᠢ ᠪᠦᠷᠬᠦᠭᠦᠯᠬᠦ ᠵᠢ ᠴᠢᠷᠮᠠᠢᠨ ᠪᠡᠶᠡᠯᠡᠭᠦᠯᠬᠦ  ᠵᠢ  ᠲᠤᠲᠤᠷᠬᠠᠢ  ᠲᠤᠬᠲᠠᠭᠠᠪᠠ᠃

《ᠮᠡᠳᠡᠭᠳᠡᠯ》 ᠳ᠋ᠤ᠂ ᠡᠯ᠎ᠡ ᠠᠢᠮᠠᠭ ᠬᠣᠲᠠ ᠎ᠶᠢᠨ ᠠᠵᠢᠯᠴᠢᠨ᠎ᠤ ᠡᠪᠯᠡᠯ ᠣᠯᠠᠨ ᠵᠦᠢᠯ ᠎ᠦᠨ ᠠᠷᠭ᠎ᠠ ᠬᠡᠮᠵᠢᠶ᠎ᠡ ᠎ᠶᠢ ᠵᠡᠷᠭᠡ ᠎ᠪᠡᠷ ᠬᠡᠷᠡᠭᠯᠡᠨ ᠭᠣᠣᠯᠳᠠᠯᠭ᠎ᠠ᠎ᠲᠠᠢ ᠠᠷᠠᠳ᠎ᠤᠨ ᠡᠵᠡᠩᠨᠡᠯᠲᠡ ᠢ᠋ᠢᠨ ᠠᠵᠤ ᠠᠬᠤᠢᠯᠠᠯ᠎ᠤᠨ ᠠᠵᠤ ᠦᠢᠯᠡᠰ ᠎ᠤᠨ ᠠᠵᠢᠯᠴᠢᠨ᠎ᠤ ᠡᠩᠨᠡᠭᠡ ᠢ᠋ᠢᠨ ᠪᠠᠢᠭᠤᠯᠤᠯᠲᠠ ᠢ᠋ᠢᠨ ᠦᠭᠡᠷᠡᠴᠢᠯᠡᠯᠲᠡ ᠵᠢ ᠲᠡᠮᠵᠢᠬᠦ ᠬᠡᠷᠡᠭᠲᠡᠢ᠃ ᠲᠦᠷᠦ᠎ᠶᠢᠨ ᠪᠣᠳᠣᠯᠭ᠎ᠠ᠎ᠶᠢᠨ ᠦᠢᠯᠡᠴᠢᠯᠡᠭᠡ ᠎ᠶᠢ ᠴᠢᠩᠭᠠᠳᠬᠠᠵᠤ᠂ ᠰᠠᠨᠠᠭᠠᠴᠢᠯᠠᠭ᠎ᠠ ᠡᠴᠡ᠎ᠪᠠᠨ ᠡᠭᠦᠲᠡᠨ᠎ᠳᠤᠨᠢ ᠬᠦᠷᠴᠦ ᠲᠦᠷᠦ᠎ᠶᠢᠨ ᠪᠣᠳᠣᠯᠭ᠎ᠠ ᠬᠦᠷᠭᠡᠵᠦ᠂ ᠵᠢᠭᠠᠨ ᠵᠢᠯᠤᠭᠣᠳᠤᠨ ᠦᠢᠯᠡᠴᠢᠯᠡᠵᠦ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠢ ᠬᠠᠪᠰᠤᠷᠤᠨ ᠠᠵᠤ ᠦᠢᠯᠡᠰ ᠎ᠤᠨ ᠠᠵᠢᠯᠴᠢᠨ᠎ᠤ ᠡᠩᠨᠡᠭᠡ ᠢ᠋ᠢᠨ ᠪᠠᠢᠭᠤᠯᠤᠯᠲᠠ ᠢ᠋ᠢᠨ ᠦᠭᠡᠷᠡᠴᠢᠯᠡᠯᠲᠡ ᠢ᠋ᠢᠨ ᠬᠠᠮᠢᠶ᠎ᠠ ᠪᠦᠬᠦᠢ ᠲᠦᠷᠦ᠎ᠶᠢᠨ ᠪᠣᠳᠣᠯᠭ᠎ᠠ᠎ᠶᠢ ᠤᠢᠯᠠᠭᠠᠭᠤᠯᠬᠤ ᠪᠠ ᠬᠡᠷᠡᠭᠯᠡᠭᠦᠯᠬᠦ ᠬᠡᠷᠡᠭᠲᠡᠢ; ᠬᠦᠴᠦᠨ ᠣᠯᠭᠣᠬᠤ ᠲᠠᠪᠴᠠᠩ᠎ᠢ ᠪᠠᠢᠭᠤᠯᠵᠤ᠂ ᠠᠷᠠᠳ᠎ᠤᠨ ᠡᠵᠡᠩᠨᠡᠯᠲᠡ ᠢ᠋ᠢᠨ ᠠᠵᠦ ᠠᠬᠤᠢᠯᠠᠯ᠎ᠤᠨ ᠬᠥᠳᠡᠯᠮᠦᠷᠢ ᠪᠠ ᠤᠷ᠎ᠠ ᠮᠡᠷᠭᠡᠵᠢᠯ᠎ᠤᠨ ᠤᠷᠤᠯᠳᠤᠭᠠᠨ᠎ᠢ ᠨᠡᠢᠳᠡᠮ ᠥᠷᠨᠢᠭᠦᠯᠬᠦ᠎ᠶᠢ ᠬᠦᠴᠦᠯᠡᠨ ᠠᠬᠢᠭᠤᠯᠵᠤ᠂ ᠤᠷ᠎ᠠ ᠮᠡᠷᠭᠡᠵᠢᠯ᠎ᠤᠨ ᠴᠢᠳᠠᠪᠤᠷᠢᠲᠠᠨ ᠎ᠤ ᠠᠵᠢᠯ ᠮᠡᠷᠭᠡᠵᠢᠯ᠎ᠦᠨ ᠬᠥᠭᠵᠢᠯᠲᠡ᠎ᠶᠢᠨ ᠨᠡᠪᠲᠡᠷᠡᠬᠦ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠠᠷᠠᠳ᠎ᠤᠨ ᠡᠵᠡᠩᠨᠡᠯᠲᠡ ᠢ᠋ᠢᠨ ᠠᠵᠤ ᠠᠬᠤᠢᠯᠠᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ ᠪᠠ ᠮᠠᠭᠠᠳᠯᠠᠨ ᠲᠣᠭᠲᠠᠭᠠᠯᠲᠠ ᠥᠷᠨᠢᠭᠦᠯᠬᠦ᠎ᠶᠢ ᠳᠡᠮᠵᠢᠵᠦ᠂ ᠡᠯ᠎ᠡ ᠱᠠᠲᠤ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠎ᠤ ᠱᠠᠲᠤ᠂ ᠠᠢᠮᠠᠭ ᠬᠣᠲᠠ᠎ᠶᠢᠨ ᠱᠠᠲᠤᠨ᠎ᠤ ᠤᠷᠤᠯᠳᠤᠭᠠᠨ᠎ᠳᠤ ᠣᠷᠣᠯᠴᠠᠬᠤ᠎ᠣᠷᠣᠨ ᠲᠣᠭ᠎ᠠ᠎ᠶᠢ ᠬᠡᠯᠪᠡᠢᠯᠭᠡᠬᠦ ᠬᠡᠷᠡᠭᠲᠡᠢ; ᠡᠷᠬᠡ ᠠᠰᠢᠭ᠋᠎ᠤᠨ ᠪᠠᠲᠤᠯᠠᠭ᠎ᠠ᠎ᠶᠢ ᠴᠢᠩᠭᠠᠳᠬᠠᠵᠤ᠂ ᠠᠷᠠᠳ᠎ᠤᠨ ᠡᠵᠡᠩᠨᠡᠯᠲᠡ ᠢ᠋ᠢᠨ ᠠᠵᠤ ᠠᠬᠤᠢᠯᠠᠯ᠎ᠤᠨ ᠠᠷᠠᠳᠴᠢᠯᠠᠯ᠎ᠢᠶᠠᠷ ᠬᠠᠮᠢᠶᠠᠷᠬᠤ ᠳᠦᠷᠢᠮ᠎ᠢ ᠲᠡᠭᠦᠯᠳᠡᠷᠵᠢᠭᠦᠯᠬᠦ᠎ᠶᠢ ᠬᠠᠨᠳᠤᠯᠭᠠᠲᠤ ᠴᠢᠨᠠᠷ᠎ᠲᠠᠢ᠎ᠪᠠᠷ ᠵᠢᠯᠤᠭᠣᠳᠴᠤ᠂ ᠠᠵᠤ ᠦᠢᠯᠡᠰ᠎ᠦᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠋᠎ᠢ ᠬᠠᠤᠯᠢ ᠶᠣᠰᠣᠭᠠᠷ ᠪᠠᠲᠤᠯᠠᠵᠤ᠂ ᠡᠶ᠎ᠡ ᠵᠣᠬᠢᠴᠠᠯ᠎ᠲᠠᠢ ᠬᠥᠳᠡᠯᠮᠦᠷᠢ᠎ᠶᠢᠨ ᠬᠠᠷᠢᠴᠠᠭ᠎ᠠ᠎ᠶᠢ ᠪᠠᠢᠭᠤᠯᠵᠤ᠂ ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ᠎ᠢᠶᠡᠷ ᠥᠷᠭᠡᠨ ᠤᠯᠠᠨ ᠠᠵᠤ ᠦᠢᠯᠡᠰ ᠎ᠦᠨ ᠠᠵᠢᠯᠴᠢᠨ᠎ᠳᠤ ᠠᠰᠢᠭ᠋ ᠬᠦᠷᠲᠡᠭᠡᠬᠦ  ᠬᠡᠷᠡᠭᠲᠡᠢ ᠬᠡᠵᠦ ᠴᠢᠬᠤᠯᠠᠴᠢᠯᠠᠪᠠ᠃

ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ ᠎ᠤᠨ ᠠᠵᠤ ᠦᠢᠯᠡᠰ᠎ᠤᠨ ᠠᠵᠢᠯᠴᠢᠨ᠎ᠤ ᠡᠩᠨᠡᠭᠡ ᠢ᠋ᠢᠨ ᠪᠠᠢᠭᠤᠯᠤᠯᠲᠠ ᠢ᠋ᠢᠨ ᠦᠭᠡᠷᠡᠴᠢᠯᠡᠯᠲᠡ ᠎ᠶᠢ ᠭᠦᠨᠵᠡᠭᠡᠢᠷᠡᠭᠦᠯᠬᠦ ᠨᠢ ᠪᠦᠬᠦ ᠣᠷᠣᠨ᠎ᠤ ᠠᠵᠤ ᠦᠢᠯᠡᠰ᠎ᠦᠨ ᠠᠵᠢᠯᠴᠢᠨ ᠎ᠤ ᠡᠩᠨᠡᠭᠡ᠎ᠶᠢ ᠪᠤᠵᠠᠭᠠᠢᠷᠠᠭᠤᠯᠬᠤ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠴᠢᠬᠤᠯᠠ ᠠᠴᠢ ᠬᠤᠯᠪᠤᠬᠲᠠᠯ ᠲᠠᠢ ᠶᠤᠮ᠃ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠦᠨ ᠥᠷᠢᠰᠦᠯᠳᠦᠭᠡᠨ᠎ᠦ ᠳᠤᠮᠳᠠ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ ᠪᠠ ᠬᠥᠭᠵᠢᠯᠲᠡ᠎ᠶᠢᠨ ᠤᠶᠠᠨ ᠬᠠᠳᠠᠨ ᠴᠢᠨᠠᠷ ᠢ᠋ ᠪᠠᠲᠤᠯᠠᠬᠤ ᠢ᠋ᠢᠨ ᠲᠦᠯᠦᠭᠡ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠠᠷᠠᠳ᠎ᠤᠨ ᠡᠵᠡᠩᠨᠡᠯᠲᠡ ᠢ᠋ᠢᠨ ᠠᠵᠤ ᠠᠬᠤᠢᠯᠠᠯ᠎ᠤᠨ ᠠᠵᠤ ᠦᠢᠯᠡᠰ᠎ᠤᠨ ᠠᠵᠢᠯᠴᠢᠨ᠎ᠤ ᠡᠩᠨᠡᠭᠡ ᠢ᠋ᠢᠨ ᠪᠠᠢᠭᠤᠯᠤᠯᠲᠠ ᠢ᠋ᠢᠨ ᠦᠭᠡᠷᠡᠴᠢᠯᠡᠯᠲᠡ᠎ᠶᠢ ᠦᠷᠭᠦᠯᠵᠢᠯᠡᠨ ᠠᠬᠢᠭᠤᠯᠬᠤ ᠪᠠ ᠲᠠᠮᠵᠢᠵᠦ᠂ 3 ᠪᠦᠯᠦᠭ ᠤᠳᠠᠭ᠎ᠠ᠎ᠶᠢᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠲᠥᠷᠥᠯ ᠵᠦᠢᠯ᠎ᠦᠨ ᠲᠤᠷᠰᠢᠯᠲᠠ ᠪᠠ ᠶᠡᠷᠦᠩᠬᠡᠢᠯᠡᠭᠰᠡᠨ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠵᠦ᠂ ᠭᠣᠣᠯᠳᠠᠯᠭ᠎ᠠ᠎ᠲᠠᠢ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠢ ᠪᠠᠭᠲᠠᠭᠠᠭᠰᠠᠨ 132 ᠠᠵᠤ ᠠᠬᠤᠢᠯᠠᠯ᠎ᠢ ᠰᠢᠯᠢᠨ ᠰᠣᠩᠭᠣᠵᠤ ᠤᠨᠢᠨ ᠲᠡᠭᠡᠷ᠎ᠡ  ᠨᠢ  ᠬᠠᠪᠰᠤᠷᠤᠨ ᠲᠡᠳᠬᠦᠬᠦ ᠵᠢ ᠠᠬᠢᠭᠤᠯᠵᠦ᠂ ᠪᠡᠯᠡ ᠮᠥᠩᠭᠥ᠎ᠪᠡᠷ ᠨᠥᠬᠥᠪᠦᠷᠢᠯᠡᠬᠦ᠂ ᠵᠢᠱ᠌ᠢᠶ᠎ᠡ ᠦᠵᠡᠭᠦᠯᠬᠦ ᠴᠡᠭ ᠢ᠋ ᠦᠨᠡᠯᠡᠨ ᠵᠢᠱ᠌ᠢᠬᠦ ᠵᠡᠷᠭᠡ ᠠᠷᠭ᠎ᠠ ᠮᠠᠶᠢᠭ᠋᠎ᠢᠶᠠᠷ ᠠᠵᠤ ᠠᠬᠤᠢᠯᠠᠯ ᠎ᠤᠨ ᠳᠣᠲᠣᠭᠠᠳᠤ᠎ᠶᠢᠨ ᠬᠥᠳᠡᠯᠭᠡᠬᠦ  ᠬᠦᠴᠦᠨ᠎ᠢ ᠬᠥᠭᠵᠢᠭᠡᠵᠦ᠂ ᠥᠷᠭᠡᠨ ᠣᠯᠠᠨ ᠠᠷᠠᠳ ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠠᠵᠤ ᠦᠢᠯᠡᠰ᠎ᠦᠨ ᠠᠵᠢᠯᠴᠢᠨ᠎ᠢ ᠪᠦᠯᠬᠦᠮᠳᠡᠭᠦᠯᠦᠨ ᠳᠠᠶ᠋ᠢᠴᠢᠯᠠᠵᠤ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ᠎ᠶᠢᠨ ᠶᠡᠬᠡ ᠲᠠᠯ᠎ᠠ᠎ᠳᠤ ᠭᠠᠪᠢᠶ᠎ᠠ ᠪᠠᠢᠭᠤᠯᠤᠨ ᠦᠢᠯᠡᠰ ᠴᠣᠭᠴᠠᠯᠠᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号