ᠭᠤᠴᠢᠨ ᠨᠠᠢ᠍ᠮᠠᠳᠤᠭᠠᠷ ᠬᠤᠭᠤᠴᠠᠭᠠᠨ ᠤ᠋ ᠦᠪᠦᠷ ᠮᠤᠡᠭᠭᠤᠯ ᠤ᠋ᠨ ᠲᠠᠷᠢᠶᠠᠯᠠᠡᠭ ᠤ᠋ᠨ ᠦᠵᠡᠰᠭᠦᠯᠡᠡᠭ ᠤ᠋ᠨ ᠴᠤᠭᠯᠠᠭᠠᠨ ᠡᠬᠢᠯᠡᠪᠡ
2026-03-27 09:59:19
ᠵᠣᠬᠢᠶᠠᠭ᠍ᠴᠢ᠄
​ ᠼᠠᠢ ᠬᠤᠡᠭ ᠴᠤᠪᠤᠭᠤ
ᠣᠩᠱᠢᠭ᠍ᠰᠠᠨ ᠣᠳᠠᠭ᠎ᠠ᠄
★★★☆☆

ᠠᠡᠭᠬᠠᠨ ᠤ᠋ ᠡᠳᠦᠷ ᠲᠦ᠍ 1128 ᠬᠤᠪᠢ ᠵᠦᠪᠯᠡᠯᠴᠡᠭᠡᠷ ᠲᠤᠬᠢᠷᠠᠯᠴᠠᠵᠠᠢ


3 ᠰᠠᠷ᠎ᠠ ᠶ᠋ᠢᠨ 26 ᠤ᠋ ᠡᠳᠦᠷ᠂ ᠭᠤᠴᠢᠨ ᠨᠠᠢ᠍ᠮᠠᠳᠤᠭᠠᠷ ᠬᠤᠭᠤᠴᠠᠭᠠᠨ ᠤ᠋ ᠦᠪᠦᠷ ᠮᠤᠡᠭᠭᠤᠯ ᠤ᠋ᠨ ᠲᠠᠷᠢᠶᠠᠯᠠᠡᠭ ᠤ᠋ᠨ ᠦᠵᠡᠰᠭᠦᠯᠡᠡᠭ ᠤ᠋ᠨ ᠴᠤᠭᠯᠠᠭᠠᠨ ᠬᠦᠬᠡᠬᠤᠲᠠ ᠳ᠋ᠡᠬᠢ ᠦᠪᠦᠷ ᠮᠤᠡᠭᠭᠤᠯ ᠤ᠋ᠨ ᠤᠯᠠᠨ ᠤᠯᠤᠰ ᠤ᠋ᠨ ᠬᠤᠷᠠᠯ ᠦᠵᠡᠰᠭᠦᠯᠡᠡᠭ ᠤ᠋ᠨ ᠲᠦᠪ ᠲᠦ᠍ ᠡᠬᠢᠯᠡᠪᠡ᠃

ᠦᠷᠯᠦᠭᠡ ᠶ᠋ᠢᠨ 9 ᠴᠠᠭ ᠤ᠋ᠨ ᠦᠶ᠎ᠡ ᠪᠡᠷ ᠦᠪᠦᠷ ᠮᠤᠡᠭᠭᠤᠯ ᠤ᠋ᠨ ᠤᠯᠠᠨ ᠤᠯᠤᠰ ᠤ᠋ᠨ ᠬᠤᠷᠠᠯ ᠦᠵᠡᠰᠭᠦᠯᠡᠡᠭ ᠤ᠋ᠨ ᠲᠦᠪ ᠤ᠋ᠨ ᠠᠭᠤᠳᠠᠮ ᠲᠠᠯᠠᠪᠠᠢ ᠳ᠋ᠦ ᠤᠶᠠᠡᠭᠭ᠎ᠠ ᠳᠠᠭᠤᠤ ᠴᠤᠤᠷᠢᠶᠠᠳᠤᠨ᠂ ᠮᠦᠷ ᠮᠦᠷ ᠶ᠋ᠢᠡᠷ ᠡᠡᠭᠨᠡᠷᠡᠭᠦᠯᠦᠨ ᠵᠢᠭᠰᠠᠭᠠᠭᠰᠠᠨ ᠲᠤᠮᠤ ᠬᠡᠯᠪᠡᠷᠢ ᠶ᠋ᠢᠨ ᠮᠠᠰᠢᠨ ᠲᠦᠬᠦᠭᠡᠷᠦᠮᠵᠢ ᠶ᠋ᠢᠨ ᠳᠤᠮᠳᠠᠭᠤᠷ ᠤᠯᠠᠨ ᠬᠦᠮᠦᠨ ᠰᠦᠯᠵᠢᠯᠳᠦᠵᠤ᠂ ᠰᠢᠨ᠎ᠡ ᠬᠡᠯᠪᠡᠷᠢ ᠶ᠋ᠢᠨ ᠮᠠᠰᠢᠨ ᠲᠦᠬᠦᠬᠡᠷᠤᠮᠵᠢ ᠵᠢ ᠰᠤᠨᠢᠷᠬᠠᠬᠤ ᠵᠢᠨ ᠬᠠᠮᠳᠤ ᠦᠢᠯᠡᠳᠦᠯ ᠴᠢᠳᠠᠮᠵᠢ ᠶ᠋ᠢ ᠨᠢ ᠠᠰᠠᠭᠤᠨ᠎ᠠ᠃ ᠦᠪᠦᠷ ᠮᠤᠡᠭᠭᠤᠯ ᠤ᠋ᠨ ᠤᠯᠠᠨ ᠤᠯᠤᠰ ᠤ᠋ᠨ ᠬᠤᠷᠠᠯ ᠦᠵᠡᠰᠭᠦᠯᠡᠡᠭ ᠤ᠋ᠨ ᠲᠦᠪ ᠤ᠋ᠨ ᠲᠢᠡᠭᠬᠢᠮ ᠤ᠋ᠨ ᠳᠤᠲᠤᠷ᠎ᠠ ᠲᠠᠷᠢᠶᠠᠨ ᠦᠷ᠎ᠡ᠂ ᠲᠠᠷᠢᠶᠠᠨ ᠡᠮ᠂ ᠬᠢᠮᠢ ᠵᠢᠨ ᠪᠤᠷᠳᠤᠭᠤᠷ ᠵᠡᠷᠭᠡ ᠵᠢ ᠳᠡᠯᠭᠡᠨ ᠪᠤᠷᠤᠯᠠᠭᠤᠯᠵᠤ᠂ ᠮᠠᠯᠴᠢᠨ ᠲᠠᠷᠢᠶᠠᠴᠢᠳ ᠦᠪᠡᠷ ᠦᠪᠡᠷ ᠤ᠋ᠨ ᠬᠡᠷᠡᠭᠴᠡᠭᠡ ᠲᠠᠢ ᠵᠤᠢᠯᠡᠰ ᠵᠢᠡᠨ ᠰᠤᠡᠭᠭᠤᠨ ᠠᠪᠴᠤ᠂ ᠬᠠᠪᠤᠷ ᠤ᠋ᠨ ᠲᠠᠷᠢᠶᠠᠯᠠᠭ᠎ᠠ ᠳ᠋ᠠᠭᠠᠨ ᠪᠡᠯᠡᠳᠭᠡᠯ ᠬᠢᠵᠦ ᠶᠠᠭᠠᠷᠠᠨ᠎ᠠ᠃

ᠲᠤᠬᠠᠢ ᠶ᠋ᠢᠨ ᠲᠠᠯᠠᠪᠠᠢ ᠳ᠋ᠦ ᠳᠡᠯᠭᠡᠭᠰᠡᠨ ᠵᠢᠯᠣᠭᠣᠴᠢ ᠥᠬᠡᠶ ᠲᠷᠠᠺᠲ᠋ᠣᠷ᠂ ᠰᠢᠨ᠎ᠡ ᠡᠨ᠋ᠸᠷᠬᠢ ᠶ᠋ᠢᠨ ᠲᠷᠠᠺᠲ᠋ᠣᠷ᠂ ᠵᠢᠯᠤᠭᠤᠴᠢ ᠦᠭᠡᠢ ᠨᠢᠰᠭᠡᠯ᠂ ᠣᠶᠤᠨᠴᠢ ᠤᠰᠤ ᠪᠣᠷᠲᠣᠭᠣᠷ ᠢ᠋ ᠨᠢᠭᠡ ᠴᠤᠭᠴᠠᠵᠢᠭᠤᠯᠬᠤ ᠮᠠᠰᠢᠨ᠂ ᠣᠶᠤᠨᠴᠢ ᠴᠠᠭ ᠠᠭᠤᠷ ᠤ᠋ᠨ ᠠᠵᠢᠬᠯᠠᠯᠳᠠ ᠶ᠋ᠢᠨ ᠲᠤᠨᠤᠭ ᠵᠡᠷᠭᠡ ᠬᠣᠱᠢᠭᠤᠷᠠᠯ ᠲᠣᠨᠣᠭ ᠲᠥᠬᠥᠭᠡᠷᠦᠮᠵᠢ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠬᠢᠭᠡᠳ ᠮᠠᠯ ᠠᠵᠤ ᠠᠬᠤᠢ ᠲᠠᠷᠢᠶᠠᠯᠠᠩ ᠦᠶ᠋ᠯᠡᠳᠪᠦᠷᠢᠯᠡᠯ ᠤ᠋ᠨ ᠭᠦᠨᠵᠡᠭᠡᠶ ᠠᠭᠤᠰᠤᠯᠴᠠᠯ᠂ ᠮᠠᠯ ᠠᠵᠤ ᠠᠬᠤᠢ ᠲᠠᠷᠢᠶᠠᠯᠠᠩ ᠤ᠋ᠨ ᠤᠶᠤᠨᠴᠢᠯᠠᠯᠳᠠ ᠶ᠋ᠢᠨ ᠭᠠᠢᠬᠠᠮᠰᠢᠭ ᠢ᠋ ᠤᠯᠠᠨ ᠳ᠋ᠤ ᠬᠠᠷᠠᠭᠤᠯᠵᠤ ᠪᠠᠢᠯ᠎ᠠ᠃

ᠲᠣᠰ ᠬᠤᠭᠤᠴᠠᠭᠠᠨ ᠤ᠋ ᠲᠠᠷᠢᠶᠠᠯᠠᠩ ᠤ᠋ᠨ ᠦᠵᠡᠰᠭᠦᠯᠡᠩ ᠤ᠋ᠨ ᠴᠤᠭ᠍ᠯᠠᠭᠠᠨ ᠨᠢ 《ᠤᠶᠤᠨᠴᠢ ᠮᠠᠯ ᠠᠵᠤ ᠠᠬᠤᠢ ᠲᠠᠷᠢᠶᠠᠯᠠᠡᠭ ᠢ᠋ ᠬᠦᠭᠵᠢᠭᠦᠯᠵᠦ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠳᠡᠭᠡᠭᠰᠢᠯᠡᠭᠦᠯᠬᠦ》 ᠪᠡᠷ ᠭᠤᠤᠯ ᠰᠡᠳᠦᠪ ᠪᠤᠯᠭᠠᠨ᠂ ᠪᠥᠬᠥ᠌ ᠤᠯᠤᠰ ᠤ᠋ᠨ 28 ᠮᠤᠵᠢ ᠬᠣᠲᠠ ᠣᠷᠣᠨ ᠤ᠋ 900 ᠭᠠᠷᠤᠶ ᠠᠵᠤ ᠠᠬᠤᠢᠯᠠᠯ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ ᠪᠠ ᠴᠠᠭ ᠠᠭᠤᠷ ᠤ᠋ᠨ ᠳᠠᠭᠠᠳᠭᠠᠯ ᠤ᠋ᠨ ᠺᠤᠮᠫᠠᠨᠢ ᠤᠷᠤᠯᠴᠠᠵᠤ᠂ 1500 ᠭᠠᠷᠤᠶ ᠦᠵᠡᠭᠦᠯᠭᠡ ᠶ᠋ᠢᠨ ᠪᠠᠢᠷᠢ ᠲᠤᠬᠢᠷᠠᠭᠤᠯᠵᠠᠢ᠃ ᠦᠵᠡᠰᠭᠦᠯᠡᠩ ᠤ᠋ᠨ ᠴᠤᠭ᠍ᠯᠠᠭᠠᠨ ᠳ᠋ᠦ ᠲᠠᠷᠢᠶᠠᠯᠠᠩ ᠤ᠋ᠨ ᠬᠡᠷᠡᠭ᠌ᠰᠡᠯ᠂ ᠠᠷᠪᠢᠳᠠᠢ ᠤᠰᠤᠯᠠᠯᠲᠠ᠂ ᠣᠶᠤᠨᠴᠢ ᠲᠠᠷᠢᠶᠠᠯᠠᠩ᠂ ᠮᠠᠯ ᠠᠵᠤ ᠠᠬᠤᠶ ᠲᠠᠷᠢᠶᠠᠯᠠᠩ ᠤ᠋ᠨ ᠮᠠᠱᠢᠨ ᠲᠦᠬᠦᠭᠡᠷᠦᠮᠵᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠬᠡᠷᠡᠭᠰᠡᠯ᠂ ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠥᠷᠥᠯ ᠲᠡᠮᠳᠡᠭ᠂ ᠴᠠᠭ ᠠᠭᠤᠷ ᠤ᠋ᠨ ᠦᠶ᠋ᠯᠡᠴᠢᠯᠡᠭᠡᠨ ᠤ᠋ ᠮᠥᠩᠭᠥᠨ ᠭᠦᠶ᠋ᠯᠭᠡᠭᠡᠨ ᠤ᠋ ᠳᠠᠭᠠᠳᠭᠠᠯ ᠵᠡᠷᠭᠡ 7 ᠭᠤᠤᠯ ᠰᠡᠳᠦᠪᠲᠦ ᠦᠵᠡᠭᠦᠯᠭᠡ ᠶ᠋ᠢᠨ ᠲᠣᠭᠣᠷᠢᠭ ᠲᠤᠬᠢᠷᠠᠭᠤᠯᠵᠤ᠂ ᠮᠠᠯ ᠠᠵᠤ ᠠᠬᠤᠶ ᠲᠠᠷᠢᠶᠠᠯᠠᠡᠭ ᠤ᠋ᠨ ᠣᠳᠣᠬᠢᠴᠢᠯᠠᠯᠲᠠ ᠶ᠋ᠢᠨ ᠱᠢᠨ᠎ᠡ ᠶ᠋ᠢ ᠡᠭᠦᠳᠦᠭ᠌ᠰᠡᠨ ᠦᠷ᠎ᠡ ᠪᠦᠲᠦᠭᠡᠯ ᠢ᠋ ᠪᠥᠬᠥ᠌ ᠲᠠᠯ᠎ᠠ᠎ᠪᠠᠷ ᠳᠡᠯᠭᠡᠨ ᠦᠵᠡᠭᠦᠯᠵᠦ ᠪᠠᠢᠨ᠎ᠠ᠃

ᠲᠤᠰ ᠬᠤᠭᠤᠴᠠᠭᠠᠨ ᠤ᠋ ᠦᠵᠡᠰᠭᠦᠯᠡᠩ ᠤ᠋ᠨ ᠴᠤᠭᠯᠠᠭᠠᠨ 3 ᠰᠠᠷ᠎ᠠ ᠶ᠋ᠢᠨ 28 ᠤ᠋ ᠡᠳᠦᠷ ᠪᠤᠯᠲᠠᠯ᠎ᠠ ᠶᠠᠪᠤᠭᠳᠠᠵᠤ᠂ ᠠᠡᠭᠬᠠᠨ ᠤ᠋ ᠡᠳᠦᠷ ᠲᠡᠬᠡᠨ ᠲᠠᠷᠤᠢ 7.6 ᠳ᠋ᠦ᠋ᠡᠭᠰᠢᠭᠤᠷ ᠲᠦᠭᠦᠷᠢᠭ ᠤ᠋ᠨ ᠪᠡᠯᠡ ᠮᠦᠡᠭᠬᠦ ᠳ᠋ᠦ ᠬᠤᠯᠪᠤᠭᠳᠠᠬᠤ 1128 ᠬᠤᠪᠢ ᠵᠦᠪᠯᠡᠯᠴᠡᠭᠡᠷ ᠲᠤᠬᠢᠷᠠᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号