ᠵᠢᠷᠭᠤᠭᠠᠨ ᠰᠠᠯᠠᠭ᠎ᠠ ᠮᠥᠴᠢᠷ ᠬᠠᠮᠳᠤᠷᠠᠨ ᠬᠥᠳᠡᠭᠡ ᠲᠣᠰᠬᠣᠨ᠎ᠤ ᠤᠰᠤ ᠬᠠᠩᠭᠠᠬᠤ ᠢᠨᠵᠧᠨᠧᠷᠢᠩ᠎ᠦᠨ ᠠᠵᠢᠯᠯᠠᠭᠠᠨ᠎ᠤ ᠬᠠᠮᠢᠶᠠᠷᠤᠯᠲᠠ ᠬᠠᠮᠠᠭᠠᠯᠠᠯᠲᠠ᠎ᠶᠢ ᠴᠢᠩᠭᠠᠳᠬᠠᠬᠤ ᠲᠤᠬᠠᠢ ᠮᠡᠳᠡᠭᠳᠡᠯ᠎ᠢ ᠳᠠᠷᠤᠮᠠᠯᠯᠠᠨ ᠲᠠᠷᠬᠠᠭᠠᠪᠠ
2026-03-27 10:22:17
ᠵᠣᠬᠢᠶᠠᠭ᠍ᠴᠢ᠄
ᠸᠧᠢ ᠬᠣᠩ ᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 24᠎ᠤ᠋ ᠡᠳᠦᠷ ᠤᠰᠤᠨ ᠠᠰᠢᠭ᠍ᠯᠠᠯᠲᠠ᠎ᠶᠢᠨ ᠶᠠᠮᠤᠨ᠎ᠡᠴᠡ ᠣᠢᠯᠠᠭᠠᠭᠰᠠᠨ᠎ᠢᠶᠠᠷ᠂ ᠣᠢᠷ᠎ᠠ᠎ᠳᠤ ᠤᠰᠤᠨ ᠠᠰᠢᠭ᠍ᠯᠠᠯᠲᠠ᠎ᠶᠢᠨ ᠶᠠᠮᠤᠨ ᠵᠡᠷᠭᠡ ᠵᠢᠷᠭᠤᠭᠠᠨ ᠰᠠᠯᠠᠭ᠎ᠠ ᠮᠥᠴᠢᠷ ᠬᠠᠮᠲᠤᠷᠠᠨ 《ᠬᠥᠳᠡᠭᠡ ᠲᠣᠰᠬᠣᠨ᠎ᠤ ᠤᠰᠤ ᠬᠠᠩᠭᠠᠬᠤ ᠢᠨᠵᠧᠨᠧᠷᠢᠩ᠎ᠦᠨ ᠠᠵᠢᠯᠯᠠᠭᠠᠨ᠎ᠤ ᠬᠠᠮᠢᠶᠠᠷᠤᠯᠲᠠ ᠬᠠᠮᠠᠭᠠᠯᠠᠯᠲᠠ᠎ᠶᠢᠨ ᠠᠵᠢᠯ᠎ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ》 ᠢ᠋ ᠳᠠᠷᠤᠮᠠᠯᠯᠠᠨ ᠲᠠᠷᠬᠠᠭᠠᠵᠤ᠂ ᠤᠰᠤᠨ᠎ᠤ ᠡᠬᠢ ᠰᠤᠷᠪᠤᠯᠵᠢ᠎ᠡᠴᠡ ᠤᠰᠤᠨ ᠴᠤᠷᠭᠤ ᠬᠦᠷᠲᠡᠯᠡᠬᠢ ᠪᠥᠬᠥ ᠬᠡᠯᠬᠢᠶᠡᠨ᠎ᠦ ᠵᠢᠷᠤᠮᠵᠢᠭ᠍ᠰᠠᠨ ᠰᠢᠰᠲᠧᠮ᠎ᠢ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠣᠳᠣᠬᠠᠨ᠎ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠠᠵᠢᠯᠯᠠᠭᠠᠨ᠎ᠤ ᠬᠠᠮᠢᠶᠠᠷᠤᠯᠲᠠ ᠬᠠᠮᠠᠭᠠᠯᠠᠯᠲᠠ᠎ᠶᠢᠨ ᠭᠣᠣᠯᠳᠠᠯᠭ᠎ᠠ᠎ᠲᠠᠢ ᠡᠭᠦᠷᠭᠡ᠎ᠶᠢ ᠪᠠᠢᠷᠢᠯᠠᠭᠤᠯᠵᠤ᠂ ᠬᠥᠳᠡᠭᠡ ᠲᠣᠰᠬᠣᠨ᠎ᠤ ᠤᠰᠤ ᠬᠠᠩᠭᠠᠬᠤ ᠪᠠᠲᠤᠯᠠᠭ᠎ᠠ᠎ᠶᠢᠨ ᠴᠢᠳᠠᠪᠤᠷᠢ ᠪᠠ ᠡᠵᠡᠩᠨᠡᠯᠲᠡ ᠦᠢᠯᠡᠴᠢᠯᠡᠭᠡᠨ᠎ᠦ ᠲᠦᠪᠰᠢᠨ᠎ᠢ ᠳᠡᠭᠡᠭᠰᠢᠯᠡᠭᠦᠯᠦᠨ᠎ᠡ ᠭᠡᠵᠡᠢ᠃

ᠮᠡᠳᠡᠭᠳᠡᠯ᠎ᠳᠦ ᠬᠥᠳᠡᠭᠡ ᠲᠣᠰᠬᠣᠨ᠎ᠤ ᠤᠰᠤ ᠬᠠᠩᠭᠠᠬᠤ ᠤᠰᠤᠨ᠎ᠤ ᠬᠡᠮᠵᠢᠶ᠎ᠡ ᠤᠰᠤᠨ᠎ᠤ ᠴᠢᠨᠠᠷ᠎ᠤᠨ ᠪᠠᠲᠤᠯᠠᠭ᠎ᠠ᠎ᠶᠢ ᠴᠢᠩᠭᠠᠳᠬᠠᠬᠤ᠂ ᠢᠨᠵᠧᠨᠧᠷᠢᠩ᠎ᠦᠨ ᠪᠠᠴᠢᠮ ᠪᠠᠢᠳᠠᠯ᠎ᠢ ᠠᠷᠭᠠᠴᠠᠭᠠᠬᠤ ᠬᠠᠩᠭᠠᠯᠭ᠎ᠠ᠎ᠶᠢᠨ ᠪᠠᠲᠤᠯᠠᠭ᠎ᠠ ᠵᠢ ᠴᠢᠨᠭᠭᠠᠷᠠᠭᠤᠯᠬᠤ᠂ ᠬᠥᠳᠡᠭᠡ ᠲᠣᠰᠬᠣᠨ᠎ᠤ ᠤᠰᠤ ᠬᠠᠩᠭᠠᠬᠤ ᠦᠨ᠎ᠡ ᠬᠠᠩᠰᠢ᠎ᠶᠢᠨ ᠥᠭᠡᠷᠡᠴᠢᠯᠡᠯᠲᠡ᠎ᠶᠢ ᠯᠠᠪᠳᠠᠭᠤᠨ᠎ᠢᠶᠡᠷ ᠠᠬᠢᠭᠤᠯᠬᠤ᠂ ᠬᠥᠳᠡᠭᠡ ᠲᠣᠰᠬᠣᠨ᠎ᠤ ᠤᠰᠤ ᠬᠠᠩᠭᠠᠬᠤ ᠰᠢᠶᠠᠨ᠎ᠤ ᠬᠡᠪᠴᠢᠶᠡᠨ᠎ᠤ ᠨᠢᠭᠡᠳᠦᠯᠲᠡᠢ ᠬᠠᠮᠢᠶᠠᠷᠬᠤ᠎ᠶᠢ ᠲᠦᠷᠭᠡᠳᠬᠡᠨ ᠠᠬᠢᠭᠤᠯᠬᠤ᠂ ᠳᠡᠮᠵᠢᠬᠦ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ ᠵᠡᠷᠭᠡ ᠲᠠᠪᠤᠨ ᠶᠡᠬᠡ ᠭᠣᠣᠯᠳᠠᠯᠭ᠎ᠠ᠎ᠲᠠᠢ ᠡᠭᠦᠷᠭᠡ᠎ᠳᠦ ᠲᠤᠳᠤᠷᠬᠠᠢ ᠱᠠᠭᠠᠷᠳᠠᠯᠭ᠎ᠠ ᠳᠤᠷᠠᠳᠪᠠ᠃ ᠪᠤᠳᠠᠲᠠᠢ ᠱᠠᠭᠠᠷᠳᠠᠯᠭ᠎ᠠ᠎ᠳᠦ ᠤᠰᠤᠨ᠎ᠤ ᠡᠬᠢ ᠪᠠᠶᠠᠯᠢᠭ᠋᠎ᠤᠨ ᠬᠠᠮᠢᠶᠠᠷᠤᠯᠲᠠ ᠪᠠ ᠤᠰᠤᠨ᠎ᠤ ᠡᠬᠢ ᠰᠤᠷᠪᠤᠯᠵᠢ᠎ᠶᠢᠨ ᠬᠠᠮᠠᠭᠠᠯᠠᠯᠲᠠ᠎ᠶᠢ ᠴᠢᠩᠭᠠᠳᠬᠠᠬᠤ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠤᠰᠤᠨ᠎ᠤ ᠡᠬᠢ ᠰᠤᠷᠪᠤᠯᠵᠢ᠎ᠶᠢ ᠰᠢᠨᠵᠢᠯᠡᠬᠦ ᠤᠬᠠᠭᠠᠨᠴᠢ ᠪᠠᠷ ᠪᠠᠢᠷᠢᠯᠠᠭᠤᠯᠬᠤ᠂ ᠬᠥᠳᠡᠭᠡ ᠲᠣᠰᠬᠣᠨ᠎ᠤ ᠰᠠᠭᠤᠭᠠᠯᠢ ᠠᠷᠠᠳ᠎ᠤᠨ ᠪᠤᠰᠤ ᠬᠡᠷᠡᠭᠯᠡᠬᠦ ᠤᠰᠤ ᠪᠠ ᠰᠠᠭᠤᠭᠠᠯᠢ ᠠᠷᠠᠳ᠎ᠤᠨ ᠬᠡᠷᠡᠭᠯᠡᠬᠦ ᠤᠰᠤᠨ᠎ᠤ ᠦᠨ᠎ᠡ ᠬᠠᠩᠰᠢ᠎ᠶᠢ ᠠᠳᠠᠯᠢ ᠪᠤᠰᠤ ᠵᠠᠷᠴᠢᠮ ᠵᠢᠡᠷ ᠲᠥᠷᠥᠯ ᠬᠤᠪᠢᠶᠠᠨ ᠦᠨ᠎ᠡ ᠲᠣᠭᠲᠠᠭᠠᠬᠤ᠂ ᠪᠡᠶᠡᠯᠡᠭᠦᠯᠦᠭᠡ ᠦᠭᠡᠢ ᠰᠢᠶᠠᠨ᠎ᠤ ᠬᠡᠪᠴᠢᠶᠡᠨ᠎ᠦ ᠨᠢᠭᠡᠳᠦᠯᠲᠡᠢ ᠬᠠᠮᠢᠶᠠᠷᠬᠤ ᠣᠷᠣᠨ ᠪᠦᠰᠡ᠎ᠳᠦ ᠲᠤᠰᠬᠠᠢᠵᠢᠭ᠍ᠰᠠᠨ ᠬᠠᠮᠢᠶᠠᠷᠤᠯᠲᠠ ᠬᠠᠮᠠᠭᠠᠯᠠᠯᠲᠠ᠎ᠶᠢ ᠱᠠᠯᠠᠪᠳᠠᠨ ᠪᠡᠶᠡᠯᠡᠭᠦᠯᠬᠦ᠂ ᠡᠯ᠎ᠡ ᠱᠠᠲᠤᠨ᠎ᠤ ᠡᠳ᠋᠎ᠦᠨ ᠵᠠᠰᠠᠭ᠎ᠤᠨ ᠪᠡᠯᠡ ᠮᠥᠩᠭᠥ᠎ᠪᠡᠷ ᠬᠥᠳᠡᠭᠡ ᠲᠣᠰᠬᠣᠨ᠎ᠤ ᠤᠰᠤ ᠬᠠᠩᠭᠠᠬᠤ ᠢᠨᠵᠧᠨᠧᠷᠢᠩ᠎ᠦᠨ ᠠᠵᠢᠯᠯᠠᠭᠠᠨ᠎ᠤ ᠬᠠᠮᠠᠭᠠᠯᠠᠯᠲᠠ᠎ᠳᠤ ᠲᠣᠭᠲᠠᠭᠠᠯ ᠶᠣᠰᠣᠭᠠᠷ ᠳᠡᠮᠵᠢᠯᠭᠡ ᠦᠵᠡᠭᠦᠯᠬᠦ ᠵᠡᠷᠭᠡ ᠪᠠᠭᠲᠠᠨ᠎ᠠ᠃

ᠤᠰᠤᠨ ᠠᠰᠢᠭ᠍ᠯᠠᠯᠲᠠ᠎ᠶᠢᠨ ᠶᠠᠮᠤᠨ᠎ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠠᠷᠠᠭᠠᠴᠢ᠎ᠶᠢᠨ ᠠᠯᠬᠤᠮ᠎ᠳᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤ᠎ᠪᠠᠷ ᠡᠯ᠎ᠡ ᠭᠠᠵᠠᠷ᠎ᠤᠨ ᠬᠢᠨ᠎ᠢ ᠵᠢᠯᠣᠭᠣᠳᠤᠨ ᠮᠡᠳᠡᠭᠳᠡᠯ᠎ᠢ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠵᠤ᠂ ᠢᠨᠵᠧᠨᠧᠷᠢᠩ᠎ᠢ ᠬᠠᠮᠢᠶᠠᠷᠬᠤ ᠬᠥᠮᠥᠨ᠎ᠲᠠᠢ᠂ ᠬᠠᠮᠢᠶᠠᠷᠬᠤ ᠵᠣᠭᠣᠰ᠎ᠲᠠᠢ᠂ ᠬᠠᠮᠢᠶᠠᠷᠬᠤ ᠳᠦᠷᠢᠮ ᠲᠡᠢ ᠪᠤᠯᠭᠠᠵᠤ᠂ ᠪᠠᠢᠭᠤᠯᠵᠤ ᠳᠡᠶ᠋ᠢᠯᠬᠦ᠂ ᠰᠠᠢᠲᠤᠷ ᠬᠠᠮᠢᠶᠠᠷᠬᠤ᠂ ᠣᠷᠳᠣ᠌ ᠬᠤᠭᠤᠴᠠᠭ᠎ᠠ᠎ᠪᠠᠷ ᠠᠰᠢᠭ᠋ ᠭᠥᠷᠳᠡᠬᠦ᠎ᠶᠢ ᠦᠨᠡᠨ ᠬᠦ᠌ ᠪᠠᠲᠤᠯᠠᠵᠤ᠂ ᠬᠥᠳᠡᠭᠡ ᠲᠣᠰᠬᠣᠨ᠎ᠤ ᠰᠠᠭᠤᠭᠠᠯᠢ ᠠᠷᠠᠳ᠎ᠤᠨ ᠤᠰᠤ ᠬᠡᠷᠡᠭᠯᠡᠬᠦ ᠬᠦᠷᠳᠡᠮᠵᠢ ᠵᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠳᠡᠭᠡᠭᠰᠢᠯᠡᠭᠦᠯᠦᠨ᠎ᠡ ᠭᠡᠵᠦ ᠢᠯᠡᠳᠬᠡᠵᠡᠢ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 3 ᠰᠠᠷ᠎ᠠ᠎ᠶᠢᠨ 24᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号