ᠬᠦᠬᠡᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭ᠎ᠠ ᠵᠡᠮᠳᠡᠭ᠌ᠴᠦᠳ᠎ᠦᠨ ᠡᠷᠬᠡ ᠠᠱᠢᠭ᠎ᠢ ᠬᠠᠮᠠᠭᠠᠯᠠᠬᠤ ᠬᠠᠤᠯᠢ ᠴᠠᠭᠠᠵᠠ᠎ᠶ᠋ᠢᠨ ᠲᠠᠢᠯᠤᠮᠵᠢ ᠡᠷᠬᠢᠯᠡᠪᠡ
2026-03-27 16:16:56
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

 ᠵᠡᠮᠳᠡᠭᠴᠤᠳ᠎ᠤᠨ ᠡᠷᠭᠡ ᠠᠰᠢᠭ᠎ᠢ ᠪᠠᠲᠤᠯᠠᠬᠤ ᠬᠠᠮᠢᠶ᠎ᠠ ᠪᠦᠬᠦᠢ ᠬᠠᠥᠯᠢ ᠲᠤᠬᠲᠠᠭᠠᠯ᠎ᠢ ᠬᠦᠨᠵᠡᠬᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠵᠢᠨ ᠲᠦᠯᠦᠭᠡ ᠤᠢᠷ᠎ᠠ᠎ᠳᠤ᠂ ᠬᠦᠬᠡᠬᠣᠲᠠ᠎ᠶ᠋ᠢᠨ ᠵᠡᠮᠳᠡᠭ᠌ᠴᠦᠳ᠎ᠦᠨ ᠬᠤᠯᠪᠤᠭ᠎ᠠ ᠪᠥᠬᠥ᠌ ᠤᠯᠤᠰ ᠎ᠤᠨ ᠥᠪᠡᠷ ᠎ᠢ᠎ᠪᠡᠨ ᠬᠦᠴᠦᠷᠬᠡᠭ᠌ᠵᠢᠭᠦᠯᠦᠭ᠌ᠰᠡᠨ ᠵᠢᠱ᠌ᠢᠶᠡᠴᠢ᠂ 《3·8》 ᠤ᠋ ᠤᠯᠠᠭᠠᠨ ᠲᠤᠭ᠍ᠴᠢ ᠭᠦᠸᠧ ᠡᠯ ᠯᠢᠩ ᠬᠠᠤᠯᠢᠴᠢ᠎ᠶ᠋ᠢ ᠣᠨᠴᠠ ᠤᠷᠢᠵᠤ᠂ ᠵᠡᠮᠳᠡᠭ᠌ᠴᠦᠳ᠎ᠦᠨ ᠡᠷᠬᠡ ᠠᠱᠢᠭ᠎ᠢ ᠬᠠᠮᠠᠭᠠᠯᠠᠬᠤ ᠬᠠᠤᠯᠢ ᠴᠠᠭᠠᠵᠠ᠎ᠶ᠋ᠢᠨ ᠲᠣᠭᠣᠷᠢᠨ᠎ᠳᠤ ᠲᠤᠰᠭᠠᠶ ᠰᠡᠳᠦᠪᠲᠦ ᠲᠠᠢᠯᠤᠮᠵᠢ ᠬᠢᠯᠭᠡᠪᠡ᠃

ᠲᠣᠰ ᠤᠳᠠᠭᠠᠨ᠎ᠤ ᠲᠠᠢᠯᠤᠮᠵᠢ ᠎ᠨᠢ ᠵᠡᠮᠳᠡᠭ᠌ᠴᠦᠳ᠎ᠦᠨ ᠠᠵᠢᠯ᠎ᠤᠨ ᠪᠣᠳᠠᠲᠤ ᠪᠠᠢᠳᠠᠯ ᠪᠣᠯᠤᠨ ᠵᠡᠮᠳᠡᠭ᠌ᠴᠦᠳ᠎ᠦᠨ ᠡᠷᠬᠡ ᠠᠱᠢᠭ ᠎ᠢᠶᠠᠨ ᠬᠠᠮᠠᠭᠠᠯᠠᠬᠤ ᠭᠤᠤᠯ ᠬᠡᠷᠡᠭ᠌ᠴᠡᠭᠡ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠤᠨ᠂ ᠭᠤᠷᠪᠠᠨ ᠬᠡᠰᠡᠭ ᠠᠭᠤᠯᠭ᠎ᠠ ᠲᠤᠬᠢᠷᠠᠭᠤᠯᠪᠠ᠃  ᠭᠦᠸᠧ ᠡᠯ ᠯᠢᠩ ᠬᠠᠤᠯᠢᠴᠢ ᠱᠢᠨ᠎ᠡ ᠴᠠᠭ ᠦᠶ᠎ᠡ᠎ᠶ᠋ᠢᠨ ᠠᠬᠤᠶ ᠪᠠᠢᠳᠠᠯ ᠳᠤᠤᠷᠠᠬᠢ ᠵᠡᠮᠳᠡᠭ᠌ᠴᠦᠳ᠎ᠦᠨ ᠡᠷᠬᠡ ᠠᠱᠢᠭ᠎ᠤᠨ ᠪᠠᠲᠤᠯᠠᠭ᠎ᠠ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ᠂ ᠱᠢᠨ᠎ᠡ ᠥᠷᠢᠰᠥᠯᠳᠦᠭᠡᠨ᠎ᠢ ᠭᠦᠨᠵᠡᠭᠡᠶ ᠵᠠᠳᠠᠯᠵᠤ᠂ ᠵᠡᠮᠳᠡᠭ᠌ᠴᠦᠳ᠎ᠦᠨ ᠦᠶ᠋ᠯᠡᠰ᠎ᠦᠨ ᠴᠢᠨᠠᠷ  ᠰᠠᠢᠲᠠᠶ  ᠬᠥᠭ᠌ᠵᠢᠯᠲᠡ᠎ᠶ᠋ᠢ ᠬᠠᠥᠯᠢ ᠪᠡᠷ ᠵᠠᠰᠠᠬᠤ ᠪᠡᠷ ᠬᠠᠮᠠᠭᠠᠯᠠᠬᠤ᠂ ᠵᠡᠮᠳᠡᠭ᠌ᠴᠦᠳ᠎ᠦᠨ ᠡᠯ᠎ᠡ ᠵᠦᠶ᠋ᠯ᠎ᠦᠨ ᠡᠷᠬᠡ ᠠᠱᠢᠭ᠎ᠢ ᠡᠷᠬᠡ ᠲᠡᠭ᠌ᠰᠢ᠎ᠪᠡᠷ ᠡᠳ᠋ᠯᠡᠬᠦ᠌᠎ᠶ᠋ᠢ ᠪᠠᠲᠤᠯᠠᠬᠤ ᠴᠢᠬᠤᠯᠠ ᠠᠴᠢ ᠬᠣᠯᠪᠣᠭ᠍ᠳᠠᠯ᠎ᠢ ᠭᠦᠨᠵᠡᠭᠡᠶ ᠲᠣᠳᠣᠷᠬᠠᠢᠯᠠᠪᠠ; ᠲᠡᠷᠡ ᠵᠡᠮᠳᠡᠭ᠌ᠴᠦᠳ᠎ᠦᠨ ᠡᠷᠬᠡ ᠠᠱᠢᠭ᠎ᠢ ᠪᠠᠲᠤᠯᠠᠬᠤ ᠬᠠᠤᠯᠢ ᠴᠠᠭᠠᠵᠠ᠎ᠶ᠋ᠢᠨ ᠱᠢᠰᠲ᠋ᠧᠮ᠎ᠢ ᠪᠥᠬᠥ᠌ ᠲᠠᠯ᠎ᠠ᠎ᠪᠠᠷ ᠲᠠᠢᠯᠪᠤᠷᠢᠯᠠᠵᠤ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠡᠮᠳᠡᠭ᠌ᠴᠦᠳ᠎ᠦᠨ ᠪᠠᠲᠤᠯᠠᠭ᠎ᠠ᠎ᠶ᠋ᠢᠨ ᠬᠠᠤᠯᠢ 》 ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠪᠠᠭ᠍ᠲᠠᠭᠠᠭ᠍ᠰᠠᠨ ᠵᠡᠮᠳᠡᠭ᠌ᠴᠦᠳ᠎ᠦᠨ ᠡᠷᠬᠡ ᠠᠱᠢᠭ᠎ᠢ ᠬᠠᠮᠠᠭᠠᠯᠠᠬᠤ ᠬᠠᠤᠯᠢ ᠴᠠᠭᠠᠵᠠ᠎ᠶ᠋ᠢᠨ ᠪᠣᠷᠣ ᠲᠥᠯᠥᠪ᠎ᠢ ᠱᠢᠰᠲ᠋ᠧᠮ᠎ᠲᠡᠶ ᠡᠮᠬᠢᠯᠡᠵᠦ᠍᠂ ᠵᠡᠮᠳᠡᠭ᠌ᠴᠦᠳ᠎ᠦᠨ ᠡᠷᠬᠡ ᠠᠱᠢᠭ᠎ᠢ ᠪᠠᠲᠤᠯᠠᠬᠤ ᠬᠠᠤᠯᠢ ᠴᠠᠭᠠᠵᠠ᠎ᠶ᠋ᠢᠨ ᠦᠨᠳᠦᠰᠦᠯᠡᠯ᠎ᠢ ᠲᠣᠳᠣᠷᠬᠠᠢᠯᠠᠪᠠ; ᠭᠦᠸᠧ ᠡᠯ ᠯᠢᠩ ᠬᠠᠤᠯᠢᠴᠢ ᠵᠡᠮᠳᠡᠭ᠌ᠴᠦᠳ᠎ᠦᠨ ᠠᠵᠢᠯ ᠣᠯᠭᠣᠯᠲᠠ᠂ ᠰᠤᠷᠭᠠᠨ ᠬᠥᠮᠦᠵᠢᠯ ᠡᠷᠡᠭᠦᠯᠵᠢᠯ᠂ ᠨᠡᠢᠭᠡᠮ᠎ᠦᠨ ᠪᠠᠲᠤᠯᠠᠭ᠎ᠠ᠂ ᠰᠠᠭᠠᠳ ᠥᠬᠡᠶ ᠣᠷᠴᠢᠨ ᠲᠣᠭᠣᠷᠢᠨ᠎ᠤ ᠪᠥᠲᠥᠭᠡᠨ ᠪᠠᠢᠭᠤᠯᠤᠯᠲᠠ ᠵᠡᠷᠭᠡ ᠭᠤᠤᠯᠯᠠᠬᠤ ᠡᠷᠬᠡ ᠠᠱᠢᠭ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠦᠨᠡᠨ ᠪᠣᠳᠠᠲᠠᠶ ᠡᠷᠬᠡ ᠠᠱᠢᠭ᠎ᠢᠶᠠᠨ ᠬᠠᠮᠠᠭᠠᠯᠠᠬᠰᠠᠨ ᠵᠢᠱ᠌ᠢᠶ᠎ᠠ᠎ᠪᠡᠷ ᠭᠠᠷᠳᠠᠬᠤ ᠴᠡᠭ ᠪᠣᠯᠭᠠᠵᠤ᠂ ᠵᠡᠮᠳᠡᠭ᠌ᠴᠦᠳ᠎ᠦᠨ ᠡᠷᠬᠡ ᠠᠱᠢᠭ᠎ᠢᠶᠠᠨ ᠬᠠᠮᠠᠭᠠᠯᠠᠬᠤ ᠬᠠᠤᠯᠢ ᠶᠣᠰᠣᠨ᠎ᠤ ᠠᠷᠭ᠎ᠠ ᠵᠠᠮ᠂ ᠪᠥᠬᠥ᠌ ᠶᠠᠪᠤᠴᠠ᠎ᠶ᠋ᠢᠨ ᠠᠩᠬᠠᠷᠬᠤ ᠵᠦᠶ᠋ᠯ ᠵᠡᠷᠭᠡ ᠪᠣᠳᠠᠲᠤ ᠬᠡᠷᠡᠭ᠌ᠯᠡᠭᠡᠨ᠎ᠦ ᠠᠭᠤᠯᠭ᠎ᠠ᠎ᠶ᠋ᠢ ᠵᠠᠳᠠᠯᠪᠠ᠃

ᠪᠣᠯᠪᠠᠰᠤᠷᠠᠯ᠎ᠳᠤ ᠣᠷᠣᠯᠴᠠᠭ᠍ᠰᠠᠳ ᠡᠴᠡ᠂ ᠬᠣᠢᠱᠢᠳᠠ ᠲᠣᠰ ᠤᠳᠠᠭ᠎ᠠ ᠰᠣᠷᠣᠭ᠍ᠰᠠᠨ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠡᠳᠦᠷ ᠲᠤᠲᠤᠮ᠎ᠤᠨ ᠠᠵᠢᠯ ᠠᠮᠢᠳᠤᠷᠠᠯ ᠳᠤᠮᠲᠠ ᠪᠠᠨ ᠠᠭᠤᠰᠭᠠᠨ ᠣᠷᠣᠭᠤᠯᠵᠤ᠂ ᠵᠡᠮᠳᠡᠭ᠌ᠴᠦᠳ᠎ᠦᠨ ᠬᠠᠤᠯᠢ ᠴᠠᠭᠠᠵᠠ᠎ᠶ᠋ᠢᠨ ᠮᠡᠳᠡᠯᠭᠡ᠎ᠶ᠋ᠢᠨ ᠤᠬᠠᠭᠤᠯᠤᠭ᠍ᠴᠢ᠂ ᠡᠷᠬᠡ ᠠᠱᠢᠭ᠎ᠤᠨ ᠪᠠᠲᠤᠯᠠᠭ᠎ᠠ᠎ᠶ᠋ᠢᠨ ᠰᠠᠢᠨ ᠦᠶ᠋ᠯᠡᠴᠢᠯᠡᠭ᠌ᠴᠢ ᠪᠣᠯᠵᠣ᠂ ᠬᠠᠤᠯᠢ ᠪᠡᠷ ᠵᠠᠰᠠᠬᠤ ᠪᠠᠲᠤᠯᠠᠭ᠎ᠠ᠎ᠶ᠋ᠢ ᠵᠡᠮᠳᠡᠭ᠌ᠴᠦᠳ᠎ᠦᠨ ᠦᠶ᠋ᠯᠡᠴᠢᠯᠡᠭᠡᠨ ᠎ᠦ ᠨᠠᠷᠢᠨ ᠵᠦᠶ᠋ᠯᠡᠰ ᠨᠢᠭᠡ ᠪᠦᠷᠢ᠎ᠳᠦ ᠨᠠᠢᠳᠠᠪᠤᠷᠢᠵᠢᠭᠤᠯᠤᠨ᠎ᠠ ᠭᠡᠵᠦ ᠢᠯᠡᠷᠬᠡᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号