ᠶᠡᠷᠦᠩᠬᠡᠢ ᠱᠦᠵᠢ ᠰᠢ ᠵᠢᠨ ᠫᠢᠩ᠂ ᠵᠥᠪ ᠠᠵᠢᠯ᠎ᠤᠨ ᠪᠦᠲᠦᠮᠵᠢ᠎ᠶᠢᠨ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠪᠣᠳᠠᠲᠠᠢ᠎ᠠᠴᠠ ᠡᠭᠦᠰᠴᠦ᠂ ᠵᠢᠮ᠎ᠡ ᠶᠣᠰᠣ᠌᠎ᠪᠠᠷ ᠠᠵᠢᠯᠯᠠᠬᠤ᠎ᠶᠢ ᠪᠠᠷᠢᠮᠲᠠᠯᠠᠵᠤ᠂ ᠤᠬᠠᠮᠰᠠᠷ᠎ᠠᠴᠠ᠎ᠪᠠᠨ ᠠᠷᠠᠳ ᠲᠦᠮᠡᠨ᠎ᠦ ᠲᠥᠯᠥᠭᠡ ᠵᠠᠰᠠᠭ ᠤᠨ ᠠᠵᠢᠯ᠎ᠤᠨ ᠪᠦᠲᠦᠮᠵᠢ ᠭᠠᠷᠭᠠᠵᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠠᠶᠠᠯᠠᠯ᠎ᠢ ᠲᠠᠭᠠᠭᠤᠯᠬᠤ ᠲᠤᠬᠳᠠᠬᠰᠠᠨ ᠴᠢᠭᠯᠡᠯ ᠪᠦᠬᠦᠢ ᠠᠵᠢᠯᠯᠠᠭ᠎ᠠ ᠮᠥᠨ᠂ ᠲᠡᠷᠡ ᠨᠢ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠣᠳᠠᠲᠠᠢ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠵᠤ᠂ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠰᠠᠢᠨ ᠡᠬᠢᠯᠡᠯᠲᠡ᠎ᠶᠢ ᠠᠬᠢᠭᠤᠯᠵᠤ᠂ ᠠᠡᠭᠬᠠᠨ᠎ᠤ ᠠᠯᠬᠤᠮ᠎ᠢ ᠠᠯᠬᠤᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ 《ᠤᠬᠠᠮᠰᠠᠷ᠎ᠠᠴᠠ᠎ᠪᠠᠨ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠵᠤ᠂ ᠦᠨᠡᠨ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ》 ᠴᠢᠬᠤᠯᠠ ᠥᠭᠦᠯᠡᠯᠲᠡ ᠨᠢ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢᠨ ᠵᠣᠷᠢᠯᠭ᠎ᠠ᠎ᠶᠢᠨ ᠣᠨᠣᠯ ᠪᠠ ᠠᠷᠭ᠎ᠠ᠎ᠶᠢᠨ ᠣᠨᠣᠯ᠎ᠢ ᠭᠦᠨᠵᠡᠭᠡᠢ ᠲᠣᠳᠣᠷᠬᠠᠢᠯᠠᠵᠠᠢ᠃ ᠭᠠᠭᠴᠠ ᠬᠦ᠌ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠎ᠶᠢ ᠪᠠᠷᠢᠮᠲᠠᠯᠠᠪᠠᠯ ᠰᠠᠶᠢ ᠦᠨᠡᠨ ᠬᠦ᠌ ᠪᠦᠲᠦᠮᠵᠢᠲᠡᠢ᠎ᠪᠡᠷ ᠠᠵᠢᠯᠯᠠᠵᠤ ᠴᠢᠳᠠᠨ᠎ᠠ; ᠭᠠᠭᠴᠠ ᠬᠦ᠌ ᠪᠣᠳᠠᠲᠠᠢ ᠠᠵᠢᠯᠯᠠᠬᠤ ᠪᠡᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠎ᠶᠢ ᠪᠠᠷᠢᠮᠲᠠᠯᠠᠪᠠᠯ ᠠᠷᠠᠳ ᠲᠦᠮᠡᠨ ᠰᠠᠶᠢ ᠦᠨᠡᠨ ᠬᠦ᠌ ᠬᠦᠷᠲᠡᠮᠵᠢ᠎ᠶᠢᠨ ᠲᠥᠷᠥᠭᠳᠡᠯ᠎ᠲᠠᠢ ᠪᠣᠯᠵᠤ ᠴᠢᠳᠠᠨ᠎ᠠ᠃
ᠲᠡᠦᠬᠡ ᠪᠠ ᠠᠷᠠᠳ ᠲᠦᠮᠡᠨ᠎ᠳᠦ ᠬᠠᠷᠢᠭᠤᠴᠠᠬᠤ ᠣᠪᠣᠷ᠎ᠢ ᠪᠠᠷᠢᠮᠲᠠᠯᠠᠵᠤ ᠲᠡᠮᠡᠴᠡᠯ᠎ᠦᠨ ᠡᠭᠦᠷᠭᠡ᠎ᠶᠢ ᠡᠭᠦᠷᠭᠡᠯᠡᠬᠦ ᠬᠡᠷᠡᠭᠳᠡᠢ
ᠲᠡᠦᠬᠡ ᠪᠠ ᠠᠷᠠᠳ ᠲᠦᠮᠡᠨ᠎ᠳᠦ ᠬᠠᠷᠢᠭᠤᠴᠠᠬᠤ ᠪᠣᠯ ᠲᠡᠦᠬᠡ᠎ᠶᠢᠨ ᠪᠣᠳᠠᠰᠴᠢ ᠦᠵᠡᠯᠲᠡ᠎ᠶᠢᠨ ᠵᠢᠯᠣᠭᠣᠳᠤᠯᠭ᠎ᠠ ᠳᠣᠣᠷ᠎ᠠ ᠪᠦᠷᠢᠯᠳᠦᠭᠰᠡᠨ ᠤᠷᠳᠤ ᠬᠤᠭᠤᠴᠠᠭᠠᠨ᠎ᠤ ᠰᠡᠳᠬᠢᠬᠦᠢ ᠮᠥᠨ᠂ ᠠᠷᠠᠳ ᠲᠦᠮᠡᠨ᠎ᠢ ᠳᠡᠭᠡᠳᠦᠯᠡᠬᠦ ᠣᠢᠯᠠᠭᠠᠭᠳᠠᠬᠤᠨ᠎ᠤ ᠵᠢᠯᠣᠭᠣᠳᠤᠯᠭ᠎ᠠ ᠳᠣᠣᠷ᠎ᠠ ᠭᠠᠷᠭᠠᠭᠰᠠᠨ ᠦᠷᠳᠡᠭ᠎ᠦᠨ ᠰᠣᠩᠭᠣᠯᠲᠠ ᠮᠥᠨ᠂ ᠵᠥᠪ ᠵᠠᠰᠠᠭ ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ᠎ᠶᠢᠨ ᠦᠨᠳᠦᠰᠦᠨ ᠱᠠᠭᠠᠷᠳᠠᠯᠭ᠎ᠠ ᠮᠥᠨ᠃ ᠶᠡᠷᠦᠩᠬᠡᠢ ᠱᠦᠵᠢ ᠰᠢ ᠵᠢᠨ ᠫᠢᠩ᠂ ᠵᠥᠪ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ᠎ᠶᠢ ᠪᠤᠢ ᠪᠣᠯᠭᠠᠵᠤ᠂ ᠰᠠᠭᠤᠷᠢ ᠲᠠᠯᠪᠢᠬᠤ᠂ ᠠᠯᠤᠰ ᠬᠡᠳᠤ᠎ᠳᠦ ᠠᠰᠢᠭ᠍ᠲᠠᠢ ᠶᠠᠪᠤᠳᠠᠯ᠎ᠢ ᠢᠯᠡᠭᠦᠬᠡᠨ ᠬᠢᠵᠦ᠂ ᠪᠣᠳᠠᠲᠠᠢ᠎ᠠᠴᠠ ᠰᠠᠯᠤᠩᠬᠢᠷᠠᠭᠰᠠᠨ ᠰᠤᠬᠣᠷ ᠪᠠᠯᠠᠢ᠎ᠪᠠᠷ ᠠᠳᠠᠯᠢᠳᠬᠠᠬᠤ᠂ ᠠᠷᠠᠳ᠎ᠢ ᠵᠦᠳᠡᠭᠡᠵᠦ ᠡᠳ᠋᠎ᠢ ᠰᠦᠢᠳᠬᠡᠬᠦ 《ᠳᠦᠷᠢ ᠲᠥᠷᠬᠦ᠎ᠶᠢᠨ ᠢᠨᠵᠧᠨᠧᠷᠢᠩ》᠂ 《ᠠᠵᠢᠯ᠎ᠤᠨ ᠪᠦᠲᠦᠮᠵᠢ᠎ᠶᠢᠨ ᠢᠨᠵᠧᠨᠧᠷᠢᠩ》 ᠵᠡᠷᠭᠡ ᠵᠢ ᠬᠢᠬᠦ ᠦᠭᠡᠢ ᠪᠠᠢᠵᠤ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠵᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠲᠡᠦᠬᠡ ᠪᠠ ᠠᠷᠠᠳ ᠲᠦᠮᠡᠨ᠎ᠳᠦ ᠬᠠᠷᠢᠭᠤᠴᠠᠬᠤ᠎ᠶᠢ ᠦᠨᠡᠨ ᠬᠦ᠌ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ 《ᠲᠡᠦᠬᠡ ᠪᠠ ᠠᠷᠠᠳ ᠲᠦᠮᠡᠨ᠎ᠳᠦ ᠬᠠᠷᠢᠭᠤᠴᠠᠬᠤ》᠎ᠳ᠋ᠤ᠌ ᠠᠪᠤᠨ ᠳᠣᠣᠷ᠎ᠠ᠎ᠪᠠᠨ ᠠᠰᠢᠭ᠋ ᠣᠯᠬᠤ᠎ᠶᠢ ᠬᠥᠭᠡᠭᠡᠴᠡᠯᠳᠦᠬᠦ ᠣᠬᠣᠷ ᠬᠠᠷᠠᠴᠠ᠎ᠲᠤ ᠦᠢᠯᠡ ᠠᠵᠢᠯᠯᠠᠭ᠎ᠠ᠎ᠪᠠᠨ ᠲᠠᠶᠠᠭᠳᠠᠵᠤ᠂ ᠠᠷᠠᠳ ᠲᠦᠮᠡᠨ᠎ᠦ ᠵᠣᠭᠰᠣᠯᠲᠠ᠎ᠠᠴᠠ ᠡᠭᠦᠰᠦᠨ᠂ ᠪᠦᠬᠦ ᠰᠡᠳᠬᠢᠯ ᠪᠦᠬᠦ ᠵᠣᠷᠢᠭ᠋᠎ᠢᠶᠠᠷ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠶᠢ ᠪᠠᠷᠢᠮᠲᠠᠯᠠᠵᠤ᠂ ᠤᠯᠠᠨ ᠲᠦᠮᠡᠨ᠎ᠦ ᠪᠠᠴᠢᠮ᠂ ᠬᠦᠴᠢᠷ᠂ ᠵᠣᠪᠠᠨᠢᠯ᠂ ᠬᠦᠰᠡᠯ ᠡᠷᠡᠮᠡᠯᠵᠡᠯ᠎ᠢ ᠠᠵᠢᠯ᠎ᠤᠨ᠎ᠢᠶᠠᠨ ᠡᠭᠦᠰᠦᠯᠲᠡ ᠪᠠ ᠦᠷ᠎ᠡ ᠳ᠋ᠦᠩ ᠪᠣᠯᠭᠠᠵᠤ᠂ ᠦᠨᠡᠨ ᠪᠣᠳᠠᠲᠠᠢ ᠠᠵᠢᠯᠯᠠᠭ᠎ᠠ᠎ᠪᠠᠷ᠎ᠢᠶᠠᠨ ᠤᠯᠠᠨ ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤᠯᠲᠠ ᠥᠭᠬᠦ ᠬᠡᠷᠡᠭᠲᠡᠢ᠃
ᠠᠵᠢᠯ ᠬᠢᠵᠦ ᠦᠢᠯᠡᠰ ᠪᠣᠰᠬᠠᠬᠤ᠎ᠳᠤ ᠲᠡᠦᠬᠡ ᠪᠠ ᠠᠷᠠᠳ ᠲᠦᠮᠡᠨ᠎ᠳᠦ ᠬᠠᠷᠢᠭᠤᠴᠠᠬᠤ ᠣᠪᠣᠷ᠎ᠢ ᠪᠠᠷᠢᠮᠲᠠᠯᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠵᠤ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠪᠣᠳᠠᠲᠤ ᠪᠠᠢᠳᠠᠯ᠎ᠳᠤ ᠨᠡᠢᠴᠡᠭᠰᠡᠨ ᠬᠥᠭᠵᠢᠯᠲᠡ᠎ᠶᠢᠨ ᠵᠠᠮ᠎ᠢᠶᠠᠷ ᠵᠠᠮᠨᠠᠬᠤ ᠬᠡᠷᠡᠭᠲᠡᠢ᠃ ᠰᠢ ᠵᠢᠨ ᠫᠢᠩ ᠨᠥᠬᠥᠷ ᠵᠸᠨᠭ᠌ᠳᠢᠩ ᠳ᠋ᠤ᠌ ᠠᠵᠢᠯᠯᠠᠵᠤ ᠪᠠᠢᠬᠤ᠎ᠳᠠᠭᠠᠨ᠂ ᠵᠸᠨᠭ᠌ᠳᠢᠩᠤᠨ ᠲᠠᠷᠢᠶᠠᠯᠠᠩ ᠦᠢᠯᠡᠳᠪᠦᠷᠢᠯᠡᠯ ᠪᠠ ᠲᠠᠲᠠᠪᠤᠷᠢᠯᠠᠨ ᠬᠤᠳᠠᠯᠳᠤᠵᠤ ᠠᠪᠬᠤ ᠭᠦᠢᠴᠡᠳᠬᠡᠯ ᠲᠣᠭ᠎ᠠ᠎ᠶᠢᠨ ᠪᠣᠳᠠᠲᠤ ᠪᠠᠢᠳᠠᠯ᠎ᠢ ᠦᠨᠡᠨ ᠮᠥᠨ᠎ᠢᠶᠡᠷ ᠵᠠᠳᠠᠯᠤᠨ ᠰᠢᠨᠵᠢᠯᠡᠵᠦ᠂ ᠠᠮᠤ ᠪᠤᠳᠠᠭ᠎ᠠ ᠲᠠᠲᠠᠪᠤᠷᠢᠯᠠᠨ ᠬᠤᠳᠠᠯᠳᠤᠵᠤ ᠠᠪᠬᠤ ᠡᠭᠦᠷᠭᠡ᠎ᠶᠢ ᠬᠢᠨᠠᠨ ᠬᠠᠰᠤᠭᠰᠠᠨ᠎ᠤ ᠬᠠᠮᠲᠤ ᠵᠸᠨᠭ᠌ᠳᠢᠩᠤᠨ ᠭᠠᠵᠠᠷ ᠵᠦᠢ᠎ᠶᠢᠨ ᠣᠷᠣᠨ ᠪᠠᠢᠷᠢ ᠪᠠ ᠵᠠᠰᠠᠭ ᠵᠠᠬᠢᠷᠭᠠᠨ᠎ᠤ ᠪᠠᠢᠭᠤᠯᠤᠯ᠎ᠢ ᠦᠨᠳᠦᠰᠦᠯᠡᠨ᠂ 《ᠬᠠᠭᠠᠰ ᠬᠤᠳᠠ᠎ᠶᠢᠨ ᠲᠡᠬᠦᠷᠭᠡ᠎ᠶᠢᠨ ᠬᠡᠯᠪᠡᠷᠢ》ᠵᠢᠨ ᠠᠵᠤ ᠠᠬᠤᠢ᠎ᠶᠢᠨ ᠬᠥᠭᠵᠢᠯᠲᠡ᠎ᠶᠢᠨ ᠵᠥᠪ ᠵᠠᠮ᠎ᠢᠶᠠᠷ ᠵᠠᠮᠨᠠᠬᠤ᠎ᠶᠢ ᠳᠤᠷᠠᠳᠤᠨ ᠭᠠᠷᠭᠠᠭᠠᠳ᠂ ᠠᠷᠠᠳ᠎ᠤᠨ ᠠᠮᠢᠳᠤᠷᠠᠯ᠎ᠢ ᠶᠡᠬᠡ ᠬᠤᠪᠢᠷᠠᠯᠲᠠ᠎ᠲᠠᠢ ᠪᠣᠯᠭᠠᠵᠠᠢ᠃ ᠠᠵᠢᠯ ᠬᠢᠵᠦ ᠦᠢᠯᠡᠰ ᠪᠦᠲᠦᠭᠡᠬᠦ᠎ᠳᠡᠭᠡᠨ ᠣᠢᠷ᠎ᠠ᠎ᠶᠢᠨ ᠬᠤᠭᠤᠴᠠᠭᠠᠨ᠎ᠤ ᠠᠰᠢᠭ᠋ ᠣᠷᠣᠯᠭ᠎ᠠ ᠪᠠ ᠦᠢᠯᠡᠳᠦᠯ᠎ᠢ ᠪᠣᠳᠣᠯᠬᠢᠯᠠᠬᠤ᠎ᠪᠠᠷ ᠪᠠᠷᠠᠬᠤ ᠦᠭᠡᠢ ᠪᠠᠰᠠ ᠢᠷᠡᠭᠡᠳᠦᠢ᠎ᠶᠢᠨ ᠥᠪᠡᠷ᠎ᠦᠨ ᠦᠷᠳᠡᠭ ᠪᠠ ᠨᠥᠯᠥᠭᠡ᠎ᠶᠢ ᠪᠣᠳᠣᠯᠬᠢᠯᠠᠬᠤ ᠬᠡᠷᠡᠭᠲᠡᠢ; ᠠᠵᠢᠯ᠎ᠢᠶᠠᠨ ᠭᠦᠨᠵᠡᠭᠡᠢ ᠪᠥᠭᠡᠳ ᠭᠦᠢᠴᠡᠳ ᠥᠷᠨᠢᠭᠦᠯᠦᠭᠰᠡᠨ ᠡᠰᠡᠬᠦ᠎ᠶᠢ ᠪᠣᠳᠣᠯᠬᠢᠯᠠᠬᠤ ᠮᠥᠷᠲᠡᠭᠡᠨ ᠪᠠᠰᠠ ᠠᠷᠠᠳ ᠲᠦᠮᠡᠨ᠎ᠦ ᠦᠨᠡᠨ ᠪᠣᠳᠠᠲᠠᠢ ᠣᠯᠣᠯᠲᠠ᠎ᠲᠠᠢ ᠪᠠᠢᠬᠤ ᠡᠰᠡᠬᠦ᠎ᠶᠢ ᠪᠣᠳᠣᠯᠬᠢᠯᠠᠬᠤ ᠬᠡᠷᠡᠭᠲᠡᠢ᠃ ᠨᠢᠳᠦᠨ ᠡᠮᠦᠨᠡᠬᠢ ᠪᠡᠨ ᠦᠵᠡᠭᠡᠳ ᠬᠣᠢᠰᠢᠳᠠ᠎ᠶᠢᠨ ᠬᠥᠭᠵᠢᠯᠲᠡ᠎ᠶᠢ ᠨᠥᠯᠥᠭᠡᠯᠡᠵᠦ᠂ ᠡᠭᠦᠷᠭᠡ᠎ᠪᠡᠨ ᠪᠡᠶᠡᠯᠡᠭᠦᠯᠬᠦ᠎ᠶᠢ ᠯᠡ ᠪᠣᠳᠣᠯᠬᠢᠯᠠᠭᠠᠳ ᠠᠰᠠᠭᠤᠳᠠᠯ᠎ᠢ ᠦᠨᠡᠨ ᠬᠦ᠌ ᠰᠢᠢᠳᠪᠦᠷᠢᠯᠡᠭᠰᠡᠨ ᠡᠰᠡᠬᠦ᠎ᠶᠢ ᠬᠠᠢᠬᠤᠷᠬᠤ ᠦᠭᠡᠢ ᠪᠠᠢᠵᠤ ᠶᠠᠭᠠᠬᠢᠭ᠍ᠰᠠᠨ ᠴᠤ᠌ ᠪᠣᠯᠬᠤ ᠦᠭᠡᠢ᠃ ᠲᠡᠦᠬᠡ ᠪᠠ ᠠᠷᠠᠳ ᠲᠦᠮᠡᠨ᠎ᠳᠦ ᠬᠠᠷᠢᠭᠤᠴᠠᠬᠤ ᠣᠪᠣᠷ᠎ᠢ ᠪᠠᠷᠢᠮᠲᠠᠯᠠᠵᠤ᠂ 《ᠴᠠᠭ ᠢᠮᠠᠭᠲᠠ ᠰᠠᠨᠠᠭ᠎ᠠ ᠠᠮᠤᠷ ᠪᠠᠢᠵᠤ ᠴᠢᠳᠠᠬᠤ ᠦᠭᠡᠢ》 ᠬᠠᠷᠢᠭᠤᠴᠠᠯᠭᠠᠲᠤ ᠰᠡᠳᠬᠢᠯᠭᠡ᠎ᠪᠡᠷ ᠦᠨᠡᠨ ᠬᠦ᠌ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃
ᠦᠷ᠎ᠡ ᠪᠦᠲᠦᠮᠵᠢ᠎ᠶᠢ ᠦᠨᠡᠯᠡᠬᠦ᠎ᠳᠦ ᠲᠡᠦᠬᠡ ᠪᠠ ᠠᠷᠠᠳ ᠲᠦᠮᠡᠨ᠎ᠳᠦ ᠬᠠᠷᠢᠭᠤᠴᠠᠬᠤ ᠡᠭᠦᠳᠡᠨ᠎ᠡᠴᠡ ᠡᠭᠦᠰᠴᠦ᠂ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠴᠢᠳᠠᠬᠤ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠨᠡᠢᠴᠡᠬᠦ ᠵᠥᠪ ᠶᠠᠪᠤᠳᠠᠯ᠎ᠢ ᠬᠢᠬᠦ ᠬᠡᠷᠡᠭᠲᠡᠢ᠃ ᠠᠯᠢᠪᠠ ᠵᠥᠪ ᠡᠭᠦᠷᠭᠡ᠂ ᠲᠦᠷᠦ᠎ᠶᠢᠨ ᠪᠣᠳᠣᠯᠭ᠎ᠠ ᠪᠠ ᠠᠵᠢᠯ᠎ᠤᠨ ᠰᠤᠷᠲᠠᠯ ᠪᠣᠯ ᠴᠥᠮ ᠲᠤᠬᠠᠢ᠎ᠶᠢᠨ ᠴᠠᠭ᠂ ᠲᠤᠬᠠᠢ᠎ᠶᠢᠨ ᠭᠠᠵᠠᠷ᠎ᠤᠨ ᠤᠯᠠᠨ ᠲᠦᠮᠡᠨ᠎ᠦ ᠱᠠᠭᠠᠷᠳᠠᠯᠭ᠎ᠠ᠎ᠲᠠᠢ ᠨᠡᠢᠴᠡᠵᠦ᠂ ᠤᠯᠠᠨ ᠲᠦᠮᠡᠨ᠎ᠲᠠᠢ ᠬᠠᠷᠢᠯᠴᠠᠭ᠎ᠠ ᠲᠠᠢ ᠶᠤᠮ ᠭᠡᠵᠦ ᠮᠠᠤ ᠽᠧ ᠳ᠋ᠦᠩ ᠨᠥᠬᠥᠷ ᠵᠢᠭᠠᠵᠤ ᠭᠠᠷᠭᠠᠪᠠ᠃ ᠲᠡᠦᠬᠡ ᠪᠣᠯ ᠬᠠᠮᠤᠭ᠎ᠤᠨ ᠲᠥᠪ ᠭᠣᠣᠯᠴᠢ ᠬᠢᠨᠠᠭᠴᠢ ᠮᠥᠨ᠂ ᠴᠠᠭ ᠬᠤᠭᠤᠴᠠᠭ᠎ᠠ ᠵᠢᠩᠬᠢᠨᠢ ᠠᠵᠢᠯ᠎ᠤᠨ ᠪᠦᠲᠦᠮᠵᠢ᠎ᠶᠢ ᠬᠤᠷᠠᠮᠳᠤᠭᠤᠯᠳᠠᠭ; ᠠᠷᠠᠳ ᠲᠦᠮᠡᠨ ᠪᠣᠯ ᠬᠠᠮᠤᠭ ᠤᠨ ᠰᠢᠭᠤᠳ ᠦᠨᠡᠯᠡᠭᠴᠢ ᠮᠥᠨ᠂ ᠤᠯᠠᠨ ᠲᠦᠮᠡᠨ᠎ᠦ ᠲᠥᠷᠥᠭᠳᠡᠯ ᠪᠣᠯ ᠠᠵᠢᠯ᠎ᠤᠨ ᠴᠢᠬᠤᠯᠠ ᠬᠡᠮᠵᠢᠭᠦᠷ ᠮᠥᠨ᠃ ᠠᠵᠢᠯ᠎ᠤᠨ ᠦᠷ᠎ᠡ ᠪᠦᠲᠦᠮᠵᠢ᠎ᠶᠢ ᠦᠨᠡᠯᠡᠬᠦ᠎ᠳᠡᠭᠡᠨ ᠲᠣᠭ᠎ᠠ ᠪᠠᠷᠢᠮᠲᠠ᠎ᠶᠢᠨ ᠭᠦᠢᠴᠡᠳᠬᠡᠯ ᠲᠣᠭ᠎ᠠ᠎ᠶᠢᠨ ᠣᠨᠣᠪᠴᠢᠲᠠᠢ ᠬᠡᠮᠵᠢᠶᠡᠴᠢᠯᠡᠨ ᠦᠨᠡᠯᠡᠬᠦ᠎ᠳᠦ ᠲᠦᠰᠢᠭᠯᠡᠬᠦ᠎ᠪᠡᠷ ᠪᠠᠷᠠᠬᠤ ᠦᠭᠡᠢ᠂ ᠪᠠᠰᠠ ᠲᠡᠭᠦᠨ᠎ᠦ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠤᠭᠰᠠᠨ ᠡᠰᠡᠬᠦ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠦᠨᠡᠨ ᠬᠦ᠌ ᠦᠢᠯᠡᠳᠦᠯᠭᠡᠵᠢᠭᠦᠯᠦᠭᠰᠡᠨ ᠡᠰᠡᠬᠦ᠎ᠶᠢ ᠰᠢᠯᠭᠠᠨ ᠪᠠᠢᠴᠠᠭᠠᠬᠤ ᠬᠡᠷᠡᠭᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠠᠯᠢᠪᠠ ᠪᠦᠬᠦᠨ᠎ᠳᠦ ᠶᠡᠬᠡ ᠲᠠᠯ᠎ᠠ᠎ᠠᠴᠠ ᠡᠭᠦᠰᠴᠦ᠂ ᠠᠯᠢᠪᠠ ᠪᠦᠬᠦᠨ᠎ᠳᠦ ᠪᠣᠳᠠᠲᠠᠢ᠎ᠠᠴᠠ ᠡᠭᠦᠰᠴᠦ᠂ ᠠᠯᠤᠰ ᠬᠡᠳᠦ᠎ᠶᠢ ᠪᠣᠳᠣᠯᠬᠢᠯᠠᠬᠤ ᠦᠭᠡᠢ᠂ ᠰᠣᠬᠣᠷ ᠪᠠᠯᠠᠢ᠎ᠪᠠᠷ ᠠᠳᠠᠯᠢᠳᠬᠠᠵᠤ᠂ ᠨᠢᠭᠡᠯᠡ ᠴᠠᠭ᠎ᠤᠨ ᠭᠠᠪᠢᠶᠠᠳᠤ ᠰᠢᠨᠤᠬᠤ ᠦᠭᠡᠢ᠂ ᠨᠢᠭᠡᠯᠡ ᠴᠠᠭ᠎ᠤᠨ ᠨᠡᠷ᠎ᠡ᠎ᠶᠢ ᠬᠥᠭᠡᠭᠡᠴᠡᠯᠳᠦᠬᠦ ᠦᠭᠡᠢ ᠪᠠᠢᠵᠤ᠂ ᠤᠯᠠᠨ ᠲᠦᠮᠡᠨ᠎ᠦ ᠠᠰᠢᠭ᠋ ᠲᠤᠰᠠ᠎ᠶᠢ ᠢᠮᠠᠭᠲᠠ ᠲᠡᠷᠢᠭᠦᠨ ᠪᠠᠢᠷᠢᠨ᠎ᠳᠤ ᠲᠠᠯᠪᠢᠵᠤ᠂ ᠪᠣᠳᠠᠲᠠᠢ᠎ᠶᠢ ᠡᠷᠬᠢᠮᠯᠡᠬᠦ ᠰᠤᠷᠲᠠᠯ᠎ᠢᠶᠠᠷ ᠤᠯᠠᠨ ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤᠯᠲᠠ ᠥᠭᠴᠦ᠂ ᠪᠣᠳᠠᠲᠤ ᠠᠵᠢᠯᠯᠠᠭ᠎ᠠ᠎ᠪᠠᠷ᠎ᠢᠶᠠᠨ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠰᠢᠢᠳᠪᠦᠷᠢᠯᠡᠵᠦ᠂ ᠠᠵᠢᠯ ᠨᠢᠭᠡᠪᠦᠷᠢ᠎ᠶᠢ ᠴᠥᠮ ᠠᠷᠠᠳ᠎ᠤᠨ ᠰᠡᠳᠬᠢᠯ᠎ᠳᠦ ᠨᠡᠢᠴᠡᠭᠦᠯᠵᠦ᠂ ᠪᠣᠳᠠᠲᠤ ᠪᠠᠢᠳᠠᠯ᠎ᠳᠤ ᠨᠡᠢᠴᠡᠭᠦᠯᠬᠦ ᠬᠡᠷᠡᠭᠲᠡᠢ᠃
《ᠠᠮᠵᠢᠯᠲᠠ ᠠᠨ᠎ᠤ ᠭᠠᠭᠴᠠ ᠮᠢᠨᠤ ᠭᠠᠪᠢᠶ᠎ᠠ ᠪᠤᠰᠤ》 ᠭᠡᠬᠦᠰᠠᠨᠠᠭᠠ ᠠᠬᠤᠢ ᠵᠢ ᠪᠠᠷᠢᠮᠲᠠᠯᠠᠵᠤ ᠰᠢᠯᠢᠳᠡᠭ ᠬᠡᠪ ᠰᠤᠷᠲᠠᠯ᠎ᠢ ᠬᠥᠮᠥᠵᠢᠭᠦᠯᠬᠦ ᠬᠡᠷᠡᠭᠳᠡᠢ
《ᠠᠮᠵᠢᠯᠲᠠ ᠠᠨ᠎ᠤ ᠭᠠᠭᠴᠠ ᠮᠢᠨᠤ ᠭᠠᠪᠢᠶ᠎ᠠ ᠪᠤᠰᠤ》 ᠭᠡᠳᠡᠭ ᠪᠣᠯ ᠨᠠᠮ᠎ᠤᠨ ᠭᠡᠰᠢᠭᠦᠨ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠦᠢᠯᠡᠳᠦᠯᠭᠡᠵᠢᠭᠦᠯᠵᠦ᠂ ᠪᠠᠲᠤ ᠴᠢᠩᠭ᠎ᠠ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠬᠤ᠎ᠶᠢᠨ ᠳᠣᠲᠣᠭᠠᠳᠤ ᠱᠠᠭᠠᠷᠳᠠᠯᠭ᠎ᠠ ᠮᠥᠨ᠃ ᠶᠡᠷᠦᠩᠬᠡᠢ ᠱᠦᠵᠢ ᠰᠢ ᠵᠢᠨ ᠫᠢᠩ᠂ ᠺᠠᠳ᠋ᠷ ᠠᠵᠢᠯ ᠬᠢᠵᠦ ᠦᠢᠯᠡᠰ ᠪᠣᠰᠬᠠᠬᠤ᠎ᠳᠤ ᠵᠥᠪ ᠵᠠᠰᠠᠭ᠎ᠤᠨ ᠠᠵᠢᠯ᠎ᠤᠨ ᠠᠮᠵᠢᠯᠲᠠ᠎ᠶᠢᠨ ᠦᠵᠡᠯᠲᠡ᠎ᠶᠢ ᠪᠤᠢ ᠪᠣᠯᠭᠠᠵᠤ᠂ ᠠᠮᠵᠢᠯᠲᠠ ᠠᠨ᠎ᠤ ᠭᠠᠭᠴᠠ ᠮᠢᠨᠤ ᠭᠠᠪᠢᠶ᠎ᠠ ᠪᠤᠰᠤ ᠭᠡᠬᠦ ᠰᠠᠨᠠᠭ᠎ᠠ ᠠᠬᠤᠢ᠂ ᠠᠮᠵᠢᠯᠲᠠ ᠣᠯᠬᠤ᠎ᠳᠦ ᠯᠠᠪᠲᠠᠢ ᠪᠢ ᠪᠠᠢᠬᠤ ᠲᠡᠦᠬᠡᠲᠦ ᠡᠭᠦᠷᠭᠡᠯᠡᠯ᠎ᠢ ᠪᠤᠢ ᠪᠣᠯᠭᠠᠵᠤ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠯᠠᠪᠳᠠᠭᠤᠨ ᠪᠠᠲᠤᠲᠠᠢ ᠠᠵᠢᠯᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ 《ᠠᠮᠵᠢᠯᠲᠠ ᠠᠨ᠎ᠤ ᠭᠠᠭᠴᠠ ᠮᠢᠨᠤ ᠭᠠᠪᠢᠶ᠎ᠠ ᠪᠤᠰᠤ》 ᠭᠡᠳᠡᠭ ᠪᠣᠯ ᠦᠷᠳᠡᠭ᠎ᠦᠨ ᠬᠠᠨᠳᠤᠰᠢ ᠮᠥᠨ᠂ ᠲᠡᠷᠡ ᠨᠢ ᠠᠵᠢᠯ ᠬᠢᠵᠦ ᠦᠢᠯᠡᠰ ᠪᠣᠰᠬᠠᠬᠤ ᠤᠭ ᠰᠠᠨᠠᠭ᠎ᠠ ᠪᠣᠯᠣᠨ ᠪᠠᠢᠳᠠᠯ᠎ᠢ ᠢᠯᠡᠷᠡᠭᠦᠯᠵᠦ ᠪᠠᠢᠳᠠᠭ; 《ᠠᠮᠵᠢᠯᠲᠠ ᠠᠨ᠎ᠤ ᠭᠠᠭᠴᠠ ᠮᠢᠨᠤ ᠭᠠᠪᠢᠶ᠎ᠠ ᠪᠤᠰᠤ》 ᠪᠣᠯ ᠠᠵᠢᠯᠯᠠᠭᠠᠨ᠎ᠤ ᠵᠦᠭᠯᠡᠭᠦᠷ ᠮᠥᠨ᠂ ᠡᠨᠡ ᠨᠢ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ ᠰᠥᠰᠥ ᠵᠣᠷᠢᠭ᠋ ᠪᠣᠯᠣᠨ ᠡᠷᠡᠰ ᠵᠣᠷᠢᠭ᠋᠎ᠢ ᠬᠠᠷᠠᠭᠤᠯᠵᠤ ᠪᠠᠢᠳᠠᠭ᠃ ᠨᠠᠮ᠎ᠤᠨ ᠭᠡᠰᠢᠭᠦᠨ ᠺᠠᠳ᠋ᠷᠴᠤᠳ 《ᠬᠠᠮᠳᠦ ᠴᠤᠭᠴᠠ》 ᠵᠢᠨ ᠰᠡᠳᠬᠢᠯᠭᠡ᠎ᠪᠡᠷ ᠠᠵᠢᠯ ᠦᠢᠯᠡᠰ ᠬᠢᠵᠦ᠂ ᠰᠢᠯᠢᠳᠡᠭ ᠬᠡᠪ ᠰᠤᠷᠲᠠᠯ᠎ᠢᠶᠠᠷ ᠬᠥᠭᠵᠢᠯᠲᠡ᠎ᠶᠢ ᠠᠬᠢᠭᠤᠯᠬᠤ ᠬᠡᠷᠡᠭᠲᠡᠢ᠃
《ᠠᠮᠵᠢᠯᠲᠠ ᠠᠨ᠎ᠤ ᠭᠠᠭᠴᠠ ᠮᠢᠨᠤ ᠭᠠᠪᠢᠶ᠎ᠠ ᠪᠤᠰᠤ》 ᠭᠡᠬᠦ ᠰᠠᠨᠠᠭ᠎ᠠ ᠠᠬᠤᠢ ᠵᠢ ᠪᠠᠷᠢᠮᠲᠠᠯᠠᠬᠤ᠎ᠶᠢᠨ ᠭᠣᠣᠯᠳᠠᠯᠭ᠎ᠠ ᠨᠢ 《ᠦᠪᠡᠷ ᠪᠢ》 ᠪᠣᠯᠣᠨ 《ᠬᠠᠮᠳᠦ ᠴᠤᠭᠴᠠ》 ᠵᠢᠨ ᠬᠠᠷᠢᠴᠠᠭ᠎ᠠ᠂ ᠣᠳᠣᠬᠠᠨ᠎ᠤ ᠪᠠ ᠠᠯᠤᠰ ᠬᠡᠳᠦ᠎ᠶᠢᠨ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠬᠦ ᠶᠠᠪᠤᠳᠠᠯ ᠳᠦ ᠪᠤᠢ᠃ ᠠᠵᠢᠯ᠎ᠤᠨ ᠪᠠᠢᠷᠢ᠎ᠶᠢᠨ ᠲᠤᠰᠢᠶᠠᠯ᠎ᠤᠨ ᠬᠤᠭᠤᠴᠠᠭ᠎ᠠ ᠪᠣᠯ ᠬᠢᠵᠠᠭᠠᠷ᠎ᠲᠠᠢ ᠶᠤᠮ᠂ ᠨᠠᠮ ᠪᠠ ᠠᠷᠠᠳ ᠲᠦᠮᠡᠨ᠎ᠦ ᠠᠵᠢᠯ ᠦᠢᠯᠡᠰ ᠪᠣᠯ ᠤᠷᠲᠤ ᠬᠤᠭᠤᠴᠠᠭᠠᠨ᠎ᠤ ᠶᠤᠮ᠂ ᠬᠡᠷᠬᠢᠨ ᠤᠷᠲᠤ ᠬᠤᠭᠤᠴᠠᠭᠠᠨ᠎ᠤ ᠳᠤᠮᠳᠠ ᠣᠬᠣᠷ ᠬᠤᠭᠤᠴᠠᠭᠠᠨ᠎ᠤ ᠪᠠᠢᠷᠢ ᠲᠣᠭᠲᠠᠭᠠᠯᠲᠠ ᠬᠢᠬᠦ᠂ 《ᠦᠪᠡᠷ ᠪᠢ》ᠵᠢ 《ᠬᠠᠮᠳᠦ ᠴᠤᠭᠴᠠ》᠎ᠳ᠋ᠤ᠌ ᠬᠡᠷᠬᠢᠨ ᠠᠭᠤᠰᠬᠠᠬᠤ ᠨᠢ ᠨᠠᠮ᠎ᠤᠨ ᠭᠡᠰᠢᠭᠦᠨ ᠺᠠᠳ᠋ᠷᠴᠤᠳ᠎ᠤᠨ ᠥᠷᠲᠡᠭ᠎ᠦᠨ ᠬᠥᠭᠡᠭᠡᠴᠡᠯᠳᠦᠯ᠎ᠢ ᠬᠠᠷᠠᠭᠤᠯᠵᠤ ᠪᠠᠢᠳᠠᠭ᠃ 《ᠲᠤᠰᠢᠶᠠᠯ᠎ᠤᠨ ᠬᠤᠭᠤᠴᠠᠭᠠᠨ᠎ᠤ ᠰᠡᠳᠬᠢᠬᠦᠢ》ᠵᠢᠨ ᠬᠢᠵᠠᠭᠠᠷᠯᠠᠯ᠎ᠠᠴᠠ ᠭᠠᠷᠴᠤ᠂ 《ᠲᠦᠷ ᠴᠠᠭ᠎ᠤᠨ ᠠᠵᠢᠯᠴᠢᠨ》᠎ᠤ᠋ ᠰᠡᠳᠬᠢᠬᠦᠢ᠎ᠶᠢ ᠲᠠᠶᠠᠭᠳᠠᠵᠤ᠂ ᠬᠤᠪᠢ ᠬᠥᠮᠥᠨ᠎ᠦ ᠲᠥᠯᠥᠭᠡ ᠵᠠᠮ ᠳᠡᠪᠢᠰᠴᠦ ᠥᠭᠬᠦ᠂ ᠥᠩᠭᠡᠨ ᠲᠠᠯ᠎ᠠ᠎ᠶᠢᠨ ᠠᠵᠢᠯ᠎ᠤᠨ ᠪᠦᠲᠦᠮᠵᠢ ᠭᠠᠷᠭᠠᠵᠤ ᠪᠣᠯᠬᠤ ᠦᠭᠡᠢ᠂ ᠠᠵᠢᠯ᠎ᠤᠨ 《ᠦᠢᠯᠡ ᠬᠥᠳᠡᠯᠦᠯ》 ᠬᠡᠳᠦᠢ ᠶᠡᠬᠡ ᠪᠣᠯ ᠲᠡᠳᠦᠢ ᠰᠠᠢᠨ᠂ 《ᠬᠤᠪᠢ ᠬᠥᠮᠥᠨ᠎ᠦ ᠣᠨᠴᠠᠯᠢᠭ᠋》 ᠬᠡᠳᠦᠢ ᠲᠣᠪᠣᠢᠮ᠎ᠠ ᠪᠣᠯ ᠲᠡᠳᠦᠢ ᠰᠠᠢᠨ ᠭᠡᠵᠦ ᠦᠵᠡᠵᠦ ᠪᠣᠯᠬᠤ ᠦᠭᠡᠢ᠂ ᠳᠠᠷᠤᠢ᠎ᠳᠤ᠎ᠨᠢ ᠦᠷ᠎ᠡ ᠪᠦᠲᠦᠮᠵᠢ ᠭᠠᠷᠭᠠᠬᠤ᠎ᠶᠢ ᠴᠢᠬᠤᠯᠠᠴᠢᠯᠠᠬᠤ᠎ᠪᠠᠷ ᠪᠠᠷᠠᠬᠤ ᠦᠭᠡᠢ᠂ ᠰᠠᠭᠤᠷᠢ ᠲᠠᠯᠪᠢᠬᠤ᠂ ᠨᠥᠭᠡᠴᠡ ᠬᠦᠴᠦᠨ᠎ᠢᠶᠡᠨ ᠨᠡᠮᠡᠭᠳᠡᠭᠦᠯᠬᠦ᠂ ᠠᠯᠤᠰ ᠬᠡᠳᠦ᠎ᠳᠦ ᠠᠰᠢᠭ᠍ᠲᠠᠢ ᠳᠠᠯᠳᠠ ᠠᠮᠵᠢᠯᠲᠠ᠎ᠶᠢ ᠴᠤ᠌ ᠴᠢᠬᠤᠯᠠᠴᠢᠯᠠᠬᠤ ᠬᠡᠷᠡᠭᠲᠡᠢ᠃ ᠶᠡᠬᠡ ᠶᠠᠪᠤᠳᠠᠯ ᠴᠢᠬᠤᠯᠠ ᠶᠠᠪᠤᠳᠠᠯ ᠶᠡᠷᠦ ᠨᠢ ᠴᠥᠮ ᠤᠷᠳᠤ ᠬᠤᠭᠤᠴᠠᠭᠠᠨ᠎ᠤ ᠴᠢᠨᠠᠷᠲᠠᠢ ᠰᠢᠰᠲᠧᠮ᠎ᠤᠨ ᠢᠨᠵᠧᠨᠧᠷᠢᠩ ᠪᠠᠢᠵᠤ᠂ ᠶᠡᠷᠦ᠎ᠡᠴᠡ ᠨᠢᠭᠡ ᠬᠥᠮᠥᠨ᠂ ᠨᠢᠭᠡ ᠲᠤᠰᠢᠶᠠᠯ᠎ᠤᠨ ᠬᠤᠭᠤᠴᠠᠭ᠎ᠠ᠎ᠳᠤ ᠪᠡᠶᠡᠯᠡᠭᠦᠯᠴᠢᠬᠡᠬᠦ ᠶᠠᠪᠤᠳᠠᠯ ᠪᠢᠰᠢ᠂ ᠬᠠᠷᠢᠨ ᠦᠶ᠎ᠡ ᠦᠶ᠎ᠡ᠎ᠶᠢᠨ ᠬᠥᠮᠥᠰ ᠦᠷᠭᠦᠯᠵᠢᠯᠡᠨ ᠲᠡᠮᠡᠴᠡᠵᠦ᠂ ᠤᠷᠳᠤ ᠬᠤᠭᠤᠴᠠᠭ᠎ᠠ᠎ᠪᠠᠷ ᠵᠢᠳᠬᠦᠯ ᠴᠢᠷᠮᠠᠢᠯᠭ᠎ᠠ ᠭᠠᠷᠭᠠᠬᠤ ᠴᠢᠬᠤᠯᠠᠲᠠᠢ ᠶᠤᠮ᠃ ᠨᠠᠮ᠎ᠤᠨ ᠭᠡᠰᠢᠭᠦᠨ ᠺᠠᠳ᠋ᠷᠴᠤᠳ ᠢᠮᠠᠭᠲᠠ 《ᠬᠠᠮᠳᠦ ᠴᠤᠭᠴᠠ》 ᠵᠢᠨ ᠰᠡᠳᠭᠢᠯᠭᠡ ᠪᠡᠷ ᠠᠵᠢᠯ ᠦᠢᠯᠡᠰ᠎ᠢᠶᠡᠨ ᠬᠢᠵᠦ᠂ 《ᠬᠠᠮᠳᠦ ᠴᠤᠭᠴᠠ》 ᠵᠢᠨ ᠦᠢᠯᠡᠰ᠎ᠲᠦ 《ᠦᠪᠡᠷ ᠪᠢ》 ᠵᠢᠨ ᠦᠷᠳᠡᠭ᠎ᠢᠶᠡᠨ ᠵᠣᠷᠢᠭᠤᠯᠵᠤ᠂ ᠬᠤᠪᠢ ᠬᠥᠮᠥᠨ᠎ᠦ ᠬᠦᠰᠡᠯᠡᠩ ᠬᠥᠭᠡᠭᠡᠴᠡᠯᠳᠦᠯ᠎ᠢᠶᠡᠨ ᠨᠠᠮ ᠪᠣᠯᠣᠨ ᠤᠯᠤᠰ᠎ᠤᠨ ᠠᠵᠢᠯ ᠦᠢᠯᠡᠰ᠎ᠲᠦ ᠠᠭᠤᠰᠤᠯᠴᠠᠭᠤᠯᠵᠤ᠂ ᠬᠠᠷᠠᠮ ᠦᠭᠡᠢ ᠵᠣᠷᠢᠭᠤᠯᠬᠤ ᠵᠣᠷᠢᠭ᠋ ᠰᠠᠨᠠᠭ᠎ᠠ᠎ᠪᠠᠷ ᠦᠨᠡᠨ ᠪᠣᠳᠠᠲᠠᠢ ᠠᠵᠢᠯᠯᠠᠬᠤ ᠬᠠᠭᠤᠳᠠᠰᠤ᠎ᠶᠢ ᠪᠢᠴᠢᠭᠯᠡᠬᠦ ᠬᠡᠷᠡᠭᠲᠡᠢ᠃
《ᠠᠮᠵᠢᠯᠲᠠ ᠠᠨ᠎ᠤ ᠭᠠᠭᠴᠠ ᠮᠢᠨᠤ ᠭᠠᠪᠢᠶ᠎ᠠ ᠪᠤᠰᠤ》 ᠪᠠᠢᠬᠤ ᠰᠠᠨᠠᠭ᠎ᠠ ᠠᠬᠤᠢ ᠵᠢ ᠪᠠᠷᠢᠮᠲᠠᠯᠠᠵᠤ᠂ ᠲᠡᠦᠬᠡ᠎ᠶᠢᠨ ᠣᠷᠣᠨ ᠪᠠᠢᠷᠢ᠎ᠳᠠᠭᠠᠨ ᠰᠠᠭᠤᠷᠢᠯᠠᠵᠤ᠂ ᠪᠣᠳᠠᠲᠠᠢ ᠪᠠᠢᠷᠢ ᠲᠣᠭᠲᠠᠭᠠᠯᠲᠠ᠎ᠪᠠᠨ ᠣᠨᠣᠪᠴᠢᠲᠠᠢ ᠣᠯᠵᠤ ᠢᠳᠡᠪᠬᠢᠲᠡᠢ ᠠᠵᠢᠯᠯᠠᠬᠤ᠎ᠶᠢ ᠱᠠᠭᠠᠷᠳᠠᠬᠤ ᠬᠡᠷᠡᠭᠲᠠᠢ᠃ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠪᠡᠶᠡᠯᠡᠭᠦᠯᠬᠦ ᠪᠣᠯ ᠨᠢᠭᠡᠨ ᠱᠠᠲᠤ ᠱᠠᠳᠤ ᠪᠡᠷ ᠠᠬᠢᠬᠤ᠂ ᠲᠠᠰᠤᠷᠠᠯᠲᠠ ᠦᠭᠡᠢ ᠬᠥᠭᠵᠢᠨ ᠳᠠᠪᠰᠢᠬᠤ ᠲᠡᠦᠬᠡᠨ ᠶᠠᠪᠤᠴᠠ ᠮᠥᠨ᠃ ᠲᠡᠦᠬᠡᠨ ᠶᠠᠪᠤᠴᠠ᠎ᠳᠤ ᠡᠷᠡᠮᠡᠬᠡᠢᠯᠡᠨ ᠤᠷᠤᠭᠰᠢᠯᠠᠬᠰᠠᠨ᠂ ᠡᠯᠪᠡ ᠬᠤᠷᠢᠶᠠᠯᠲᠠ ᠲᠠᠢ ᠱᠠᠲᠤ ᠦᠶ᠎ᠡ ᠪᠠᠢᠬᠤ ᠪᠥᠭᠡᠳ ᠪᠠᠰᠠ ᠲᠣᠭᠲᠠᠭᠤᠨ᠎ᠢᠶᠠᠷ ᠠᠬᠢᠵᠤ᠂ ᠳᠠᠯᠳᠠ᠎ᠪᠠᠷ ᠬᠦᠭᠵᠢᠬᠦ ᠱᠠᠲᠤ ᠦᠶ᠎ᠡ ᠴᠦ᠍ ᠪᠤᠢ᠃ ᠨᠠᠮ᠎ᠤᠨ ᠭᠡᠰᠢᠭᠦᠨ ᠺᠠᠳ᠋ᠷᠴᠤᠳ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ ᠵᠠᠩᠭᠢᠯᠠᠭ᠎ᠠ᠎ᠶᠢᠨ ᠦᠶ᠎ᠡ᠎ᠳᠦ ᠡᠷᠡᠯᠬᠡᠭᠯᠡᠨ ᠤᠷᠤᠭᠰᠢᠯᠠᠬᠤ ᠬᠡᠷᠡᠭᠲᠡᠢ ᠮᠥᠷᠲᠡᠭᠡᠨ ᠪᠠᠰᠠ ᠯᠠᠪᠳᠠᠭᠤᠨ᠎ᠢᠶᠠᠷ ᠬᠥᠭᠵᠢᠭᠦᠯᠬᠦ ᠳᠤᠮᠳᠠ ᠯᠠᠪᠳᠠᠭᠤᠨ ᠪᠠᠲᠤᠲᠠᠢ᠎ᠪᠠᠷ ᠴᠢᠷᠮᠠᠢᠨ ᠠᠵᠢᠯᠯᠠᠬᠤ ᠬᠡᠷᠡᠭᠲᠡᠢ᠃ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠰᠠᠭᠤᠷᠢ᠎ᠶᠢ ᠪᠡᠬᠢᠵᠢᠭᠦᠯᠬᠦ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠴᠠᠭ ᠬᠤᠭᠤᠴᠠᠭ᠎ᠠ ᠪᠣᠯᠬᠤ ᠲᠤᠯᠠ ᠡᠭᠦᠷᠭᠡ ᠬᠠᠲᠠᠭᠤ ᠪᠡᠷᠬᠡ᠂ ᠡᠭᠦᠷᠭᠡ ᠨᠦᠰᠡᠷ ᠬᠦᠨᠳᠦ ᠶᠤᠮ᠃ ᠡᠨᠡ ᠬᠦ᠌ ᠲᠡᠦᠬᠡ᠎ᠶᠢᠨ ᠪᠠᠢᠷᠢ ᠲᠣᠭᠲᠠᠭᠠᠯᠲᠠ᠎ᠠᠴᠠ ᠡᠭᠦᠰᠴᠦ᠂ ᠳᠠᠪᠠᠭᠤᠯᠢᠭ᠋᠎ᠢᠶᠠᠨ ᠪᠡᠬᠢᠵᠢᠭᠦᠯᠦᠨ ᠥᠷᠭᠡᠳᠬᠡᠵᠦ᠂ ᠪᠣᠭᠣᠮᠢ ᠬᠢᠵᠠᠭᠠᠷᠯᠠᠯ᠎ᠢ ᠡᠪᠳᠡᠵᠦ᠂ ᠳᠤᠲᠠᠭᠤᠳᠠᠯ ᠪᠠᠭᠤᠷᠠᠢ ᠲᠠᠯ᠎ᠠ᠎ᠪᠠᠨ ᠨᠥᠬᠥᠪᠦᠷᠢᠯᠡᠵᠦ᠂ 2035 ᠣᠨ᠎ᠳᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠨᠡᠩ ᠪᠠᠲᠤ ᠪᠡᠬᠢ ᠰᠠᠭᠤᠷᠢ᠎ᠶᠢ ᠲᠠᠯᠪᠢᠵᠤ ᠥᠭᠬᠦ ᠬᠡᠷᠡᠭᠲᠡᠢ᠃ ᠲᠡᠦᠬᠡ᠎ᠶᠢᠨ ᠪᠤᠤᠬᠢᠶ᠎ᠠ᠎ᠶᠢ ᠰᠠᠢᠲᠤᠷ ᠲᠤᠰᠴᠤ᠂ ᠥᠪᠡᠷ᠎ᠦᠨ ᠡᠨᠡ ᠬᠦ᠌ ᠪᠤᠤᠬᠢᠶ᠎ᠠ ᠪᠡᠨ ᠰᠠᠢᠨ ᠬᠢᠷᠢ ᠪᠦᠲᠦᠮᠵᠢ ᠣᠯᠬᠤ᠎ᠪᠠᠷ ᠪᠠᠷᠠᠬᠤ ᠦᠭᠡᠢ᠂ ᠪᠠᠰᠠ ᠳᠠᠷᠠᠭᠠᠴᠢ᠎ᠶᠢᠨ ᠠᠵᠢᠯ᠎ᠢᠶᠠᠨ ᠲᠤᠰᠢᠶᠠᠬᠤ ᠪᠠ ᠬᠦᠯᠢᠶᠡᠨ ᠠᠪᠬᠤ᠂ ᠰᠢᠪᠲᠤᠯᠤᠯᠲᠠ ᠬᠢᠬᠦ᠎ᠳᠦ ᠠᠰᠢᠭ᠍ᠲᠠᠢ ᠨᠥᠬᠥᠴᠡᠯ᠎ᠢ ᠪᠦᠷᠢᠯᠳᠦᠭᠦᠯᠵᠦ᠂ 《ᠤᠷᠢᠳᠤᠬᠢ ᠬᠥᠮᠥᠨ ᠮᠣᠳᠣ᠌ ᠲᠠᠷᠢᠵᠤ᠂ ᠬᠣᠢᠴᠢ᠎ᠶᠢᠨ ᠬᠥᠮᠥᠨ ᠰᠡᠷᠢᠭᠦᠴᠡᠬᠦ》 ᠬᠡᠬᠦᠳᠡᠭ ᠴᠡᠭᠡᠵᠢ᠎ᠪᠡᠷ ᠰᠢᠯᠭᠠᠯᠲᠠ᠎ᠶᠢ ᠳᠠᠭᠠᠭᠠᠵᠤ ᠳᠡᠶ᠋ᠢᠯᠬᠦ ᠪᠣᠳᠠᠲᠤ ᠠᠮᠵᠢᠯᠲᠠ᠎ᠶᠢ ᠡᠭᠦᠳᠴᠦ᠂ ᠡᠪ ᠬᠠᠮᠲᠤᠴᠤᠳ᠎ᠤᠨ ᠭᠣᠶᠠᠴᠢ ᠦᠭᠡᠢ ᠵᠠᠩ ᠴᠢᠨᠠᠷ᠎ᠢ ᠢᠯᠡᠷᠡᠭᠦᠯᠬᠦ ᠬᠡᠷᠡᠭᠲᠡᠢ᠃
《ᠨᠢᠭᠡ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠬᠤ》 ᠲᠣᠭᠲᠠᠯ ᠬᠦᠴᠦᠨ᠎ᠢ ᠪᠠᠲᠤᠯᠠᠵᠤ ᠯᠠᠪᠳᠠᠭᠤᠨ ᠪᠠᠲᠤᠲᠠᠢ ᠠᠵᠢᠯ᠎ᠤᠨ ᠠᠮᠵᠢᠯᠲᠠ᠎ᠶᠢ ᠡᠭᠦᠳᠬᠦ ᠬᠡᠷᠡᠭᠳᠡᠢ
《ᠨᠢᠭᠡ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠬᠤ》 ᠪᠣᠯ ᠪᠣᠳᠠᠲᠠᠢ ᠠᠵᠢᠯᠯᠠᠵᠤ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ ᠴᠢᠬᠤᠯᠠ ᠠᠷᠭ᠎ᠠ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ᠂ ᠨᠢᠭᠡᠨ ᠰᠠᠢᠨ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠪᠡᠶᠡᠯᠡᠭᠦᠯᠵᠦ᠂ ᠦᠨᠡᠨ ᠬᠦ᠌ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ 《ᠨᠢᠭᠡ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠬᠤ》 ᠭᠡᠳᠡᠭ ᠨᠢ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ ᠪᠠ ᠲᠦᠷᠦ᠎ᠶᠢᠨ ᠪᠣᠳᠣᠯᠭ᠎ᠠ᠎ᠶᠢᠨ ᠦᠷᠭᠦᠯᠵᠢᠯᠡᠬᠦ ᠴᠢᠨᠠᠷ᠎ᠢ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ᠂ ᠪᠣᠳᠠᠲᠤ ᠪᠠᠢᠳᠠᠯ᠎ᠳᠤ ᠨᠡᠢᠴᠡᠭᠰᠡᠨ᠂ ᠠᠷᠠᠳ ᠲᠦᠮᠡᠨ᠎ᠦ ᠬᠦᠰᠡᠯᠳᠦ ᠨᠡᠢᠴᠡᠭᠰᠡᠨ ᠵᠢᠷᠤᠭ ᠲᠥᠰᠥᠪ᠎ᠢ ᠲᠣᠭᠲᠠᠭᠠᠮᠠᠭᠴᠠ᠂ ᠡᠷᠡᠰ ᠭᠤᠢᠪᠢᠰᠢ ᠦᠭᠡᠢ ᠠᠬᠢᠭᠤᠯᠵᠤ᠂ ᠬᠡᠯᠪᠡᠢᠬᠦ ᠦᠭᠡᠢ᠂ ᠰᠤᠯᠠᠷᠠᠭᠤᠯᠬᠤ ᠦᠭᠡᠢ᠂ ᠦᠷᠭᠦᠯᠵᠢᠯᠡᠨ ᠲᠡᠮᠡᠴᠡᠵᠦ᠂ ᠠᠤᠭ᠎ᠠ ᠶᠡᠬᠡ ᠬᠠᠷᠠᠯᠲᠠ᠎ᠶᠢ ᠪᠣᠳᠠᠲᠠᠢ ᠡᠭᠦᠷᠭᠡ ᠪᠣᠯᠭᠠᠨ᠂ ᠵᠢᠷᠤᠭ ᠲᠥᠯᠥᠪᠯᠡᠭᠡ᠎ᠶᠢᠨ ᠦᠨᠳᠦᠰᠦ ᠬᠠᠳᠬᠤᠨ ᠴᠡᠴᠡᠭᠯᠡᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃
《ᠨᠢᠭᠡ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠬᠤ》 ᠶ᠋ᠢ ᠪᠠᠷᠢᠮᠲᠠᠯᠠᠬᠤ᠎ᠶᠢᠨ ᠭᠣᠣᠯᠳᠠᠯᠭ᠎ᠠ ᠨᠢ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠵᠦ᠂ ᠣᠨᠣᠪᠴᠢᠲᠠᠢ᠎ᠪᠠᠷ ᠪᠠᠢᠷᠢ ᠲᠣᠭᠲᠠᠭᠠᠯᠲᠠ ᠬᠢᠬᠦ᠎ᠳᠦ ᠪᠤᠢ᠃ ᠴᠢᠳᠠᠮᠠᠭᠠᠢ᠎ᠪᠠᠷ ᠤᠬᠠᠭᠠᠯᠠᠨ ᠲᠥᠯᠥᠪᠯᠡᠵᠦ᠂ ᠴᠢᠳᠠᠮᠠᠭᠠᠢ ᠬᠢᠵᠦ ᠴᠢᠳᠠᠮᠠᠭᠠᠢ ᠪᠦᠲᠦᠭᠡᠬᠦ ᠪᠣᠯ ᠨᠠᠮ᠎ᠤᠨ ᠢᠷᠠᠭᠤ ᠠᠯᠳᠠᠷᠲᠤ ᠤᠯᠠᠮᠵᠢᠯᠠᠯ ᠮᠥᠨ᠃ ᠨᠡᠢᠭᠡᠮ ᠵᠢᠷᠤᠮᠲᠦ ᠣᠳᠣᠬᠢᠴᠢᠯᠠᠯᠲᠠ ᠪᠦᠲᠦᠭᠡᠨ ᠪᠠᠢᠭᠤᠯᠤᠯᠲᠠ᠎ᠶᠢᠨ ᠠᠬᠢᠴᠠ ᠳᠤᠮᠳᠠ ᠤᠯᠤᠰ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠪᠡᠷ ᠶᠡᠷᠦᠩᠬᠡᠢᠯᠡᠨ ᠵᠠᠬᠢᠷᠤᠭᠤᠯᠤᠭᠰᠠᠨ᠂ ᠣᠷᠣᠨ ᠵᠠᠢ᠎ᠶᠢᠨ ᠲᠥᠯᠦᠪᠵᠢᠭᠦᠯᠭᠡ᠎ᠪᠡᠷ ᠰᠠᠭᠤᠷᠢ ᠪᠣᠯᠭᠠᠭᠰᠠᠨ᠂ ᠲᠤᠰᠬᠠᠢ ᠲᠥᠯᠦᠪᠵᠢᠭᠦᠯᠭᠡ᠂ ᠣᠷᠣᠨ ᠪᠦᠰᠡ᠎ᠶᠢᠨ ᠲᠥᠯᠦᠪᠵᠢᠭᠦᠯᠭᠡ᠎ᠪᠡᠷ ᠲᠦᠰᠢᠭ ᠪᠣᠯᠭᠠᠭᠰᠠᠨ ᠤᠯᠤᠰ᠂ ᠮᠤᠵᠢ᠂ ᠬᠣᠲᠠ ᠰᠢᠶᠠᠨ᠎ᠤ ᠡᠯ᠎ᠡ ᠱᠠᠲᠤᠨ᠎ᠤ ᠲᠥᠯᠦᠪᠵᠢᠭᠦᠯᠭᠡ᠎ᠪᠡᠷ ᠬᠠᠮᠲᠤ᠎ᠪᠠᠷ ᠪᠦᠷᠢᠯᠳᠦᠭᠰᠡᠨ᠂ ᠪᠠᠢᠷᠢ ᠲᠣᠭᠲᠠᠭᠠᠯᠲᠠ ᠨᠢ ᠣᠨᠣᠪᠴᠢᠲᠠᠢ᠂ ᠵᠠᠭᠠᠭ ᠬᠢᠵᠠᠭᠠᠷ ᠨᠢ ᠲᠣᠳᠣᠷᠬᠠᠢ᠂ ᠴᠢᠳᠠᠮᠵᠢ ᠨᠢ ᠬᠠᠷᠢᠯᠴᠠᠨ ᠨᠥᠬᠥᠪᠦᠷᠢᠯᠡᠭᠰᠡᠨ᠂ ᠨᠢᠭᠡᠳᠦᠯᠲᠡᠢ ᠵᠣᠯᠭᠠᠯᠳᠤᠭᠰᠠᠨ ᠤᠯᠤᠰ᠎ᠤᠨ ᠲᠥᠯᠦᠪᠵᠢᠭᠦᠯᠭᠡ᠎ᠶᠢᠨ ᠰᠢᠰᠲᠧᠮ᠎ᠢ ᠪᠤᠢ ᠪᠣᠯᠭᠠᠬᠤ ᠬᠡᠷᠡᠭᠲᠠᠢ᠃ ᠬᠡᠬᠦᠳᠡᠭ ᠴᠡᠭᠡᠵᠢᠨ᠎ᠳᠡᠭᠡᠨ 《ᠤᠯᠤᠰ᠎ᠤᠨ ᠶᠡᠬᠡ ᠲᠠᠯ᠎ᠠ》 ᠵᠢ ᠪᠠᠭᠲᠠᠭᠠᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠦᠨ᠎ᠢᠶᠡᠨ ᠬᠥᠭᠵᠢᠯᠲᠡ᠎ᠶᠢ ᠤᠯᠤᠰ᠎ᠤᠨ ᠪᠦᠬᠦᠯᠢ ᠴᠣᠭᠴᠠ᠎ᠶᠢᠨ ᠬᠥᠭᠵᠢᠯᠲᠡ᠎ᠶᠢᠨ ᠵᠢᠷᠤᠭ ᠲᠥᠯᠥᠪᠯᠡᠭᠡ᠎ᠳᠦ ᠣᠷᠣᠭᠤᠯᠤᠨ ᠨᠢᠭᠡᠳᠦᠯᠲᠡᠢ ᠲᠥᠯᠥᠪᠵᠢᠭᠦᠯᠵᠦ᠂ ᠠᠳᠠᠯᠢ ᠪᠤᠰᠤ ᠲᠡᠰ ᠳᠠᠪᠬᠤᠷᠭ᠎ᠠ᠂ ᠠᠳᠠᠯᠢ ᠪᠤᠰᠤ ᠲᠠᠯ᠎ᠠ᠎ᠶᠢᠨ ᠲᠥᠯᠦᠪᠵᠢᠭᠦᠯᠭᠡ ᠳᠤᠮᠳᠠ ᠪᠠᠢᠷᠢ ᠲᠣᠭᠲᠠᠭᠠᠯᠲᠠ᠎ᠪᠠᠨ ᠣᠨᠣᠪᠴᠢᠲᠠᠢ ᠣᠯᠵᠤ᠂ ᠴᠢᠭᠯᠡᠯ᠎ᠢᠶᠡᠨ ᠲᠣᠳᠣᠷᠬᠠᠢᠯᠠᠵᠤ᠂ ᠤᠯᠤᠰ᠎ᠤᠨ ᠬᠥᠭᠵᠢᠯᠲᠡ᠎ᠳᠦ ᠦᠢᠯᠡᠴᠢᠯᠡᠬᠦ ᠭᠠᠷᠳᠠᠬᠤ ᠴᠡᠭ ᠪᠣᠯᠣᠨ ᠬᠦᠴᠦᠯᠡᠬᠦ ᠴᠡᠭ᠎ᠢᠶᠡᠨ ᠣᠨᠣᠪᠴᠢᠲᠠᠢ ᠣᠯᠵᠤ᠂ ᠬᠡᠰᠡᠭ ᠲᠠᠯ᠎ᠠ᠎ᠶᠢᠨ ᠬᠥᠭᠵᠢᠯᠲᠡ ᠪᠣᠯᠣᠨ ᠪᠦᠬᠦ ᠲᠠᠯ᠎ᠠ᠎ᠶᠢᠨ ᠬᠥᠭᠵᠢᠯᠲᠡ᠎ᠶᠢᠨ ᠢᠵᠢᠯ ᠳᠠᠪᠲᠠᠮᠵᠢ᠎ᠶᠢ ᠪᠠᠲᠤᠯᠠᠬᠤ ᠬᠡᠷᠡᠭᠲᠡᠢ᠃ ᠡᠭᠦᠨ᠎ᠦ ᠬᠠᠮᠲᠤ᠂ ᠪᠠᠰᠠ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ᠂ ᠦᠨᠡᠨ᠎ᠡᠴᠡ ᠵᠥᠪ᠎ᠢ ᠡᠷᠢᠬᠦ᠎ᠶᠢ ᠪᠠᠷᠢᠮᠲᠠᠯᠠᠵᠤ᠂ ᠲᠣᠰ ᠭᠠᠵᠠᠷ ᠣᠷᠣᠨ᠎ᠤ᠎ᠪᠠᠨ ᠡᠬᠢ ᠪᠠᠶᠠᠯᠢᠭ᠋᠎ᠤᠨ ᠡᠨ᠋ᠸᠷᠭᠢ᠂ ᠬᠥᠭᠵᠢᠯᠲᠡ᠎ᠶᠢᠨ ᠰᠠᠭᠤᠷᠢ ᠪᠠ ᠣᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ᠎ᠶᠢ ᠭᠦᠢᠴᠡᠳ ᠪᠣᠳᠣᠯᠬᠢᠯᠠᠵᠤ᠂ ᠲᠡᠷᠡ ᠬᠡᠪ᠎ᠢᠶᠡᠷ ᠨᠢ ᠨᠡᠭᠦᠯᠭᠡᠨ ᠬᠡᠷᠡᠭᠯᠡᠬᠦ ᠦᠭᠡᠢ᠂ ᠰᠣᠬᠣᠷ ᠪᠠᠯᠠᠢ᠎ᠪᠠᠷ ᠳᠠᠭᠠᠵᠤ ᠪᠣᠯᠬᠤ ᠦᠭᠡᠢ᠂ ᠪᠣᠳᠠᠲᠠᠢ᠎ᠠᠴᠠ ᠰᠠᠯᠤᠩᠬᠢᠷᠠᠭᠰᠠᠨ᠂ ᠨᠠᠢᠳᠠᠪᠤᠷᠢᠵᠢᠭᠤᠯᠬᠤ᠎ᠳᠤ ᠪᠡᠷᠬᠡ ᠠᠰᠠᠭᠤᠳᠠᠯ ᠭᠠᠷᠬᠤ᠎ᠠᠴᠠ ᠵᠠᠢᠯᠠᠰᠬᠢᠬᠦ ᠬᠡᠷᠡᠭᠲᠡᠢ᠃
《ᠨᠢᠭᠡ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠬᠤ》 ᠶ᠋ᠢ ᠪᠠᠷᠢᠮᠲᠠᠯᠠᠬᠤ᠎ᠶᠢᠨ ᠵᠠᠩᠭᠢᠯᠠᠭ᠎ᠠ ᠨᠢ ᠦᠷᠭᠦᠯᠵᠢᠯᠡᠨ ᠲᠡᠮᠡᠴᠡᠵᠦ᠂ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠬᠤ᠎ᠳᠤ ᠪᠤᠢ᠃ ᠪᠤᠲᠠᠲᠠᠢ ᠠᠵᠢᠯᠯᠠᠪᠠᠯ ᠤᠯᠤᠰ ᠣᠷᠣᠨ ᠮᠠᠨᠳᠤᠵᠤ᠂ ᠬᠣᠭᠣᠰᠤᠨ ᠶᠠᠷᠢᠭᠠᠳ ᠰᠠᠭᠤᠪᠠᠯ ᠲᠦᠷᠦ ᠬᠦᠷᠦᠠ ᠮᠥᠬᠥᠨ᠎ᠡ᠃ ᠵᠠᠰᠠᠭ᠎ᠤᠨ ᠠᠵᠢᠯ᠎ᠤᠨ ᠪᠦᠲᠦᠮᠵᠢ᠎ᠨᠢ ᠬᠡᠢ ᠬᠣᠭᠣᠰᠤᠨ᠎ᠢᠶᠠᠷ ᠪᠤᠢ ᠪᠣᠯᠳᠠᠭ ᠪᠢᠰᠢ᠂ ᠨᠡᠩ ᠴᠤ᠌ ᠤᠷᠢᠶ᠎ᠠ ᠬᠠᠰᠬᠢᠷᠤᠭᠠᠳ ᠪᠤᠢ ᠪᠤᠯᠳᠠᠭ ᠪᠢᠰᠢ᠂ ᠬᠠᠷᠢᠨ ᠯᠠᠪᠳᠠᠭᠤᠨ ᠪᠠᠲᠤᠲᠠᠢ ᠠᠵᠢᠯᠯᠠᠵᠤ ᠪᠠᠢᠭᠠᠳ ᠪᠤᠢ ᠪᠣᠯᠭᠠᠳᠠᠭ ᠶᠤᠮ᠃ ᠪᠣᠳᠠᠲᠠᠢ ᠠᠵᠢᠯᠯᠠᠬᠤ ᠪᠣᠯ ᠵᠢᠷᠤᠭ ᠲᠥᠯᠥᠪᠯᠡᠭᠡ ᠪᠠ ᠠᠵᠢᠯ᠎ᠤᠨ ᠪᠦᠲᠦᠮᠵᠢ᠎ᠶᠢ ᠬᠣᠯᠪᠣᠬᠤ ᠬᠥᠭᠥᠷᠭᠡ ᠮᠥᠨ᠃ ᠵᠢᠷᠤᠭ ᠲᠥᠯᠥᠪᠯᠡᠭᠡ ᠬᠡᠳᠦᠢ ᠰᠠᠢᠨ ᠪᠠᠢᠯ᠎ᠠ ᠴᠤ᠌᠂ ᠨᠠᠢᠳᠠᠪᠤᠷᠢᠵᠢᠭᠤᠯᠬᠤ ᠦᠭᠡᠢ ᠪᠣᠯ ᠬᠣᠭᠣᠰᠤᠨ ᠦᠭᠡ ᠪᠣᠯᠣᠨ᠎ᠠ; ᠬᠠᠷᠠᠯᠲᠠ ᠬᠡᠳᠦᠢ ᠬᠤᠯᠠ ᠪᠠᠢᠭᠰᠠᠨ ᠴᠤ᠌ ᠪᠣᠳᠠᠲᠠᠢ ᠠᠵᠢᠯᠯᠠᠬᠤ ᠦᠭᠡᠢ ᠪᠣᠯ ᠪᠡᠶᠡᠯᠡᠭᠳᠡᠵᠦ ᠴᠢᠳᠠᠬᠤ ᠦᠭᠡᠢ ᠶᠤᠮ᠃ ᠰᠢᠨᠵᠢᠯᠡᠬᠦ ᠤᠬᠠᠭᠠᠨᠴᠢ ᠵᠢᠷᠤᠭ ᠲᠥᠰᠥᠪ᠎ᠢ ᠲᠣᠭᠲᠠᠭᠠᠮᠠᠭᠴᠠ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷᠲᠠᠢ ᠪᠣᠯᠣᠨ᠎ᠠ᠂ ᠡᠷᠬᠡᠪᠰᠢ ᠬᠤᠭᠤᠴᠠᠭ᠎ᠠ ᠰᠣᠯᠢᠬᠤ ᠰᠡᠳᠬᠢᠴᠡ᠂ ᠬᠥᠮᠥᠨ ᠰᠣᠯᠢᠬᠤ ᠲᠥᠰᠥᠪ᠎ᠢᠶᠡᠨ ᠰᠣᠯᠢᠬᠤ ᠪᠤᠷᠤᠭᠤ ᠬᠡᠯᠪᠡᠷᠢᠯ᠎ᠢ ᠡᠷᠡᠰ ᠲᠠᠶᠠᠭᠳᠠᠵᠤ ᠬᠡᠷᠡᠭᠳᠡᠢ᠂ ᠶᠠᠮᠠᠷ ᠰᠠᠢᠨ ᠵᠢᠷᠤᠭ ᠲᠥᠰᠥᠪ ᠪᠠᠢᠯ᠎ᠠ ᠭᠡᠳ ᠳᠠᠬᠢᠨ ᠳᠠᠪᠲᠠᠨ ᠳᠡᠩᠰᠡᠯᠭᠡᠬᠦ᠎ᠶᠢ ᠳᠠᠭᠠᠭᠠᠬᠤ ᠦᠭᠡᠢ᠃ ᠲᠥᠯᠦᠪᠵᠢᠭᠦᠯᠭᠡ᠎ᠶᠢᠨ ᠰᠢᠨᠵᠢᠯᠡᠬᠦ ᠤᠬᠠᠭᠠᠨᠴᠢ ᠴᠢᠨᠠᠷ ᠪᠠ ᠲᠥᠪ ᠴᠢᠩᠭ᠎ᠠ ᠴᠢᠨᠠᠷ᠎ᠢ ᠢᠮᠠᠭᠲᠠ ᠪᠠᠲᠤ ᠰᠠᠬᠢᠵᠤ᠂ ᠵᠢᠷᠤᠭ ᠲᠥᠰᠥᠪ᠎ᠢ ᠪᠣᠳᠠᠲᠠᠢ ᠠᠵᠢᠯᠯᠠᠬᠤ᠂ ᠨᠢᠭ᠍ᠲᠠᠷᠠᠯ᠎ᠤᠨ ᠬᠦᠴᠦᠨ᠎ᠢ ᠬᠥᠲᠥᠯᠥᠨ ᠳᠠᠭᠠᠭᠤᠯᠬᠤ ᠠᠵᠢᠯᠯᠠᠭᠠᠨ᠎ᠤ ᠵᠦᠭᠯᠡᠭᠦᠷ ᠪᠣᠯᠭᠠᠬᠤ ᠬᠡᠷᠡᠭᠲᠡᠢ᠂ ᠠᠪᠤᠨ ᠳᠣᠣᠷ᠎ᠠ᠎ᠪᠠᠨ ᠠᠮᠵᠢᠯᠲᠠ ᠣᠯᠬᠤ᠎ᠪᠠᠷ ᠶᠠᠭᠠᠷᠠᠵᠤ 《ᠱᠠᠯᠪᠢᠩ ᠤᠷᠪᠠᠭᠤᠯᠬᠤ》 ᠠᠷᠭ᠎ᠠ ᠠᠪᠴᠠᠯ᠎ᠢ ᠠᠪᠴᠦ ᠪᠣᠯᠬᠤ ᠦᠭᠡᠢ᠃ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠬᠠᠵᠤ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠠᠤᠭ᠎ᠠ ᠶᠡᠬᠡ ᠵᠢᠷᠤᠭ ᠲᠥᠰᠥᠪ᠎ᠢ ᠪᠣᠳᠠᠲᠠᠢ ᠡᠭᠦᠷᠭᠡ ᠪᠣᠯᠭᠠᠨ ᠵᠠᠳᠠᠯᠵᠤ᠂ ᠪᠣᠳᠠᠲᠠᠢ ᠠᠷᠭ᠎ᠠ ᠬᠡᠮᠵᠢᠶ᠎ᠡ ᠪᠣᠯᠭᠠᠨ ᠨᠠᠷᠢᠯᠢᠭ᠍ᠵᠢᠭᠤᠯᠵᠤ᠂ ᠨᠢᠭᠡᠳ ᠨᠢᠭᠡ᠎ᠪᠡᠷ ᠠᠳᠬᠤᠬᠤ ᠬᠡᠷᠡᠭᠲᠡᠢ᠃ ᠳᠠᠷᠤᠢ ᠳᠦᠨᠢ ᠪᠦᠲᠦᠭᠡᠬᠦ᠎ᠪᠡᠷ ᠶᠠᠭᠠᠷᠠᠬᠤ ᠦᠭᠡᠢ᠂ ᠠᠪᠤᠨ ᠳᠣᠣᠷ᠎ᠠ᠎ᠪᠠᠨ ᠠᠰᠢᠭ᠋ ᠣᠯᠬᠤ᠎ᠶᠢ ᠬᠥᠭᠡᠭᠡᠴᠡᠯᠳᠦᠬᠦ ᠦᠭᠡᠢ ᠮᠥᠷᠲᠡᠭᠡᠨ ᠳᠤᠲᠠᠭᠤ ᠲᠤᠷᠭᠤᠨ ᠬᠢᠬᠦ ᠦᠭᠡᠢ᠂ ᠬᠠᠰᠢ ᠶᠠᠰᠢ᠎ᠪᠠᠷ ᠥᠩᠭᠡᠷᠡᠭᠦᠯᠬᠦ ᠦᠭᠡᠢ ᠪᠠᠢᠵᠤ᠂ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠢᠮᠠᠭᠲᠠ ᠪᠠᠲᠤᠯᠠᠵᠤ᠂ ᠦᠷᠭᠦᠯᠵᠢᠯᠡᠨ ᠲᠡᠮᠡᠴᠡᠬᠦ ᠳᠤᠮᠳᠠ ᠬᠥᠭᠵᠢᠯᠲᠡ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠠᠵᠢᠯ᠎ᠤᠨ ᠳᠤᠲᠠᠭᠤᠳᠠᠯ᠎ᠢᠶᠠᠨ ᠨᠥᠬᠥᠪᠦᠷᠢᠯᠡᠬᠦ ᠬᠡᠷᠡᠭᠲᠡᠢ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠢᠮᠠᠭᠲᠠ ᠪᠠᠲᠤ ᠰᠠᠬᠢᠵᠤ᠂ ᠨᠠᠢᠳᠠᠪᠤᠷᠢᠵᠢᠭᠤᠯᠤᠯᠲᠠ᠎ᠶᠢ ᠠᠳᠬᠤᠬᠤ ᠵᠣᠷᠢᠯᠲᠠ ᠪᠣᠯᠣᠨ ᠲᠤᠰᠤᠯᠲᠠ᠎ᠪᠠᠨ ᠠᠷᠠᠳ ᠲᠦᠮᠡᠨ᠎ᠳᠦ ᠵᠣᠯ ᠵᠢᠷᠭᠠᠯ ᠣᠯᠭᠣᠬᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠳᠡᠭᠡᠷ᠎ᠡ ᠲᠠᠯᠪᠢᠵᠤ᠂ ᠢᠮᠠᠭᠲᠠ ᠲᠤᠭᠤᠰᠢᠯᠠᠭᠤᠯᠬᠤ ᠪᠣᠳᠠᠲᠠᠢ ᠠᠵᠢᠯᠯᠠᠭ᠎ᠠ᠎ᠪᠠᠷ ᠰᠢᠨᠵᠢᠯᠡᠬᠦ ᠤᠬᠠᠭᠠᠨᠴᠢ ᠲᠥᠯᠦᠪᠵᠢᠭᠦᠯᠭᠡ᠎ᠶᠢ ᠦᠨᠡᠨ ᠪᠣᠳᠠᠲᠠᠢ ᠬᠥᠭᠵᠢᠯᠲᠡ᠎ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶᠢ ᠠᠬᠢᠭᠤᠯᠬᠤ ᠬᠡᠷᠡᠭᠲᠡᠢ᠃
【ᠵᠣᠬᠢᠶᠠᠭ᠍ᠴᠢ ᠵᠢᠨ ᠬᠠᠶᠢᠭ᠄ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠰᠤᠳᠤᠯᠭᠠᠨ᠎ᠤ ᠲᠥᠪ 】