ᠲᠣᠭᠠᠴᠢᠯᠠᠭᠰᠠᠨ ᠮᠡᠷᠭᠡᠵᠢᠯ᠎ᠤᠨ ᠤᠯᠠᠮᠵᠢᠯᠠᠯᠲᠤ ᠰᠢᠯᠢᠳᠡᠭ ᠰᠣᠶᠣᠯ᠎ᠢ ᠤᠯᠠᠷᠢᠭᠤᠯᠤᠨ ᠬᠥᠭᠵᠢᠬᠦᠯᠬᠦ᠎ᠳᠤ ᠦᠵᠡᠭᠦᠯᠬᠦ ᠴᠢᠬᠤᠯᠠ ᠴᠢᠨᠠᠷ
ᠲᠤᠮᠳᠠᠳᠤ ᠵᠢᠨ ᠤᠯᠠᠮᠵᠢᠯᠠᠯᠲᠤ ᠰᠢᠯᠢᠳᠡᠭ ᠰᠣᠶᠣᠯ᠎ᠢ ᠪᠦᠳᠦᠭᠡᠯᠴᠢ ᠴᠢᠨᠠᠷᠳᠠᠢ ᠪᠠᠷ ᠤᠯᠠᠷᠢᠭᠤᠯᠬᠤ ᠪᠠ ᠪᠦᠳᠦᠭᠡᠯᠴᠢ ᠴᠢᠨᠠᠷᠳᠠᠢ ᠪᠠᠷ ᠭᠦᠭᠵᠢᠬᠦᠯᠬᠦ᠎ᠳᠤ ᠲᠣᠭᠠᠴᠢᠯᠠᠭᠰᠠᠨ ᠮᠡᠷᠭᠡᠵᠢᠯ ᠣᠷᠣᠯᠠᠭᠤᠯᠵᠤ ᠪᠣᠯᠣᠰᠢ ᠦᠭᠡᠢ ᠴᠢᠬᠤᠯᠠ ᠦᠢᠯᠡᠳᠦᠯ ᠦᠵᠡᠭᠦᠯᠵᠦ ᠪᠠᠢᠳᠠᠭ᠃ ᠰᠣᠶᠣᠯ᠎ᠤᠨ ᠥᠪ᠎ᠦᠨ ᠬᠠᠮᠠᠭᠠᠯᠠᠯᠲᠠ ᠵᠢᠨ ᠲᠠᠯ᠎ᠠ ᠡᠴᠡ ᠦᠵᠡᠪᠡᠯ᠂ ᠲᠣᠭᠠᠴᠢᠯᠠᠭᠰᠠᠨ ᠮᠡᠷᠭᠡᠵᠢᠯ᠎ᠤᠨ ᠭᠤᠷᠪᠠᠨ ᠬᠡᠮᠵᠢᠯᠲᠦ ᠰᠢᠷᠪᠢᠯᠲᠡ᠂ ᠳᠦᠷᠰᠦ ᠰᠢᠩᠭᠡᠭᠡᠯᠲᠡ ᠬᠢᠬᠦ ᠪᠠᠷ ᠲᠠᠮᠵᠢᠨ ᠰᠤᠶᠤᠯ᠎ᠤᠨ ᠦᠪ᠎ᠤᠨ 《ᠥᠨᠢᠳᠡ ᠬᠠᠳᠠᠭᠠᠯᠠᠭᠳᠠᠬᠤ》 ᠶ᠋ᠢ ᠪᠡᠶᠡᠯᠡᠭᠦᠯᠵᠦ᠂ ᠰᠣᠶᠣᠯ᠎ᠤᠨ ᠡᠬᠢ ᠰᠤᠷᠪᠤᠯᠵᠢ ᠵᠢᠨ ᠤᠯᠠᠮᠵᠢᠯᠠᠭᠳᠠᠨ ᠳᠡᠯᠭᠡᠷᠡᠬᠦ᠎ᠳᠤ ᠪᠠᠲᠤ ᠰᠠᠭᠤᠷᠢ ᠲᠠᠯᠪᠢᠵᠦ ᠪᠤᠢ᠃ ᠳᠠᠮᠵᠢᠭᠤᠯᠭ᠎ᠠ᠎ᠶᠢᠨ ᠳᠠᠪᠬᠤᠷᠭ᠎ᠠ᠎ᠡᠴᠡ ᠦᠵᠡᠪᠡᠯ᠂ ᠲᠣᠭᠠᠴᠢᠯᠠᠭᠰᠠᠨ ᠮᠡᠷᠭᠡᠵᠢᠯ ᠣᠷᠣᠨ ᠪᠦᠰᠡ᠎ᠶᠢᠨ ᠬᠢᠵᠠᠭᠠᠷᠯᠠᠯ᠎ᠢ ᠡᠪᠳᠡᠵᠦ᠂ ᠲᠣᠭᠠᠴᠢᠯᠠᠭᠰᠠᠨ ᠦᠵᠡᠭᠦᠯᠭᠡ᠎ᠶᠢᠨ ᠣᠷᠳᠣᠨ᠂ VR ᠬᠣᠷᠰᠢᠯᠴᠠᠬᠤ ᠵᠡᠷᠭᠡ ᠬᠡᠯᠪᠡᠷᠢ᠎ᠶᠢ ᠠᠰᠢᠭ᠍ᠯᠠᠨ ᠤᠯᠠᠮᠵᠢᠯᠠᠯᠲᠤ ᠰᠢᠯᠢᠳᠡᠭ ᠰᠣᠶᠣᠯ᠎ᠢ ᠥᠪᠥᠷ ᠮᠣᠩᠭᠣᠯ᠎ᠡᠴᠡ ᠪᠥᠬᠥ ᠤᠯᠤᠰ᠎ᠤᠨ ᠬᠡᠪᠴᠢᠶᠡᠨ᠎ᠳᠦ ᠤᠯᠠᠮᠵᠢᠯᠠᠨ ᠳᠡᠯᠭᠡᠷᠡᠭᠦᠯᠵᠦ᠂ ᠬᠦᠯᠢᠶᠡᠨ ᠠᠪᠤᠭ᠍ᠴᠢᠳᠢ ᠶᠡᠬᠡᠪᠡᠷ ᠥᠷᠭᠡᠳᠬᠡᠵᠦ᠂ ᠰᠣᠶᠣᠯ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠵᠦ ᠪᠠᠢᠨ᠎ᠠ᠃ ᠠᠵᠤ ᠦᠢᠯᠡᠰ᠎ᠦᠨ ᠬᠥᠭᠵᠢᠯᠲᠡ᠎ᠶᠢᠨ ᠲᠠᠯ᠎ᠠ ᠡᠴᠡ ᠦᠵᠡᠪᠡᠯ᠂ ᠲᠣᠭᠠᠴᠢᠯᠠᠭᠰᠠᠨ ᠮᠡᠷᠭᠡᠵᠢᠯ᠎ᠢᠶᠡᠷ ᠰᠣᠶᠣᠯ᠎ᠤᠨ ᠡᠬᠢ ᠪᠠᠶᠠᠯᠢᠭ᠋᠎ᠤᠨ IP ᠵᠢᠨ ᠨᠡᠭᠡᠭᠡᠨ ᠬᠥᠭᠵᠢᠭᠦᠯᠦᠯᠲᠡ᠎ᠶᠢ ᠠᠬᠢᠭᠤᠯᠵᠤ᠂ ᠲᠣᠭᠠᠴᠢᠯᠠᠭᠰᠠᠨ ᠰᠣᠶᠣᠯ᠎ᠤᠨ ᠡᠭᠦᠳᠦᠯᠲᠡ᠂ ᠣᠶᠤᠨᠲᠤ ᠰᠣᠶᠣᠯ᠎ᠤᠨ ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ ᠪᠤᠢ ᠪᠣᠯᠭᠠᠵᠤ᠂ ᠤᠯᠠᠮᠵᠢᠯᠠᠯᠲᠤ ᠠᠵᠤ ᠦᠢᠯᠡᠰ᠎ᠦᠨ ᠨᠡᠮᠡᠯᠲᠡ ᠦᠷᠳᠡᠭ ᠳᠣᠣᠷ᠎ᠠ ᠪᠠᠢᠭ᠎ᠠ ᠠᠰᠠᠭᠤᠳᠠᠯ᠎ᠢ ᠰᠢᠢᠳᠪᠦᠷᠢᠯᠡᠵᠦ᠂ ᠭᠠᠵᠠᠷ ᠣᠷᠣᠨ᠎ᠤ ᠠᠵᠤ ᠠᠬᠤᠢ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ ᠪᠤᠢ᠃ ᠨᠡᠩ ᠴᠢᠬᠤᠯᠠ ᠨᠢ ᠲᠣᠭᠠᠴᠢᠯᠠᠭᠰᠠᠨ ᠬᠦᠦᠷᠨᠢᠯ᠎ᠢᠶᠡᠷ ᠳᠠᠮᠵᠢᠨ ᠥᠪᠥᠷ ᠮᠣᠩᠭᠣᠯ᠎ᠤᠨ ᠤᠯᠠᠨ ᠦᠨᠳᠦᠰᠦᠲᠡᠨ᠎ᠦ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠤᠨ ᠲᠡᠦᠬᠡ᠎ᠶᠢ ᠢᠯᠡᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠳᠤ ᠴᠢᠬᠤᠯᠠ ᠦᠢᠯᠡᠳᠦᠯ ᠪᠠᠳᠠᠷᠠᠭᠤᠯᠵᠤ ᠪᠣᠯᠣᠨ᠎ᠠ᠃
ᠤᠯᠠᠮᠵᠢᠯᠠᠯᠲᠤ ᠰᠢᠯᠢᠳᠡᠭ ᠰᠣᠶᠣᠯ᠎ᠢ ᠪᠦᠳᠦᠭᠡᠯᠴᠢ ᠪᠠᠷ ᠤᠯᠠᠷᠢᠭᠤᠯᠤᠨ ᠬᠥᠭᠵᠢᠭᠦᠯᠬᠦ᠎ᠳᠤ ᠲᠤᠯᠭᠠᠷᠠᠵᠤ ᠪᠠᠢᠭ᠎ᠠ ᠲᠣᠭᠠᠴᠢᠯᠠᠭᠰᠠᠨ ᠮᠡᠷᠭᠡᠵᠢᠯ᠎ᠤᠨ ᠲᠠᠯ᠎ᠠ ᠵᠢᠨᠠᠰᠠᠭᠤᠳᠠᠯ
ᠨᠢᠭᠡ᠂ ᠰᠣᠶᠣᠯ᠎ᠤᠨ ᠷᠢᠳᠢ ᠰᠢᠳᠢ᠎ᠶᠢ ᠭᠦᠢᠴᠡᠳ ᠢᠯᠡᠷᠡᠭᠦᠯᠬᠦᠶᠡ ᠪᠡᠷᠬᠡ
ᠢᠯᠡᠷᠡᠭᠦᠯᠬᠦ ᠬᠡᠯᠪᠡᠷᠢ᠎ᠡᠴᠡ ᠦᠵᠡᠪᠡᠯ᠂ ᠰᠣᠶᠣᠯ᠎ᠤᠨ ᠲᠤᠭᠠᠴᠢᠯᠠᠯᠲᠠ ᠵᠢᠨ ᠳᠡᠯᠭᠡᠨ ᠦᠵᠡᠭᠦᠯᠬᠦ ᠠᠷᠭ᠎ᠠ ᠪᠠᠷᠢᠯ ᠨᠢ ᠬᠠᠷᠢᠴᠠᠩᠭᠤᠢ ᠲᠠᠩ ᠴᠤᠯᠭᠤᠢ ᠪᠠᠢᠨ᠎ᠠ᠃ ᠮᠠᠰᠢ ᠤᠯᠠᠨ ᠲᠣᠭᠠᠴᠢᠯᠠᠭᠰᠠᠨ ᠲᠦᠷᠦᠯ ᠵᠦᠢᠯ ᠨᠢ ᠵᠥᠪᠬᠡᠨ ᠳᠥᠭᠥᠮᠬᠡᠨ ᠦᠰᠦᠭ ᠪᠢᠴᠢᠭ᠂ ᠭᠡᠷᠡᠯ ᠵᠢᠷᠤᠭ᠎ᠤᠨ ᠦᠵᠡᠭᠦᠯᠭᠡ ᠪᠤᠶᠤ ᠸᠢᠳᠢᠤ᠋᠎ᠶᠢᠨ ᠨᠡᠪᠲᠡᠷᠡᠭᠦᠯᠭᠡ᠎ᠶᠢᠨ ᠳᠠᠪᠬᠤᠷᠭ᠎ᠠ᠎ᠳᠤ ᠵᠣᠭᠰᠣᠩᠭᠢᠷᠠᠵᠤ᠂ ᠰᠢᠨ᠎ᠡ᠎ᠶᠢ ᠡᠭᠦᠳᠬᠦ ᠴᠢᠨᠠᠷ ᠪᠠ ᠬᠠᠷᠢᠯᠴᠠᠨ ᠦᠢᠯᠡᠳᠦᠯᠴᠡᠬᠦ ᠴᠢᠨᠠᠷ᠎ᠢᠶᠠᠷ ᠳᠤᠲᠠᠮᠠᠭ ᠪᠠᠢᠨ᠎ᠠ᠃ ᠲᠧᠭᠨᠢᠭ ᠮᠡᠷᠭᠡᠵᠢᠯ᠎ᠦᠨ ᠰᠢᠨᠡᠴᠢᠯᠡᠯᠲᠡ ᠪᠠᠰᠠ ᠨᠢᠭᠡᠨ ᠲᠣᠪᠣᠢᠮ᠎ᠠ ᠠᠰᠠᠭᠤᠳᠠᠯ ᠪᠤᠯᠵᠤ ᠪᠠᠢᠨ᠎ᠠ᠃ ᠤᠯᠠᠮᠵᠢᠯᠠᠯᠲᠤ ᠰᠢᠯᠢᠳᠡᠭ ᠰᠣᠶᠣᠯ᠎ᠤᠨ ᠲᠣᠭᠠᠴᠢᠯᠠᠯᠲᠠ᠎ᠶᠢᠨ ᠪᠠᠢᠭᠤᠯᠤᠯᠲᠠ ᠨᠢ ᠲᠣᠭᠠᠴᠢᠯᠠᠬᠰᠠᠨ ᠮᠡᠷᠭᠡᠵᠢᠯ᠎ᠦᠨ ᠲᠦᠷᠭᠡᠨ ᠬᠥᠭᠵᠢᠯᠲᠡ᠎ᠶᠢᠨ ᠠᠯᠬᠤᠴᠠ᠎ᠶᠢ ᠴᠠᠭ ᠲᠤᠬᠠᠢ ᠳ᠋ᠤᠨᠢ ᠳᠠᠭᠠᠵᠤ ᠠᠮᠵᠢᠬᠤ ᠦᠭᠡᠢ ᠂ ᠰᠢᠨ᠎ᠡ ᠮᠡᠷᠭᠡᠵᠢᠯ᠎ᠦᠨ ᠳᠠᠪᠠᠭᠤᠯᠢᠭ᠋᠎ᠢ ᠭᠦᠢᠴᠡᠳ ᠠᠰᠢᠭ᠍ᠯᠠᠬᠤ ᠪᠠᠷ ᠳᠤᠲᠠᠮᠠᠭ ᠪᠠᠢᠨ᠎ᠠ᠃ ᠥᠨᠥᠳᠥᠷ VR᠂ AR ᠵᠢᠴᠢAI ᠮᠡᠷᠭᠡᠵᠢᠯ ᠵᠡᠷᠭᠡ᠎ᠶᠢ ᠥᠷᠭᠡᠨ ᠬᠡᠷᠡᠭᠯᠡᠵᠦ ᠪᠠᠢᠭ᠎ᠠ ᠪᠤᠯᠪᠠᠴᠤ ᠲᠣᠭᠠᠴᠢᠯᠠᠭᠰᠠᠨ ᠮᠡᠷᠭᠡᠵᠢᠯ᠎ᠢ ᠤᠯᠠᠮᠵᠢᠯᠠᠯᠲᠤ ᠰᠢᠯᠢᠳᠡᠭ ᠰᠣᠶᠣᠯ᠎ᠤᠨ ᠤᠯᠠᠷᠢᠭᠤᠯᠤᠨ ᠬᠥᠭᠵᠢᠬᠦᠯᠬᠦ᠎ᠳᠤ ᠠᠰᠢᠭ᠍ᠯᠠᠵᠤ ᠪᠠᠢᠭ᠎ᠠ ᠬᠡᠮᠵᠢᠶ᠎ᠠ ᠪᠠᠰᠠ ᠯᠠ ᠨᠡᠯᠢᠶᠡᠳ ᠳᠣᠣᠷ᠎ᠠ ᠪᠠᠢᠨ᠎ᠠ᠃ ᠬᠡᠰᠡᠭ ᠦᠵᠡᠮᠵᠢ᠎ᠶᠢᠨ ᠣᠷᠣᠨ᠎ᠳᠤ ᠬᠡᠳᠦᠢᠪᠡᠷ ᠲᠣᠭᠠᠴᠢᠯᠠᠭᠰᠠᠨ ᠦᠵᠡᠭᠦᠯᠭᠡ᠎ᠶᠢᠨ ᠰᠢᠰᠲᠧᠮ᠎ᠢ ᠲᠤᠷᠰᠢᠨ ᠣᠷᠣᠭᠤᠯᠤᠭᠰᠠᠨ ᠪᠣᠯᠪᠠᠴᠤ ᠴᠢᠳᠠᠮᠵᠢ ᠨᠢ ᠳᠥᠭᠥᠮᠬᠡᠨ᠂ ᠵᠥᠪᠬᠡᠨ ᠮᠡᠳᠡᠭᠡ ᠵᠠᠩᠭᠢ᠎ᠶᠢᠨ ᠦᠵᠡᠭᠦᠯᠭᠡ᠎ᠶᠢᠨ ᠱᠠᠲᠤᠨ᠎ᠳᠤ ᠵᠣᠭᠰᠣᠩᠭᠢᠷᠠᠵᠤ᠂ ᠭᠦᠨᠵᠡᠭᠡᠢᠷᠠᠯᠳᠠ ᠳᠤᠲᠠᠮᠠᠭ ᠪᠠᠢᠨ᠎ᠠ᠃
ᠬᠣᠶᠠᠷ᠂ ᠰᠣᠶᠣᠯ ᠤᠨ ᠡᠬᠢ ᠪᠠᠶᠠᠯᠢᠭ᠋ ᠢ ᠡᠮᠬᠢᠯᠡᠨ ᠨᠡᠢᠳᠬᠡᠬᠦ᠎ᠳᠤ ᠪᠡᠷᠬᠡ
ᠤᠯᠠᠮᠵᠢᠯᠠᠯᠲᠤ ᠰᠢᠯᠢᠳᠡᠭ ᠰᠣᠶᠣᠯ ᠨᠢ ᠮᠠᠯᠵᠢᠬᠤ ᠰᠣᠶᠣᠯ᠂ ᠬᠤᠪᠢᠰᠬᠠᠯ᠎ᠤᠨ ᠰᠣᠶᠣᠯ᠂ ᠲᠠᠷᠢᠶᠠᠯᠠᠬᠤ ᠰᠣᠶᠣᠯ᠂ ᠣᠷᠳᠣ᠌ ᠴᠠᠭᠠᠨ ᠬᠡᠷᠡᠮ᠎ᠦᠨ ᠰᠣᠶᠣᠯ᠂ ᠬᠠᠲᠤᠨ ᠭᠣᠣᠯ᠎ᠤᠨ ᠰᠣᠶᠣᠯ ᠵᠡᠷᠭᠡ᠎ᠶᠢ ᠪᠠᠭᠲᠠᠭᠠᠭᠰᠠᠨ ᠡᠯᠪᠡᠭ ᠪᠠᠶᠠᠯᠢᠭ᠋ ᠣᠯᠠᠨ ᠲᠦᠷᠦᠯ ᠵᠦᠢᠯ᠎ᠢ ᠬᠠᠮᠤᠷᠴᠤ᠂ ᠡᠲᠡᠭᠡᠷ ᠰᠣᠶᠣᠯ ᠨᠢ ᠶᠠᠭ ᠯᠠ ᠥᠪᠥᠷ ᠮᠣᠩᠭᠣᠯ᠎ᠤᠨ ᠨᠤᠲᠤᠭ ᠳᠡᠪᠢᠰᠬᠡᠷ ᠳᠠᠬᠢ ᠭᠢᠯᠠᠯᠵᠠᠭᠰᠠᠨ ᠬᠡᠷᠡᠯᠳᠦ ᠰᠤᠪᠤᠳ ᠮᠡᠲᠦ ᠲᠠᠷᠬᠠᠵᠤ ᠪᠠᠢᠳᠠᠭ᠃ ᠭᠡᠲᠡᠯ᠎ᠡ ᠲᠣᠭᠠᠴᠢᠯᠠᠭᠰᠠᠨ ᠮᠡᠷᠭᠡᠵᠢᠯ ᠢ ᠠᠰᠢᠭ᠍ᠯᠠᠨ ᠤᠯᠠᠷᠢᠭᠤᠯᠤᠨ ᠬᠥᠭᠵᠢᠭᠦᠯᠬᠦ ᠶᠠᠪᠤᠴᠠ᠎ᠳᠤ᠂ ᠡᠳᠡᠭᠡᠷ ᠰᠣᠶᠣᠯ᠎ᠦᠨ ᠬᠣᠭᠣᠷᠣᠨᠳᠤ ᠪᠠᠨ ᠪᠦᠲᠦᠮᠵᠢᠲᠡᠶ ᠨᠡᠢᠳᠬᠡᠯ ᠳᠤᠲᠠᠭᠳᠠᠵᠤ᠂ ᠲᠤᠰ ᠲᠤᠰ᠎ᠲᠠᠭᠠᠨ ᠲᠤᠭ ᠪᠣᠰᠬᠠᠵᠤ᠂ ᠰᠣᠶᠣᠯ᠎ᠤᠨ ᠥᠨᠥᠴᠢᠨ ᠠᠷᠠᠯᠤᠳᠢ ᠪᠤᠢ ᠪᠣᠯᠭᠠᠭᠰᠠᠨ ᠪᠠᠢᠨ᠎ᠠ᠃
ᠭᠤᠷᠪᠠ᠂ ᠠᠷᠠᠯᠵᠢᠶᠠᠨ᠎ᠤ ᠦᠷ᠎ᠡ ᠪᠦᠲᠦᠮᠵᠢ ᠳᠣᠣᠷ᠎ᠠ ᠪᠠᠢᠬᠤ ᠪᠠ ᠵᠢᠷᠤᠮᠵᠢᠭᠤᠨ ᠪᠤᠰᠤ ᠪᠠᠢᠬᠤ ᠪᠠᠢᠳᠠᠯ ᠣᠷᠣᠰᠢᠵᠤ ᠪᠤᠢ
ᠲᠣᠭᠠᠴᠢᠯᠠᠭᠰᠠᠨ ᠮᠡᠷᠭᠡᠵᠢᠯ᠎ᠢ ᠠᠰᠢᠬᠯᠠᠨ ᠤᠯᠠᠮᠵᠢᠯᠠᠯᠲᠤ ᠰᠢᠯᠢᠳᠡᠭ ᠰᠣᠶᠣᠯ᠎ᠢ ᠪᠦᠳᠦᠭᠡᠯᠴᠢ ᠪᠠᠷ ᠤᠯᠠᠷᠢᠭᠤᠯᠵᠤ ᠬᠥᠭᠵᠢᠭᠦᠯᠬᠦ ᠶᠠᠪᠤᠴᠠ᠎ᠳᠤ᠂ ᠠᠷᠠᠯᠵᠢᠶᠠᠨ᠎ᠤ ᠦᠷ᠎ᠡ ᠠᠰᠢᠭ᠋ ᠳᠣᠣᠷ᠎ᠠ ᠪᠠᠢᠬᠤ ᠪᠠ ᠵᠢᠷᠤᠮᠵᠢᠯ ᠦᠭᠡᠢ ᠪᠠᠢᠬᠤ ᠠᠰᠠᠭᠤᠳᠠᠯ ᠨᠢ ᠰᠣᠶᠣᠯ᠎ᠤᠨ ᠠᠵᠤ ᠦᠢᠯᠡᠰ᠎ᠦᠨ ᠬᠥᠭᠵᠢᠯᠲᠡ᠎ᠶᠢ ᠬᠠᠷᠰᠢᠯᠠᠵᠤ ᠪᠠᠢᠭ᠎ᠠ ᠴᠢᠬᠤᠯᠠ ᠪᠣᠭᠣᠮᠢ ᠪᠣᠯᠵᠠᠢ᠃ ᠮᠠᠰᠢ ᠤᠯᠠᠨ ᠰᠣᠶᠣᠯ᠎ᠤᠨ ᠪᠦᠲᠦᠭᠡᠭᠳᠡᠬᠦᠨ᠎ᠦ ᠰᠣᠯᠢᠯᠴᠠᠭ᠎ᠠ ᠨᠢ ᠮᠥᠨ ᠯᠡ ᠤᠯᠠᠮᠵᠢᠯᠠᠯᠲᠤ ᠰᠦᠯᠵᠢᠶᠡᠨ᠎ᠤ ᠠᠷᠭ᠎ᠠ ᠵᠠᠮ᠎ᠳᠤ ᠲᠦᠰᠢᠭᠯᠡᠵᠦ᠂ ᠮᠡᠳᠡᠭᠡ ᠵᠠᠩᠭᠢ᠎ᠶᠢᠨ ᠨᠡᠪᠲᠡᠷᠡᠯᠴᠡᠯ ᠨᠢ ᠰᠢᠯᠤᠭᠤᠨ ᠪᠤᠰᠤ᠂ ᠰᠣᠯᠢᠯᠴᠠᠭᠠᠨ᠎ᠤ ᠭᠣᠭᠴᠣᠭ᠎ᠠ ᠨᠢ ᠰᠤᠨᠵᠢᠷᠠᠵᠤ ᠪᠠᠢᠨ᠎ᠠ᠂ ᠵᠠᠬ᠎ᠠ ᠳᠡᠯᠭᠡᠭᠦᠷ᠎ᠤᠨ ᠪᠦᠲᠦᠭᠡᠭᠳᠡᠬᠦᠨ᠎ᠦ ᠶᠠᠰᠤ ᠴᠢᠨᠠᠷ ᠪᠠ ᠦᠨ᠎ᠡ ᠬᠠᠩᠰᠢ᠎ᠶᠢᠨ ᠲᠠᠯ᠎ᠠ᠎ᠪᠠᠷ ᠮᠥᠨ ᠡᠳᠦᠢ ᠲᠡᠳᠦᠢ ᠠᠰᠠᠭᠤᠳᠠᠯ ᠣᠷᠣᠰᠢᠵᠤ ᠪᠤᠢ᠃ ᠠᠳᠠᠯᠢ ᠲᠦᠷᠦᠯ᠎ᠦᠨ ᠰᠣᠶᠣᠯ᠎ᠤᠨ ᠪᠦᠲᠦᠭᠡᠭᠳᠡᠬᠦᠨ᠎ᠦ ᠶᠠᠰᠤ ᠴᠢᠨᠠᠷ ᠨᠢ ᠠᠳᠠᠯᠢ ᠦᠭᠡᠢ᠂ ᠦᠨ᠎ᠡ ᠬᠠᠩᠰᠢ ᠨᠢ ᠪᠠᠰᠠ ᠶᠡᠬᠡ ᠵᠥᠷᠢᠶ᠎ᠡ᠎ᠲᠠᠢ ᠪᠠᠢᠳᠠᠭ᠂ ᠡᠨᠡ ᠨᠢ ᠬᠡᠷᠡᠭᠯᠡᠭᠴᠢᠳ᠎ᠢ ᠬᠤᠳᠠᠯᠳᠤᠨ ᠠᠪᠬᠤ᠎ᠳᠠᠭᠠᠨ ᠪᠦᠲᠦᠭᠡᠭᠳᠡᠬᠦᠨ᠎ᠦ ᠦᠷᠳᠡᠭ᠎ᠢ ᠮᠠᠭᠠᠳᠯᠠᠬᠤ᠎ᠳᠤ ᠪᠡᠷᠬᠡ᠎ᠲᠠᠢ ᠪᠣᠯᠭᠠᠵᠤ᠂ ᠢᠲᠡᠭᠡᠯ᠎ᠦᠨ ᠬᠢᠮᠤᠷᠠᠯ᠎ᠢ ᠠᠮᠠᠷᠬᠠᠨ ᠡᠭᠦᠰᠬᠡᠳᠡᠭ᠃
ᠳᠥᠷᠪᠡ᠂ ᠴᠢᠳᠠᠪᠤᠷᠢᠲᠠᠨ ᠬᠥᠮᠥᠵᠢᠭᠦᠯᠬᠦ ᠪᠣᠯᠣᠨ ᠠᠵᠤ ᠦᠢᠯᠡᠰ᠎ᠦᠨ ᠠᠮᠢ ᠠᠬᠤᠢ ᠶᠢᠨ ᠲᠤᠯᠭᠠᠭᠤᠷᠢᠯᠠᠯ᠎ᠤᠨ ᠰᠢᠰᠲᠧᠮ ᠬᠠᠷᠠᠬᠠᠨ ᠲᠡᠭᠦᠯᠳᠡᠷᠵᠢᠭᠡ ᠦᠭᠡᠢ
ᠣᠳᠣ᠌ ᠦᠶ᠎ᠡ ᠵᠢᠨ ᠬᠡᠷᠡᠭᠴᠡᠭᠡᠨ᠎ᠳᠦ ᠨᠡᠢᠴᠡᠭᠰᠡᠨ ᠴᠢᠳᠠᠪᠤᠷᠢᠲᠠᠨ ᠳᠤᠲᠠᠭᠳᠠᠵᠤ ᠪᠠᠢᠬᠤ ᠨᠢ ᠭᠣᠣᠯ ᠪᠣᠭᠣᠮᠢ ᠪᠣᠯᠵᠤ᠂ ᠲᠡᠦᠬᠡ᠎ᠶᠢᠨ ᠳᠤᠷᠠᠰᠬᠠᠯᠲᠤ ᠵᠦᠢᠯᠡᠰ᠂ ᠬᠠᠭᠤᠴᠢ ᠰᠤᠳᠤᠯᠤᠯ᠂ ᠤᠯᠠᠮᠵᠢᠯᠠᠯᠲᠦ ᠰᠣᠶᠣᠯ ᠵᠡᠷᠭᠡ ᠲᠤᠰᠬᠠᠢ ᠮᠡᠷᠭᠡᠵᠢᠯ᠎ᠳᠦ ᠨᠡᠪᠲᠡᠷᠡᠭᠰᠡᠨ ᠪᠥᠭᠡᠳ ᠲᠣᠮᠣ᠌ ᠳ᠋ᠠᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠲᠣᠭᠠᠴᠢᠯᠠᠭᠰᠠᠨ ᠮᠡᠷᠭᠡᠵᠢᠯ᠎ᠢ ᠡᠵᠡᠮᠰᠢᠵᠤ ᠠᠵᠢᠯ ᠲᠦᠷᠦᠯ ᠠᠯᠤᠰᠯᠠᠭᠰᠠᠨ ᠴᠢᠳᠠᠪᠤᠷᠢᠲᠠᠨ ᠳᠤᠲᠠᠭᠳᠠᠵᠤ ᠪᠠᠢᠨ᠎ᠠ᠂ ᠤᠳᠤ᠎ᠶᠢᠨ ᠪᠠᠢᠭ᠎ᠠ ᠰᠤᠳᠤᠯᠭᠠᠨ᠎ᠤ ᠪᠦᠯᠬᠦᠮ᠎ᠤᠨ ᠣᠯᠠᠩᠬᠢ ᠨᠢ ᠶᠡᠬᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ ᠲᠦᠷ ᠴᠠᠭ᠎ᠤᠨ ᠬᠠᠮᠲᠤᠷᠠᠨ ᠠᠵᠢᠯᠯᠠᠬᠤ᠎ᠳᠤ ᠲᠦᠰᠢᠭᠯᠡᠵᠦ᠂ ᠲᠣᠭᠲᠠᠪᠤᠷᠢᠲᠤ ᠲᠤᠰᠬᠠᠢ ᠮᠡᠷᠭᠡᠵᠢᠯ᠎ᠦᠨ ᠬᠦᠴᠦᠨ᠎ᠢᠶᠡᠷ ᠳᠤᠲᠠᠮᠠᠭ ᠪᠠᠢᠨ᠎ᠠ᠃ ᠰᠣᠶᠣᠯ᠎ᠤᠨ ᠪᠠᠢᠭᠤᠯᠤᠮᠵᠢ᠂ ᠰᠢᠨᠵᠢᠯᠡᠬᠦ ᠤᠬᠠᠭᠠᠨ ᠲᠸᠬᠨᠢᠭ ᠮᠡᠷᠭᠡᠵᠢᠯ᠎ᠦᠨ ᠠᠵᠤ ᠠᠬᠤᠢᠯᠠᠯ ᠪᠣᠯᠣᠨ ᠶᠡᠬᠡ ᠳᠡᠭᠡᠳᠦ ᠰᠤᠷᠭᠠᠭᠤᠯᠢ᠎ᠶᠢᠨ ᠬᠣᠭᠣᠷᠣᠨᠳᠣᠬᠢ ᠬᠠᠮᠲᠤᠷᠠᠯᠴᠠᠭ᠎ᠠ ᠨᠢ ᠣᠯᠠᠩᠬᠢ᠎ᠳᠠᠭᠠᠨ ᠲᠦᠷᠦᠯ ᠵᠦᠢᠯ᠎ᠦᠨ ᠳᠠᠪᠬᠤᠷᠭ᠎ᠠ᠎ᠳᠤ ᠵᠣᠭᠰᠣᠩᠭᠢᠷᠠᠵᠤ᠂ 《ᠡᠬᠢ ᠪᠠᠶᠠᠯᠢᠭ᠋᠎ᠢ ᠬᠠᠮᠲᠤ ᠪᠠᠷ ᠡᠳ᠋ᠯᠡᠬᠦ — ᠮᠡᠷᠭᠡᠵᠢᠯ᠎ᠢ ᠰᠤᠳᠤᠯᠤᠨ ᠨᠡᠭᠡᠭᠡᠬᠦ — ᠦᠷ᠎ᠡ ᠪᠦᠲᠦᠭᠡᠯ᠎ᠢ ᠣᠨᠳᠣᠣᠰᠢᠭᠤᠯᠬᠤ》 ᠠᠮᠢ ᠠᠬᠤᠢ᠎ᠶᠢ ᠬᠠᠷᠠᠬᠠᠨ ᠪᠦᠷᠢᠯᠳᠦᠭᠦᠯᠦᠭᠡᠳᠦᠢ ᠪᠠᠢᠵᠤ᠂ ᠮᠡᠷᠭᠡᠵᠢᠯ᠎ᠦᠨ ᠦᠷ᠎ᠡ ᠪᠦᠲᠦᠭᠡᠯ᠎ᠢ ᠦᠳᠲᠡᠷ ᠲᠦᠷᠭᠡᠨ ᠰᠣᠶᠣᠯ᠎ᠤᠨ ᠪᠦᠲᠦᠭᠡᠭᠳᠡᠬᠦᠨ ᠪᠣᠯᠭᠠᠨ ᠨᠠᠢᠳᠠᠪᠤᠷᠢᠵᠢᠭᠤᠯᠬᠤ᠎ᠳᠤ ᠬᠦᠴᠢᠷ ᠪᠣᠯᠭᠠᠭᠰᠠᠨ ᠪᠠᠢᠨ᠎ᠠ᠃
ᠲᠣᠭᠠᠴᠢᠯᠠᠭᠰᠠᠨ ᠮᠡᠷᠭᠡᠵᠢᠯ᠎ᠢᠶᠡᠷ ᠤᠯᠠᠮᠵᠢᠯᠠᠯᠲᠤ ᠰᠢᠯᠢᠳᠡᠭ ᠰᠣᠶᠣᠯ᠎ᠢ ᠪᠦᠳᠦᠭᠡᠯᠴᠢ ᠪᠠᠷ ᠤᠯᠠᠷᠢᠭᠤᠯᠤᠨ ᠬᠥᠭᠵᠢᠬᠦᠯᠬᠦ᠎ᠶᠢ ᠠᠬᠢᠭᠤᠯᠬᠤ ᠠᠷᠭ᠎ᠠ ᠵᠠᠮ
ᠨᠢᠭᠡ᠂ ᠮᠡᠷᠭᠡᠵᠢᠯ᠎ᠦᠨ ᠰᠢᠨᠡᠴᠢᠯᠡᠯᠲᠡ᠎ᠶᠢ ᠴᠢᠬᠤᠯᠠᠴᠢᠯᠠᠵᠤ᠂ ᠪᠡᠶᠡᠴᠢᠯᠡᠨ ᠣᠷᠤᠯᠴᠠᠬᠤ ᠰᠢᠰᠲᠧᠮ᠎ᠢ ᠪᠤᠶ ᠪᠣᠯᠭᠠᠨ᠎ᠠ᠃ ᠲᠣᠭᠠᠴᠢᠯᠠᠭᠰᠠᠨ ᠮᠡᠷᠭᠡᠵᠢᠯ᠎ᠦᠨ ᠳᠤᠲᠠᠭᠤᠳᠠᠯ ᠠᠰᠠᠭᠤᠳᠠᠯ᠎ᠳᠤ ᠴᠢᠭᠯᠡᠭᠦᠯᠦᠨ᠂ 《ᠮᠡᠷᠭᠡᠵᠢᠯ᠎ᠦᠨ ᠰᠢᠨᠡᠴᠢᠯᠡᠯᠲᠡ᠎ᠶᠢ ᠲᠡᠭᠡᠭᠰᠢᠯᠡᠭᠦᠯᠬᠦ ᠪᠠ ᠠᠭᠤᠯᠭ᠎ᠠ᠎ᠶᠢᠨ ᠲᠠᠯ᠎ᠠ᠎ᠪᠠᠷ ᠰᠢᠨ᠎ᠡ᠎ᠶᠢ ᠡᠭᠦᠳᠴᠦ ᠠᠮᠢᠳᠤᠯᠢᠭ᠋ ᠪᠣᠯᠭᠠᠬᠤ》 ᠪᠡᠷ ᠭᠣᠣᠯ ᠪᠣᠯᠭᠠᠵᠤ᠂ ᠲᠦᠭᠦᠮ ᠰᠣᠯᠢᠯᠴᠠᠭ᠎ᠠ᠎ᠠᠴᠠ ᠭᠦᠨ ᠭᠦᠨᠵᠡᠭᠡᠢ ᠠᠮᠢᠳᠤᠯᠢᠭ᠋ ᠦᠵᠡᠭᠦᠯᠭᠡ᠎ᠶᠢᠨ ᠰᠢᠰᠲᠧᠮ᠎ᠢ ᠪᠠᠢᠭᠤᠯᠵᠤ᠂ ᠰᠣᠶᠣᠯ᠎ᠢ 《ᠲᠣᠭᠲᠠᠩᠭᠤᠢ ᠪᠠᠢᠳᠠᠯ》 ᠡᠴᠡ 《ᠬᠥᠳᠡᠯᠦᠩᠭᠦᠢ ᠣᠷᠣᠯᠴᠠᠬᠤ》 ᠲᠡᠢᠰᠢ ᠬᠤᠪᠢᠷᠠᠭᠤᠯᠬᠤ᠎ᠶᠢ ᠠᠬᠢᠭᠤᠯᠬᠤ ᠬᠡᠷᠡᠭᠲᠡᠢ᠃ ᠪᠡᠶᠡᠴᠢᠯᠡᠨ ᠣᠢᠯᠠᠭᠠᠬᠤ ᠣᠷᠤᠯᠴᠠᠯᠭ᠎ᠠ᠎ᠶᠢᠨ ᠴᠢᠨᠠᠷᠲᠠᠢ ᠡᠯ᠎ᠡ ᠵᠦᠢᠯ᠎ᠤᠨ ᠬᠥᠳᠡᠯᠭᠡᠭᠡᠨ᠎ᠢ ᠥᠷᠨᠢᠭᠦᠯᠵᠦ᠂ ᠤᠳᠤ ᠵᠢᠨ ᠪᠠᠢᠭ᠎ᠠ ᠦᠰᠦᠭ ᠪᠢᠴᠢᠭ᠂ ᠭᠡᠷᠡᠯ ᠵᠢᠷᠤᠭ᠂ ᠸᠢᠳᠢᠤ᠋ ᠵᠡᠷᠭᠡ ᠡᠬᠢ ᠪᠠᠶᠠᠯᠢᠭ᠋᠎ᠢ ᠵᠣᠬᠢᠬᠤ ᠬᠡᠮᠵᠢᠶ᠎ᠡ᠎ᠪᠡᠷ ᠲᠡᠰ ᠳᠡᠪᠰᠢᠭᠦᠯᠦᠨ᠎ᠡ᠃ AR ᠮᠡᠷᠭᠡᠵᠢᠯ᠎ᠦᠨ ᠬᠡᠢᠰᠪᠦᠷᠢ ᠪᠣᠳᠠᠲᠠᠢ᠎ᠶᠢ ᠠᠭᠤᠰᠤᠯᠴᠠᠭᠤᠯᠬᠤ ᠪᠠ ᠳᠥᠭᠥᠮ ᠳᠥᠲᠡ ᠴᠢᠨᠠᠷ᠎ᠤᠨ ᠳᠠᠪᠠᠭᠤᠯᠢᠭ᠋᠎ᠲᠤ ᠲᠦᠰᠢᠭᠯᠡᠨ᠂ ᠮᠦᠽᠧᠢ᠎ᠶᠢᠨ ᠦᠵᠡᠭᠦᠯᠭᠡ᠎ᠶᠢᠨ ᠵᠦᠢᠯᠡᠰ᠂ ᠦᠵᠡᠮᠵᠢ᠎ᠶᠢᠨ ᠣᠷᠣᠨ᠎ᠤ ᠲᠡᠮᠳᠡᠭ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ᠎ᠤᠨ ᠪᠦᠲᠦᠭᠡᠭᠳᠡᠬᠦᠨ᠎ᠳᠤAR ᠮᠡᠷᠭᠡᠵᠢᠯ᠎ᠢ ᠠᠰᠢᠬᠯᠠᠵᠦ᠂ ᠵᠢᠭᠤᠯᠴᠢᠯᠠᠭ᠍ᠰᠠᠳ ᠭᠠᠷ ᠤᠲᠠᠰᠤ ᠪᠠᠷ ᠵᠢᠨᠨ ᠺᠣᠳ᠋᠎ᠢ ᠨᠢ ᠰᠢᠷᠪᠢᠪᠡᠯ ᠲᠡᠦᠬᠡ᠎ᠶᠢᠨ ᠳᠤᠷᠠᠰᠬᠠᠯᠲᠤ ᠵᠦᠢᠯᠡᠰ᠎ᠢ ᠵᠠᠰᠠᠨ ᠰᠡᠷᠭᠦᠭᠡᠭᠰᠡᠨ ᠶᠠᠪᠤᠴᠠ᠎ᠶᠢ ᠦᠵᠡᠵᠦ ᠪᠣᠯᠣᠨ᠎ᠠ᠃ ᠣᠲᠣ᠌᠎ᠶᠢᠨ ᠪᠠᠢᠭ᠎ᠠ ᠲᠣᠭᠠᠴᠢᠯᠠᠭᠰᠠᠨ ᠵᠠᠮᠴᠢᠯᠠᠬᠤ ᠰᠢᠰᠲᠧᠮ᠎ᠳᠦ AI ᠮᠡᠷᠭᠡᠵᠢᠯ᠎ᠢ ᠠᠰᠢᠬᠯᠠᠵᠦ᠂ ᠲᠣᠭᠠᠴᠢᠯᠠᠭᠰᠠᠨ ᠬᠥᠮᠥᠨ᠎ᠢ ᠪᠦᠲᠦᠭᠡᠵᠦ᠂ 《ᠣᠶᠤᠨᠴᠢ ᠠᠰᠠᠭᠤᠯᠲᠠ ᠬᠠᠷᠢᠭᠤᠯᠲᠠ ᠪᠠ ᠥᠪᠡᠷᠮᠢᠴᠡ ᠵᠠᠮ ᠱᠤᠭᠤᠮ᠎ᠤᠨ ᠲᠥᠯᠦᠪᠵᠢᠭᠦᠯᠭᠡ》 ᠵᠡᠷᠭᠡ ᠴᠢᠳᠠᠮᠵᠢ᠎ᠶᠢ ᠬᠠᠩᠭᠠᠵᠤ ᠪᠤᠯᠤᠨ᠎ᠠ᠃
ᠬᠣᠶᠠᠷ᠂ ᠪᠦᠬᠦ ᠴᠠᠷᠠᠭᠠᠨ᠎ᠤ ᠬᠠᠮᠵᠢᠯᠴᠠᠬᠤ ᠠᠷᠭ᠎ᠠ ᠵᠠᠮ᠎ᠢᠶᠠᠷ ᠤᠯᠠᠮᠵᠢᠯᠠᠯᠲᠤ ᠰᠢᠯᠢᠳᠡᠭ ᠰᠣᠶᠣᠯ᠎ᠤᠨ ᠲᠣᠭᠠᠴᠢᠯᠠᠭᠰᠠᠨ ᠪᠦᠬᠦᠯᠢ ᠴᠣᠭᠴᠠ᠎ᠶᠢᠨ ᠪᠠᠢᠭᠤᠯᠤᠯᠲᠠ᠎ᠶᠢᠨ ᠰᠢᠰᠲᠧᠮ᠎ᠢ ᠪᠠᠢᠭᠤᠯᠤᠨ᠎ᠠ᠃ ᠲᠣᠭᠲᠠᠴᠠ᠎ᠶᠢᠨ ᠲᠠᠯ᠎ᠠ᠎ᠪᠠᠷ᠂ ᠬᠠᠮᠢᠶ᠎ᠠ ᠪᠦᠬᠦᠢ ᠰᠠᠯᠠᠭ᠎ᠠ ᠮᠥᠴᠢᠷ᠎ᠡᠴᠡ ᠲᠦᠷᠦᠭᠦᠯᠡᠨ ᠨᠢᠭᠡᠳᠦᠯᠲᠡᠢ ᠲᠣᠭᠠᠴᠢᠯᠠᠭᠰᠠᠨ ᠡᠬᠢ ᠪᠠᠶᠠᠯᠢᠭ᠋᠎ᠤᠨ ᠪᠠᠷᠢᠮᠵᠢᠶ᠎ᠠ᠎ᠶᠢ ᠲᠣᠭᠲᠠᠭᠠᠵᠤ᠂ ᠣᠷᠣᠨ ᠪᠦᠰᠡ ᠠᠯᠤᠰᠯᠠᠭᠰᠠᠨ ᠬᠠᠮᠵᠢᠯᠴᠠᠬᠤ ᠬᠣᠯᠪᠣᠭ᠎ᠠ᠎ᠶᠢ ᠪᠠᠢᠭᠤᠯᠤᠨ᠂ ᠬᠥᠬᠡᠬᠣᠲᠠ ᠪᠤᠭᠤᠲᠤ ᠵᠡᠷᠭᠡ ᠭᠣᠣᠯ ᠣᠷᠣᠨ᠎ᠢᠶᠠᠷ ᠮᠡᠷᠭᠡᠵᠢᠯ᠎ᠦᠨ ᠲᠠᠪᠴᠠᠩ᠎ᠢ ᠨᠡᠭᠡᠭᠡᠵᠦ᠂ ᠪᠣᠶ᠋ᠢᠳᠠ ᠪᠥᠭᠯᠡᠭᠦᠦ ᠣᠷᠣᠨ᠎ᠳᠤ ᠡᠬᠢ ᠪᠠᠶᠠᠯᠢᠭ᠋᠎ᠢ ᠵᠠᠯᠭᠠᠨ ᠣᠷᠣᠭᠤᠯᠬᠤ ᠵᠠᠮ ᠬᠠᠩᠭᠠᠵᠤ᠂ 《ᠨᠢᠭᠡ ᠭᠠᠵᠠᠷ ᠨᠡᠭᠡᠭᠡᠨ ᠬᠥᠭᠵᠢᠭᠦᠯᠵᠦ᠂ ᠪᠥᠬᠥ ᠣᠷᠣᠨ ᠵᠢᠡᠷ᠎ᠢᠶᠡᠨ ᠬᠠᠮᠲᠤ ᠪᠠᠷ ᠭᠥᠷᠳᠡᠬᠦ》ᠵᠢ ᠪᠡᠶᠡᠯᠡᠭᠦᠯᠦᠨ᠎ᠡ᠃ ᠮᠡᠷᠭᠡᠵᠢᠯ᠎ᠦᠨ ᠲᠠᠯ᠎ᠠ᠎ᠪᠠᠷ᠂ ᠰᠣᠶᠣᠯ ᠤᠨ ᠲᠣᠭᠠᠴᠢᠯᠠᠭᠰᠠᠨ ᠲᠥᠪ ᠲᠠᠪᠴᠠᠩ᠎ᠢ ᠲᠠᠰ ᠳᠡᠪᠰᠢᠭᠦᠯᠵᠦ᠂ AI᠎ᠪᠠᠷ ᠡᠬᠢ ᠪᠠᠶᠠᠯᠢᠭ᠋᠎ᠢ ᠲᠥᠷᠥᠯ ᠬᠤᠪᠢᠶᠠᠨ ᠠᠰᠢᠬᠯᠠᠨ ᠬᠡᠷᠡᠭᠯᠡᠬᠦ᠎ᠶᠢᠨ ᠬᠠᠮᠲᠤ ᠬᠤᠯᠪᠤᠭᠠᠰᠤ᠎ᠶᠢ ᠨᠡᠭᠡᠭᠡᠨ ᠣᠯᠠᠨ ᠲᠠᠯᠠᠪᠤᠷ᠎ᠲᠤ ᠰᠢᠯᠵᠢᠭᠦᠯᠦᠨ ᠬᠡᠷᠡᠭᠯᠡᠵᠦ ᠪᠣᠶ᠋ᠢᠳᠠ ᠪᠥᠭᠯᠡᠭᠦᠦ ᠣᠷᠣᠨ᠎ᠳᠤ 《ᠲᠣᠭᠠᠴᠢᠯᠠᠭᠰᠠᠨ ᠵᠠᠩᠭᠢᠯᠠᠭ᠎ᠠ᠎ᠶᠢᠨ ᠴᠡᠭ》 ᠭᠠᠷᠭᠠᠵᠤ᠂ ᠲᠣᠨᠣᠭ ᠲᠥᠬᠦᠭᠡᠷᠦᠮᠵᠢᠬᠤᠳᠠᠯᠳᠤᠨ ᠠᠪᠬᠤ ᠳ᠋ᠤᠨᠢ ᠨᠥᠬᠥᠪᠦᠷᠢ ᠥᠭᠬᠦ᠎ᠶᠢᠨ ᠬᠠᠮᠲᠤ ᠠᠵᠢᠯᠲᠠᠨ᠎ᠤ ᠪᠤᠯᠪᠠᠰᠤᠷᠠᠯ᠎ᠢ ᠦᠷᠨᠢᠬᠦᠯᠦᠨ᠎ᠠ᠃
ᠭᠤᠷᠪᠠ᠂ ᠲᠣᠭᠠᠴᠢᠯᠠᠬᠤ᠂ ᠡᠮᠬᠢᠯᠠᠨ ᠨᠠᠢᠳᠭᠡᠬᠦ ᠪᠠᠷ ᠲᠠᠮᠵᠢᠨ ᠥᠨᠳᠥᠷ ᠪᠦᠲᠦᠮᠵᠢᠲᠡᠢ ᠤᠯᠠᠮᠵᠢᠯᠠᠯᠲᠤ ᠰᠢᠯᠢᠳᠡᠭ ᠰᠣᠶᠣᠯ᠎ᠤᠨ ᠠᠷᠠᠯᠵᠢᠶᠠᠨ᠎ᠤ ᠰᠢᠰᠲᠸᠮ᠎ᠢ ᠪᠠᠢᠭᠤᠯᠤᠨ᠎ᠠ᠃ ᠨᠢᠭᠡ ᠴᠣᠭᠴᠠᠵᠢᠭᠤᠯᠵᠤ ᠲᠣᠭᠠᠴᠢᠯᠠᠭᠰᠠᠨ ᠠᠷᠠᠯᠵᠢᠶᠠᠨ᠎ᠦ ᠲᠠᠪᠴᠠᠩ᠎ᠢ ᠪᠠᠢᠭᠤᠯᠵᠤ᠂ ᠪᠤᠲᠠᠲᠤ ᠴᠤᠭᠴᠠ ᠵᠢᠨ ᠲᠠᠷᠠᠬᠠᠢ ᠪᠤᠲᠠᠷᠬᠠᠢ ᠡᠬᠢ ᠪᠠᠶᠠᠯᠢᠭ᠋᠎ᠢ ᠡᠮᠬᠢᠯᠡᠨ ᠨᠡᠢᠳᠭᠡᠵᠦ᠂ 《ᠤᠯᠠᠮᠵᠢᠯᠠᠯᠲᠤ ᠰᠢᠯᠢᠳᠡᠭ ᠰᠣᠶᠣᠯ᠎ᠤᠨ ᠲᠣᠭᠠᠴᠢᠯᠠᠭᠰᠠᠨ ᠰᠣᠯᠢᠯᠴᠠᠭᠠᠨ᠎ᠤ ᠲᠠᠪᠴᠠᠩ》᠎ᠢ᠋ ᠪᠠᠢᠭᠤᠯᠤᠨ᠂ ᠮᠡᠳᠡᠭᠡ ᠵᠠᠩᠭᠢ ᠨᠡᠢᠲᠡᠯᠡᠬᠦ᠂ ᠰᠦᠯᠵᠢᠶᠡᠨ ᠳᠡᠭᠡᠷ᠎ᠡ ᠵᠥᠪᠳᠡᠯᠴᠡᠬᠦ᠂ ᠲᠣᠭᠠᠴᠠᠭ᠎ᠠ ᠬᠢᠵᠦ ᠳ᠋ᠦᠩᠨᠡᠨ ᠪᠤᠳᠤᠬᠤ ᠵᠡᠷᠭᠡ ᠴᠢᠳᠠᠮᠵᠢ᠎ᠶᠢ ᠬᠠᠮᠤᠷᠴᠤ᠂ ᠰᠣᠶᠣᠯ᠎ᠤᠨ ᠪᠦᠲᠦᠭᠡᠭᠳᠡᠬᠦᠨ᠎ᠦ ᠰᠣᠯᠢᠯᠴᠠᠭᠠᠨ᠎ᠤ ᠪᠥᠬᠥ ᠶᠠᠪᠤᠴᠠ᠎ᠶᠢ ᠰᠦᠯᠵᠢᠶᠡᠨᠲᠡᠭᠡᠷᠠ ᠶᠠᠪᠤᠭᠳᠠᠬᠤ ᠵᠢ ᠪᠡᠶᠡᠯᠡᠭᠦᠯᠦᠨ᠎ᠡ᠃ ᠶᠠᠰᠤ ᠴᠢᠨᠠᠷ ᠪᠠ ᠦᠨ᠎ᠡ ᠬᠠᠩᠰᠢ᠎ᠶᠢᠨ ᠨᠢᠭᠡᠳᠦᠯᠲᠡᠢ ᠰᠢᠰᠲᠧᠮ᠎ᠢ ᠪᠠᠢᠭᠤᠯᠤᠨ᠎ᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠡᠴᠡ ᠤᠯᠠᠮᠵᠢᠯᠠᠯᠲᠤ ᠰᠢᠯᠢᠳᠡᠭ ᠰᠣᠶᠣᠯ᠎ᠤᠨ ᠪᠦᠲᠦᠭᠡᠭᠳᠡᠬᠦᠨ᠎ᠦ ᠲᠥᠷᠥᠯ ᠬᠤᠪᠢᠶᠠᠭᠰᠠᠨ ᠶᠠᠰᠤ ᠴᠢᠨᠠᠷ᠎ᠤᠨ ᠪᠠᠷᠢᠮᠵᠢᠶ᠎ᠠ᠎ᠶᠢ ᠲᠣᠭᠲᠠᠭᠠᠵᠤ᠂ ᠨᠡᠭᠦᠳᠡᠯ ᠮᠠᠯᠵᠢᠯ᠎ᠤᠨ ᠭᠠᠷ ᠤᠷᠠᠯᠠᠯ᠎ᠤᠨ ᠪᠦᠲᠦᠭᠡᠭᠳᠡᠬᠦᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠦᠲᠦᠭᠡᠭᠳᠡᠬᠦᠨ ᠵᠡᠷᠭᠡ ᠠᠳᠠᠯᠢ ᠪᠤᠰᠤ ᠲᠥᠷᠥᠯ ᠵᠦᠢᠯ᠎ᠦᠨ ᠮᠠᠲᠧᠷᠢᠶᠠᠯ᠎ᠤᠨ ᠴᠢᠨᠠᠷ᠂ ᠤᠷᠠᠯᠠᠯ᠎ᠤᠨ ᠱᠠᠭᠠᠷᠳᠠᠯᠭ᠎ᠠ᠎ᠶᠢ ᠲᠣᠳᠣᠷᠬᠠᠢᠯᠠᠨ᠎ᠠ᠃ ᠲᠠᠪᠴᠠᠩ ᠳᠤ ᠶᠠᠰᠤ ᠴᠢᠨᠠᠷ᠎ᠤᠨ ᠡᠬᠢ ᠰᠤᠷᠪᠤᠯᠵᠢ᠎ᠶᠢ ᠮᠥᠷᠳᠡᠬᠦ ᠰᠢᠰᠲᠧᠮ᠎ᠢ ᠵᠠᠯᠭᠠᠨ ᠣᠷᠣᠭᠤᠯᠵᠤ᠂ ᠬᠡᠷᠡᠭᠯᠡᠭᠴᠢᠳ ᠺᠣᠳ᠋ ᠰᠢᠷᠪᠢᠪᠡᠯ ᠦᠢᠯᠡᠳᠬᠦᠨ᠎ᠢ ᠪᠠᠢᠴᠠᠭᠠᠨ ᠰᠢᠯᠭᠠᠭᠰᠠᠨ ᠮᠡᠳᠡᠭᠦᠯᠦᠯᠲᠡ᠎ᠶᠢ ᠦᠵᠡᠵᠤ ᠪᠤᠯᠬᠤ ᠪᠤᠯᠭᠠᠨ᠎ᠠ᠃
ᠳᠥᠷᠪᠡ᠂ ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ᠎ᠳᠤ ᠴᠢᠳᠠᠪᠤᠷᠢ ᠣᠯᠭᠣᠵᠤ ᠰᠣᠶᠣᠯ᠎ᠤᠨ ᠲᠣᠭᠠᠴᠢᠯᠠᠭᠰᠠᠨ ᠴᠢᠳᠠᠪᠤᠷᠢᠲᠠᠨ᠎ᠢ ᠬᠥᠮᠥᠵᠢᠭᠦᠯᠬᠦ ᠲᠣᠭᠲᠠᠴᠠ᠎ᠶᠢ ᠪᠠᠢᠭᠤᠯᠤᠨ᠎ᠠ᠃ ᠴᠢᠳᠠᠪᠤᠷᠢᠲᠠᠨ᠎ᠢ ᠬᠥᠮᠥᠵᠢᠭᠦᠯᠬᠦ ᠪᠠ ᠣᠷᠢᠨ ᠠᠪᠴᠢᠷᠠᠬᠤ ᠲᠣᠭᠲᠠᠴᠠ᠎ᠶᠢ ᠲᠡᠭᠦᠯᠳᠡᠷᠵᠢᠭᠦᠯᠦᠨ᠎ᠡ᠃ 《ᠥᠪᠥᠷ ᠮᠣᠩᠭᠣᠯ᠎ᠤᠨ ᠭᠠᠵᠠᠷ ᠣᠷᠣᠨ᠎ᠦ ᠲᠣᠭᠠᠴᠢᠯᠠᠭᠰᠠᠨ ᠴᠢᠳᠠᠪᠤᠷᠢᠲᠠᠨ᠎ᠤ ᠲᠥᠯᠥᠪᠯᠡᠭᠡ》 ᠵᠢ ᠬᠡᠷᠡᠭᠵᠢᠭᠦᠯᠵᠦ᠂ ᠥᠪᠥᠷ ᠮᠣᠩᠭᠣᠯ᠎ᠤᠨ ᠡᠯ᠎ᠡ ᠶᠡᠬᠡ ᠳᠡᠭᠡᠳᠦ ᠰᠤᠷᠭᠠᠭᠤᠯᠢ᠎ᠶᠢᠨ ᠰᠣᠶᠣᠯ᠎ᠤᠨ ᠲᠣᠭᠠᠴᠢᠯᠠᠭᠰᠠᠨ ᠰᠣᠯᠪᠢᠴᠠᠬᠰᠨᠨ ᠰᠢᠨᠵᠢᠯᠡᠭᠡᠨ᠎ᠦ ᠰᠠᠯᠠᠭ᠎ᠠ ᠪᠠᠶ᠋ᠢᠭᠤᠯᠬᠤ᠎ᠶᠢ ᠳᠡᠮᠵᠢᠵᠦ᠂ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠲᠣᠭᠠᠴᠢᠯᠠᠯᠳᠠ᠂ ᠤᠯᠠᠮᠵᠢᠯᠠᠯᠲᠦ ᠰᠣᠶᠣᠯ᠎ᠤᠨ ᠲᠣᠮᠣ᠌ ᠳ᠋ᠠᠢᠲ᠋ᠠ ᠵᠡᠷᠭᠡ ᠣᠨᠴᠠᠯᠢᠭ᠍ᠲᠤ ᠲᠤᠰᠬᠠᠢ ᠮᠡᠷᠭᠡᠵᠢᠯ ᠨᠡᠭᠡᠭᠡᠵᠦ᠂ ᠵᠢᠩᠬᠢᠨᠢ ᠠᠩᠭᠢ ᠠᠴᠠ ᠳ᠋ᠣᠺᠲ᠋ᠣᠷ ᠬᠦᠷᠲᠡᠯᠡᠬᠢ ᠤᠯᠠᠨ ᠲᠡᠪᠬᠤᠷᠭ᠎ᠠ ᠵᠢᠨ ᠴᠢᠳᠠᠪᠤᠷᠢᠲᠠᠨ᠎ᠢ ᠬᠥᠮᠥᠵᠢᠭᠦᠯᠦᠨ᠎ᠡ᠃ 《ᠠᠵᠤ ᠦᠢᠯᠡᠰ ᠰᠤᠷᠭᠠᠨ ᠬᠦᠮᠦᠵᠢᠯ ᠰᠤᠳᠤᠯᠭᠠᠨ ᠬᠡᠷᠡᠭᠯᠡᠯᠲᠡ》 ᠵᠢᠨ ᠬᠠᠮᠵᠢᠯᠴᠠᠨ ᠬᠥᠮᠥᠵᠢᠭᠦᠯᠬᠦ ᠲᠠᠪᠴᠠᠩ ᠪᠠᠢᠭᠤᠯᠵᠤ᠂ ᠶᠡᠭᠡ ᠳᠡᠭᠡᠳᠦ ᠰᠤᠷᠭᠠᠭᠤᠯᠢ ᠬᠢᠭᠡᠳ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠤᠨ ᠬᠠᠮᠲᠤ᠎ᠪᠠᠷ ᠳᠠᠳᠤᠯᠭ᠎ᠠ᠎ᠶᠢᠨ ᠰᠠᠭᠤᠷᠢᠨ ᠭᠠᠵᠠᠷ ᠪᠠᠶ᠋ᠢᠭᠤᠯᠬᠤ᠎ᠶᠢ ᠠᠬᠢᠭᠤᠯᠵᠤ᠂ ᠰᠣᠷᠣᠭ᠍ᠴᠢ᠎ᠶᠢ ᠰᠣᠩᠭᠣᠨ ᠲᠣᠮᠢᠯᠠᠵᠤ ᠳ᠋ᠠᠢᠲ᠋ᠠ ᠬᠥᠮᠥᠷᠭᠡ᠎ᠶᠢᠨ ᠪᠠᠢᠭᠤᠯᠤᠯᠲᠠ᠂ ᠲᠣᠭᠠᠴᠢᠯᠠᠭᠰᠠᠨ ᠦᠵᠡᠭᠦᠯᠭᠡ᠎ᠶᠢᠨ ᠡᠳ᠋᠎ᠢ ᠰᠤᠳᠤᠯᠤᠨ ᠨᠡᠭᠡᠭᠡᠬᠦ ᠵᠡᠷᠭᠡ ᠪᠣᠳᠠᠲᠠᠢ ᠲᠥᠷᠥᠯ ᠵᠦᠢᠯ᠎ᠳᠦ ᠣᠷᠣᠯᠴᠠᠭᠤᠯᠵᠤ ᠦᠢᠯᠡᠳᠦᠯᠭᠡ᠎ᠶᠢᠨ ᠴᠢᠳᠠᠪᠤᠷᠢ᠎ᠶᠢ ᠨᠢ ᠳᠡᠭᠡᠭᠰᠢᠯᠡᠭᠦᠯᠦᠨ᠎ᠡ᠃
ᠢᠷᠡᠭᠡᠳᠦᠢ᠎ᠳᠦ 5G᠂ ᠵᠣᠬᠢᠶᠠᠮᠠᠯ ᠣᠶᠤᠨᠴᠢ ᠴᠢᠳᠠᠪᠤᠷᠢ ᠵᠡᠷᠭᠡ ᠮᠡᠷᠭᠡᠵᠢᠯ᠎ᠦᠨ ᠦᠷᠭᠦᠯᠵᠢᠯᠡᠨ ᠬᠥᠭᠵᠢᠬᠦ᠎ᠶᠢ ᠳᠠᠭᠠᠯᠳᠤᠨ᠂ ᠲᠤᠮᠳᠠᠳᠤ ᠵᠢᠨ ᠤᠯᠠᠮᠵᠢᠯᠠᠯᠲᠤ ᠰᠢᠯᠢᠳᠡᠭ ᠰᠣᠶᠣᠯ᠎ᠢ ᠪᠦᠳᠦᠭᠡᠯᠴᠢ ᠪᠠᠷ ᠤᠯᠠᠷᠢᠭᠤᠯᠤᠨ ᠬᠦᠭᠵᠢᠬᠦᠯᠬᠦ ᠳ᠋ᠤ ᠲᠣᠭᠠᠴᠢᠯᠠᠭᠰᠠᠨ ᠮᠡᠷᠭᠡᠵᠢᠯ᠎ᠦᠨ ᠦᠢᠯᠡᠳᠦᠯ ᠨᠠᠩ ᠶᠡᠭᠡ ᠪᠤᠯᠬᠤ ᠪᠣᠯᠣᠨ᠎ᠠ᠃ ᠮᠡᠷᠭᠡᠵᠢᠯ ᠪᠠ ᠰᠣᠶᠣᠯ᠎ᠤᠨ ᠭᠦᠨᠵᠡᠭᠡᠢ ᠠᠭᠤᠰᠤᠯᠴᠠᠯ ᠳᠤᠮᠳᠠ᠂ ᠤᠯᠠᠮᠵᠢᠯᠠᠯᠲᠤ ᠰᠢᠯᠢᠳᠡᠭ ᠰᠣᠶᠣᠯ ᠨᠢ ᠡᠬᠢ ᠪᠠᠶᠠᠯᠢᠭ᠋᠎ᠢ ᠥᠨᠢᠳᠡ ᠬᠠᠳᠠᠭᠠᠯᠠᠬᠤ ᠪᠠ ᠥᠷᠭᠡᠨ ᠵᠢᠡᠷ ᠤᠯᠠᠮᠵᠢᠯᠠᠬᠤ᠎ᠶᠢ ᠪᠡᠶᠡᠯᠡᠭᠦᠯᠵᠦ ᠴᠢᠳᠠᠬᠤ᠎ᠪᠠᠷ ᠪᠠᠷᠠᠬᠤ ᠦᠭᠡᠢ᠂ ᠨᠠᠩ ᠴᠤ᠌ ᠪᠦᠲᠦᠭᠡᠯᠴᠢ ᠴᠢᠨᠠᠷᠲᠠᠢ ᠪᠠᠷ ᠤᠯᠠᠷᠢᠭᠤᠯᠬᠤ᠎ᠪᠠᠷ ᠳᠠᠮᠵᠢᠨ ᠲᠣᠭᠠᠴᠢᠯᠠᠭᠰᠠᠨ ᠰᠣᠶᠣᠯ᠎ᠤᠨ ᠡᠭᠦᠳᠦᠯᠲᠡ᠂ ᠣᠶᠤᠨᠲᠤ ᠰᠣᠶᠣᠯ᠎ᠤᠨ ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠪᠣᠶ ᠪᠣᠯᠭᠠᠵᠤ᠂ ᠰᠣᠶᠣᠯ᠎ᠤᠨ ᠦᠨ᠎ᠡ ᠥᠷᠲᠡᠭ ᠪᠠ ᠠᠵᠤ ᠠᠬᠤᠢ᠎ᠶᠢᠨ ᠦᠨ᠎ᠡ ᠥᠷᠲᠡᠭ᠎ᠦᠨ ᠨᠢᠭᠡᠳᠦᠯ᠎ᠢ ᠪᠡᠶᠡᠯᠡᠭᠦᠯᠵᠦ ᠴᠢᠳᠠᠨ᠎ᠠ᠃ ᠡᠨᠡᠬᠦ ᠶᠠᠪᠤᠴᠠ ᠨᠢ ᠤᠯᠠᠮᠵᠢᠯᠠᠯᠲᠤ ᠰᠢᠯᠢᠳᠡᠭ ᠰᠣᠶᠣᠯ᠎ᠤᠨ ᠲᠤᠰ ᠪᠡᠶ᠎ᠡ᠎ᠶᠢᠨ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠬᠤᠳ᠋ᠤ ᠵᠠᠢᠯᠠᠰᠢ ᠦᠭᠡᠢ ᠵᠠᠮᠨᠠᠬᠤ ᠵᠠᠮ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠳᠤᠮᠳᠠᠳᠤ᠎ᠶᠢᠨ ᠰᠣᠶᠣᠯ᠎ᠤᠨ ᠲᠣᠭᠠᠴᠢᠯᠠᠭᠰᠠᠨ ᠴᠠᠭ ᠦᠶ᠎ᠡ᠎ᠳᠦ ᠤᠯᠠᠮᠵᠢᠯᠠᠨ ᠵᠠᠯᠭᠠᠮᠵᠢᠯᠠᠵᠤ ᠰᠢᠨ᠎ᠡ᠎ᠶᠢ ᠡᠭᠦᠳᠬᠦ᠎ᠶᠢ ᠪᠡᠶᠡᠯᠡᠭᠦᠯᠬᠦ ᠠᠮᠢᠳᠤᠯᠢᠭ᠋ ᠦᠢᠯᠡᠳᠦᠯᠭᠡ ᠪᠠᠢᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠳᠦ ᠶᠡᠭᠡᠭᠡᠨ ᠬᠤᠪᠢ ᠨᠡᠮᠡᠷᠢ ᠦᠵᠡᠬᠦᠯᠬᠦ ᠪᠣᠯᠣᠨ᠎ᠠ᠃
(ᠵᠣᠬᠢᠶᠠᠭ᠍ᠴᠢ ᠶᠢᠨ ᠬᠠᠶᠢᠭ᠋᠄ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ)