ᠠᠮᠤ ᠪᠤᠳᠠᠭᠠᠨ᠎ᠤ ᠠᠵᠤ ᠦᠢᠯᠡᠰ᠎ᠦᠨ ᠥᠷᠲᠡᠭ᠎ᠦᠨ ᠵᠠᠰᠠᠯᠲᠠ᠎ᠶᠢᠨ ᠲᠣᠭᠲᠠᠴᠠ᠎ᠶᠢ ᠬᠡᠷᠬᠢᠨ ᠲᠡᠭᠦᠯᠳᠡᠷᠵᠢᠭᠦᠯᠬᠦ ᠪᠤᠢ
2026-03-27 11:15:30
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠶᠠᠩ ᠽᠢ ᠬᠣᠩ᠂ ᠵᠠᠩ ᠶᠠᠩ᠂᠎ᠶᠢᠨ ᠴᠠᠩ ᠪᠢᠨ 《ᠬᠦᠳᠡᠭᠡ ᠠᠵᠤ ᠠᠬᠤᠢ᠎ᠶᠢᠨ ᠠᠰᠠᠭᠤᠳᠠᠯ》 ᠰᠡᠳᠭᠦᠯ᠎ᠤᠨ 2025 ᠣᠨ᠎ᠤ 4 ᠳ᠋ᠤᠭᠡᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠠᠮᠤ ᠪᠤᠳᠠᠭ᠎ᠠ ᠨᠢ ᠡᠩ᠎ᠦᠨ ᠲᠠᠸᠠᠷ᠎ᠤᠨ ᠰᠢᠨᠵᠢ ᠴᠢᠨᠠᠷ ᠪᠠ ᠣᠯᠠᠨ ᠨᠡᠶ᠋ᠢᠲᠡ᠎ᠶᠢᠨ ᠪᠦᠬᠦᠢ ᠡᠳ᠋ ᠪᠣᠳᠠᠰ᠎ᠤᠨ ᠰᠢᠨᠵᠢ ᠴᠢᠨᠠᠷ᠎ᠲᠠᠢ ᠪᠠᠢᠵᠤ᠂ ᠵᠠᠰᠠᠭ᠎ᠤᠨ ᠣᠷᠳᠣᠨ᠎ᠠᠴᠠ ᠠᠮᠤ ᠪᠤᠳᠠᠭᠠᠨ᠎ᠤ ᠦᠢᠯᠡᠳᠪᠦᠷᠢᠯᠡᠯ᠎ᠳᠦ ᠣᠯᠠᠨ ᠨᠡᠶ᠋ᠢᠲᠡ᠎ᠶᠢᠨ ᠣᠷᠣᠭᠤᠯᠤᠯᠲᠠ ᠬᠢᠵᠦ᠂ ᠦᠢᠯᠡᠳᠪᠦᠷᠢᠯᠡᠭᠴᠢ᠎ᠶᠢᠨ ᠭᠠᠳᠠᠭᠠᠳᠤ ᠴᠢᠨᠠᠷ ᠪᠦᠬᠦᠢ ᠬᠣᠬᠢᠷᠠᠯ᠎ᠢ ᠲᠦᠯᠦᠵᠦ ᠨᠦᠬᠦᠪᠦᠷᠢᠯᠡᠬᠦ ᠬᠠᠷᠢᠭᠤᠴᠠᠯᠭ᠎ᠠ᠎ᠲᠠᠢ᠃ ᠡᠭᠦᠨ᠎ᠳᠦ᠂ ᠠᠮᠤ ᠪᠤᠳᠠᠭᠠᠨ᠎ᠤ ᠠᠵᠤ ᠦᠢᠯᠡᠰ᠎ᠦᠨ ᠦᠷᠳᠡᠭ᠎ᠦᠨ ᠵᠠᠰᠠᠯᠲᠠ᠎ᠶᠢᠨ ᠲᠣᠭᠲᠠᠴᠠ᠎ᠶᠢ ᠲᠡᠭᠦᠯᠳᠡᠷᠵᠢᠭᠦᠯᠵᠦ᠂ 《ᠨᠥᠬᠥᠪᠦᠷᠢᠯᠡᠬᠦ᠂ ᠬᠤᠪᠢᠷᠠᠭᠤᠯᠬᠤ᠂ ᠬᠣᠯᠪᠣᠭᠠᠯᠠᠬᠤ》 ᠠᠵᠢᠯ᠎ᠢ ᠰᠠᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ 《ᠨᠥᠬᠥᠪᠦᠷᠢᠯᠡᠬᠦ》 ᠭᠡᠳᠡᠭ ᠨᠢ 《ᠬᠥᠨᠳᠡᠯᠡᠨ ᠭᠤᠯᠳᠤ᠎ᠶᠢ ᠤᠶᠠᠯᠳᠤᠭᠤᠯᠤᠭᠰᠠᠨ》 ᠠᠮᠤ ᠪᠤᠳᠠᠭᠠᠨ᠎ᠤ ᠭᠣᠣᠯ ᠭᠠᠷᠤᠯᠲᠠ᠎ᠶᠢᠨ ᠣᠷᠣᠨ᠎ᠤ ᠠᠰᠢᠭ᠋ ᠲᠤᠰᠠ᠎ᠶᠢ ᠨᠥᠬᠥᠪᠦᠷᠢᠯᠡᠬᠦ ᠲᠣᠭᠲᠠᠴᠠ᠎ᠶᠢ ᠪᠠᠢᠭᠤᠯᠤᠨ ᠪᠦᠷᠢᠨᠰᠢᠭᠦᠯᠬᠦ ᠶᠠᠪᠤᠳᠠᠯ ᠪᠣᠯᠣᠨ᠎ᠠ᠃ ᠭᠣᠣᠯ ᠪᠣᠷᠤᠯᠠᠭᠤᠯᠭ᠎ᠠ᠎ᠶᠢᠨ ᠣᠷᠣᠨ᠎ᠳᠤ ᠨᠥᠬᠥᠪᠦᠷᠢ ᠥᠭᠬᠦ᠂ ᠭᠣᠣᠯ ᠭᠠᠷᠤᠯᠲᠠ᠎ᠶᠢᠨ ᠣᠷᠣᠨ᠎ᠤ ᠨᠥᠬᠥᠪᠦᠷᠢ ᠣᠯᠭᠤᠬᠤ ᠪᠠᠷᠢᠮᠵᠢᠶ᠎ᠠ ᠪᠠ ᠠᠷᠭ᠎ᠠ ᠮᠠᠶᠢᠭ᠋᠎ᠢ ᠬᠠᠢᠨ ᠰᠦᠪᠡᠭᠴᠢᠯᠡᠵᠦ᠂ ᠲᠥᠪ᠎ᠤᠨ ᠱᠠᠲᠤᠨ᠎ᠠᠴᠠ ᠨᠢᠭᠡᠳᠦᠯᠲᠡᠢ ᠲᠥᠯᠥᠪᠵᠢᠭᠦᠯᠦᠭᠰᠡᠨ ᠮᠤᠵᠢ᠎ᠶᠢᠨ ᠳᠡᠰ᠎ᠤᠨ ᠠᠰᠢᠭ᠋ ᠲᠤᠰᠠ᠎ᠶᠢᠨ ᠬᠥᠨᠳᠡᠯᠡᠨ ᠴᠢᠭᠯᠡᠯ᠎ᠢᠶᠡᠷ ᠨᠥᠬᠥᠪᠦᠷᠢ ᠥᠭᠬᠦ ᠲᠣᠭᠲᠠᠴᠠ᠎ᠶᠢ ᠪᠠᠢᠭᠤᠯᠤᠨ᠎ᠠ; ᠠᠮᠤ ᠪᠤᠳᠠᠭᠠᠨ᠎ᠤ ᠭᠣᠣᠯ ᠭᠠᠷᠤᠯᠲᠠ᠎ᠶᠢᠨ ᠣᠷᠣᠨ ᠪᠠ ᠠᠮᠤ ᠪᠤᠳᠠᠭᠠᠨ᠎ᠤ ᠦᠢᠯᠡᠳᠪᠦᠷᠢᠯᠡᠯ᠎ᠦᠨ ᠭᠣᠣᠯ ᠴᠣᠭᠴᠠ᠎ᠪᠠᠷ ᠭᠣᠣᠯ ᠪᠣᠯᠭᠠᠭᠰᠠᠨ ᠭᠤᠯᠳᠤ᠎ᠴᠢᠭᠯᠡᠯ᠎ᠤᠨ ᠠᠰᠢᠭ᠋ ᠲᠤᠰᠠ᠎ᠶᠢᠨ ᠨᠥᠬᠥᠪᠦᠷᠢ᠎ᠶᠢᠨ ᠲᠣᠭᠲᠠᠴᠠ᠎ᠶᠢ ᠪᠠᠢᠭᠤᠯᠵᠤ᠂ ᠠᠮᠤ ᠪᠤᠳᠠᠭᠠᠨ᠎ᠤ ᠭᠠᠷᠤᠯᠲᠠ ᠶᠡᠬᠡᠲᠡᠢ ᠰᠢᠶᠠᠨ᠎ᠳᠤ ᠡᠳ᠋᠎ᠦᠨ ᠵᠠᠰᠠᠭ᠎ᠤᠨ ᠰᠢᠯᠵᠢᠭᠦᠯᠦᠨ ᠥᠭᠬᠦ ᠪᠠ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠳᠠᠬᠢ ᠣᠷᠣᠭᠤᠯᠤᠯᠲᠠ᠎ᠶᠢᠨ ᠡᠷᠴᠢᠮ᠎ᠢ ᠦᠷᠭᠦᠯᠵᠢᠯᠡᠨ ᠴᠢᠩᠭᠠᠷᠠᠭᠤᠯᠤᠨ᠎ᠠ᠃ 《ᠬᠤᠪᠢᠷᠠᠭᠤᠯᠬᠤ》 ᠭᠡᠳᠡᠭ ᠨᠢ ᠴᠢᠨᠠᠷ ᠰᠠᠢᠲᠠᠢ ᠣᠳᠣ᠌ ᠦᠶ᠎ᠡ᠎ᠶᠢᠨ ᠠᠮᠤ ᠪᠤᠳᠠᠭᠠᠨ᠎ᠤ ᠠᠵᠤ ᠦᠢᠯᠡᠰ᠎ᠦᠨ ᠰᠢᠰᠲᠧᠮ᠎ᠢ ᠪᠠᠢᠭᠤᠯᠵᠤ᠂ ᠭᠣᠣᠯ ᠭᠠᠷᠤᠯᠲᠠ᠎ᠶᠢᠨ ᠣᠷᠣᠨ᠎ᠤ ᠠᠮᠤ ᠪᠤᠳᠠᠭᠠᠨ᠎ᠤ ᠡᠬᠢ ᠪᠠᠶᠠᠯᠢᠭ᠋᠎ᠤᠨ ᠳᠠᠪᠠᠭᠤᠯᠢᠭ᠋᠎ᠢ ᠠᠵᠤ ᠠᠬᠤᠢ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ᠎ᠶᠢ ᠬᠡᠯᠡᠵᠦ ᠪᠤᠢ᠃ ᠠᠮᠤ ᠪᠤᠳᠠᠭᠠᠨ᠎ᠤ ᠠᠵᠤ ᠦᠢᠯᠡᠰ᠎ᠦᠨ ᠬᠥᠭᠵᠢᠯᠲᠡ᠎ᠶᠢᠨ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠬᠠᠢᠨ ᠰᠦᠪᠡᠭᠴᠢᠯᠡᠵᠦ᠂ ᠠᠮᠤ ᠪᠤᠳᠠᠭᠠᠨ᠎ᠤ ᠠᠵᠤ ᠦᠢᠯᠡᠰ᠎ᠦᠨ ᠭᠣᠣᠯ ᠴᠣᠭᠴᠠ᠎ᠶᠢ ᠪᠣᠢᠵᠢᠭᠤᠯᠤᠨ ᠪᠤᠵᠠᠭᠠᠢᠷᠠᠭᠤᠯᠤᠨ᠎ᠠ᠃ 《ᠬᠣᠯᠪᠣᠭᠠᠯᠠᠬᠤ》 ᠭᠡᠳᠡᠭ ᠨᠢ ᠬᠥᠳᠡᠭᠡ ᠠᠵᠤ ᠠᠬᠤᠢ᠎ᠲᠠᠢ ᠬᠣᠯᠪᠤᠭᠠᠯᠠᠨ ᠬᠥᠳᠡᠭᠡ ᠠᠵᠤ ᠠᠬᠤᠢ᠎ᠶᠢ ᠳᠠᠭᠠᠭᠤᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠦ ᠰᠢᠰᠲᠧᠮ᠎ᠢ ᠪᠠᠶ᠋ᠢᠭᠤᠯᠬᠤ ᠪᠠ ᠲᠠᠷᠢᠶᠠᠴᠢᠳ᠎ᠤᠨ ᠠᠮᠤ ᠪᠤᠳᠠᠭᠠᠨ᠎ᠤ ᠠᠰᠢᠭ᠋ ᠣᠷᠣᠯᠭ᠎ᠠ᠎ᠶᠢ ᠳᠡᠭᠡᠭᠰᠢᠯᠡᠭᠦᠯᠬᠦ᠎ᠶᠢ ᠨᠢᠭᠡᠳᠦᠭᠦᠯᠦᠭᠰᠡᠨ ᠦᠷᠳᠡᠭ᠎ᠦᠨ ᠬᠡᠯᠬᠢᠶ᠎ᠡ᠎ᠶᠢ ᠪᠠᠢᠭᠤᠯᠵᠤ᠂ ᠲᠠᠷᠢᠶᠠᠴᠢᠳ᠎ᠲᠤ ᠠᠮᠤ ᠪᠤᠳᠠᠭᠠᠨ᠎ᠤ ᠪᠦᠬᠦ ᠠᠵᠤ ᠦᠢᠯᠡᠰ᠎ᠦᠨ ᠬᠡᠯᠬᠢᠶ᠎ᠡ᠎ᠶᠢᠨ ᠳᠤᠮᠳᠠᠴᠢ ᠦᠷᠳᠡᠭ ᠣᠯᠭᠣᠬᠤ᠎ᠶᠢ ᠬᠡᠯᠡᠵᠦ ᠪᠤᠢ᠃ ᠨᠢᠭᠡ᠎ᠳᠦ᠂ ᠠᠮᠤ ᠪᠤᠳᠠᠭᠠᠨ᠎ᠤ ᠪᠦᠬᠦ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢ ᠲᠦᠷᠭᠡᠳᠬᠡᠵᠦ᠂ 《ᠦᠢᠯᠡᠳᠪᠦᠷᠢᠯᠡᠬᠦ᠂ ᠬᠤᠳᠠᠯᠳᠤᠨ ᠠᠪᠬᠤ᠂ ᠬᠠᠳᠠᠭᠠᠯᠠᠬᠤ᠂ ᠡᠳ᠋ᠰᠢᠭᠦᠯᠬᠦ᠂ ᠪᠣᠷᠣᠯᠠᠭᠤᠯᠬᠤ》᠎ᠵᠢ ᠨᠢᠭᠡ ᠴᠣᠭᠴᠠᠵᠢᠭᠤᠯᠤᠭᠰᠠᠨ ᠵᠠᠭᠪᠤᠷ᠎ᠢ ᠪᠣᠶ ᠪᠣᠯᠭᠠᠵᠤ᠂ ᠠᠮᠤ ᠪᠤᠳᠠᠭᠠᠨ᠎ᠤ ᠭᠣᠣᠯ ᠭᠠᠷᠤᠯᠲᠠ᠎ᠶᠢᠨ ᠰᠢᠶᠠᠨ᠎ᠤ ᠲᠦᠭᠦᠬᠡᠢ ᠮᠠᠲᠧᠷᠢᠶᠠᠯ ᠡᠳ᠋ᠰᠢᠭᠦᠯᠬᠦ ᠰᠠᠭᠤᠷᠢᠨ ᠭᠠᠵᠠᠷ᠎ᠢ ᠪᠠᠶ᠋ᠢᠭᠤᠯᠬᠤ᠎ᠶᠢ ᠳᠡᠮᠵᠢᠵᠦ᠂ ᠡᠳ᠋ᠰᠢᠭᠦᠯᠬᠦ ᠠᠵᠤ ᠠᠬᠤᠢᠯᠠᠯ ᠬᠢᠭᠡᠳ ᠠᠮᠤ ᠪᠤᠳᠠᠭᠠᠨ᠎ᠤ ᠦᠢᠯᠡᠳᠪᠦᠷᠢᠯᠡᠯ᠎ᠦᠨ ᠭᠣᠣᠯ ᠴᠣᠭᠴᠠ᠎ᠶᠢᠨ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ ᠪᠠ ᠬᠠᠮᠵᠢᠯᠴᠠᠬᠤ᠎ᠶᠢ ᠥᠷᠨᠢᠭᠦᠯᠦᠨ᠎ᠡ᠃ ᠬᠣᠶᠠᠷ᠎ᠲᠤ᠂ ᠲᠠᠷᠢᠶᠠᠯᠠᠩ᠎ᠤᠨ ᠳᠠᠭᠠᠳᠬᠠᠯ᠂ ᠦᠢᠯᠡᠳᠪᠦᠷᠢᠯᠡᠭᠴᠢᠳ᠎ᠲᠦ ᠨᠥᠬᠥᠪᠦᠷᠢ ᠤᠯᠭᠤᠬᠤ ᠪᠠ ᠠᠮᠤ ᠪᠤᠳᠠᠭ᠎ᠠ ᠬᠤᠳᠠᠯᠳᠤᠨ ᠠᠪᠬᠤ ᠵᠡᠷᠭᠡ ᠲᠥᠷᠥ᠎ᠶᠢᠨ ᠪᠣᠳᠣᠯᠭ᠎ᠠ᠎ᠪᠠᠷ ᠭᠣᠣᠯᠯᠠᠭᠤᠯᠤᠨ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠨᠥᠬᠥᠪᠦᠷᠢ᠎ᠶᠢᠨ ᠪᠠᠷᠢᠮᠵᠢᠶ᠎ᠠ᠎ᠶᠢ ᠲᠣᠭᠲᠠᠭᠠᠵᠤ᠂ ᠠᠮᠤ ᠪᠤᠳᠠᠭᠠᠨ᠎ᠤ ᠦᠨ᠎ᠡ ᠬᠠᠩᠰᠢ᠎ᠶᠢ ᠬᠢᠨᠠᠨ ᠬᠡᠮᠵᠢᠬᠦ ᠲᠣᠭᠲᠠᠴᠠ᠎ᠶᠢ ᠲᠡᠭᠦᠯᠳᠡᠷᠵᠢᠭᠦᠯᠬᠦ ᠬᠡᠷᠡᠭᠲᠡᠢ᠃

(《ᠱᠢᠨᠬᠤᠸᠠ ᠵᠤᠬᠢᠶᠠᠯ᠎ᠤᠨ ᠱᠦᠭᠦᠮᠡᠭ》 ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号