ᠨᠠᠰᠤᠲᠠᠢᠴᠤᠳ᠎ᠲᠦ ᠨᠥᠬᠥᠷᠰᠡᠭ ᠬᠣᠲᠠ ᠪᠣᠯᠣᠨ ᠨᠡᠢᠭᠡᠮ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠳᠤ ᠣᠷᠣᠰᠢᠵᠤ ᠪᠠᠢᠭ᠎ᠠ ᠬᠡᠳᠦᠨ ᠠᠰᠠᠭᠤᠳᠠᠯ
2026-03-27 11:19:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠫᠸᠩ ᠱᠢᠨ ᠶᠤᠸᠠᠢ᠂ ᠯᠢᠦ ᠢᠦᠢ ᠴᠢ᠂ ᠾᠧ ᠬᠣᠩ ᠽᠧ 《ᠬᠣᠲᠠ᠎ᠶᠢᠨ ᠠᠵᠢᠭ᠍ᠯᠠᠯᠲᠠ》 ᠰᠡᠳᠭᠦᠯ᠎ᠤᠨ 2025 ᠣᠨ᠎ᠤ 2 ᠳ᠋ᠤᠭᠠᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠨᠠᠰᠤᠲᠠᠢᠴᠤᠳ᠎ᠲᠦ ᠨᠥᠬᠥᠷᠰᠡᠭ ᠬᠣᠲᠠ᠎ᠶᠢ ᠲᠤᠷᠰᠢᠯᠳᠠ ᠵᠢᠨ ᠴᠡᠭ᠎ᠢ ᠡᠭᠦᠳᠦᠨ ᠪᠠᠶ᠋ᠢᠭᠤᠯᠬᠤ ᠠᠬᠤᠢ ᠪᠠᠢᠳᠠᠯ ᠳᠣᠣᠷ᠎ᠠ᠂ ᠮᠠᠨ᠎ᠤ ᠤᠯᠤᠰ ᠪᠥᠬᠥ ᠤᠯᠤᠰ᠎ᠤᠨ ᠵᠢᠱ᠌ᠢᠶ᠎ᠡ ᠦᠵᠡᠭᠦᠯᠬᠦ ᠴᠢᠨᠠᠷᠲᠠᠢ ᠨᠠᠰᠤᠲᠠᠢᠴᠤᠳ᠎ᠲᠦ ᠨᠥᠬᠥᠷᠰᠡᠭ ᠬᠡᠯᠪᠡᠷᠢ ᠵᠢᠨ ᠨᠡᠢᠭᠡᠮ ᠲᠣᠭᠣᠷᠢᠭ᠋᠎ᠢ ᠡᠭᠦᠳᠦᠨ ᠪᠠᠶ᠋ᠢᠭᠤᠯᠬᠤ ᠠᠵᠢᠯ᠎ᠢ ᠠᠯᠬᠤᠮ ᠠᠯᠬᠤᠮ᠎ᠢᠶᠠᠷ ᠥᠷᠨᠢᠭᠦᠯᠵᠦ ᠪᠤᠢ᠃ ᠡᠯ᠎ᠡ ᠭᠠᠵᠠᠷ᠎ᠤᠨ ᠬᠢᠨ ᠬᠣᠲᠠ᠎ᠶᠢᠨ ᠣᠨᠴᠠᠯᠢᠭ᠋᠎ᠲᠦ ᠰᠠᠭᠤᠷᠢᠯᠠᠨ᠂ ᠨᠡᠢᠭᠡᠮ ᠲᠣᠭᠣᠷᠢᠭ᠋᠎ᠤᠨ ᠲᠠᠯ᠎ᠠ᠎ᠪᠠᠷ ᠮᠠᠰᠢ ᠣᠯᠠᠨ ᠢᠳᠡᠪᠬᠢᠲᠡᠢ ᠰᠦᠪᠡᠭᠴᠢᠯᠡᠯᠲᠡ ᠬᠢᠭᠰᠡᠨ ᠪᠥᠭᠡᠳ ᠵᠣᠬᠢᠴᠠᠩᠭᠤᠢ ᠬᠡᠷᠡᠭᠵᠢᠭᠦᠯᠬᠦ ᠭᠦᠢᠴᠡᠳᠬᠡᠯ ᠲᠣᠭᠠᠨ᠎ᠤ ᠰᠢᠰᠲᠧᠮ᠎ᠢ ᠲᠣᠭᠲᠠᠭᠠᠭᠰᠠᠨ ᠪᠠᠢᠨ᠎ᠠ᠃ ᠭᠡᠲᠡᠯ᠎ᠡ ᠤᠯᠠᠨ ᠬᠤᠳᠠ᠎ᠳᠦ ᠪᠠᠢᠴᠠᠭᠠᠨ ᠰᠤᠳᠤᠯᠤᠯᠲᠠ᠎ᠬᠢᠭᠰᠡᠨ ᠪᠠᠢᠳᠠᠯ᠎ᠢ ᠦᠨᠳᠦᠰᠦᠯᠡᠪᠡᠯ᠂ ᠮᠠᠨ᠎ᠤ ᠤᠯᠤᠰ᠎ᠤᠨ ᠨᠠᠰᠤᠲᠠᠢᠴᠤᠳ᠎ᠲᠦ ᠨᠥᠬᠥᠷᠰᠡᠭ ᠬᠤᠳᠠ ᠪᠣᠯᠣᠨ ᠨᠡᠢᠭᠡᠮ ᠲᠣᠭᠣᠷᠢᠭ᠋᠎ᠤᠨ ᠪᠦᠲᠦᠭᠡᠨ ᠪᠠᠢᠭᠤᠯᠤᠯᠲᠠ ᠬᠡᠳᠦᠢᠪᠡᠷ ᠵᠣᠬᠢᠬᠤ ᠦᠷ᠎ᠡ ᠪᠦᠲᠦᠮᠵᠢ ᠣᠯᠣᠭᠰᠠᠨ ᠪᠣᠯᠪᠠᠴᠤ᠂ ᠪᠣᠳᠠᠰ᠎ᠤᠨ ᠣᠷᠴᠢᠨ ᠲᠣᠭᠣᠷᠢᠨ᠎ᠤ ᠪᠦᠲᠦᠭᠡᠨ ᠪᠠᠢᠭᠤᠯᠤᠯᠲᠠ᠂ ᠨᠡᠢᠭᠡᠮ ᠲᠣᠭᠣᠷᠢᠭ᠋᠎ᠤᠨ ᠣᠷᠴᠢᠨ ᠲᠣᠭᠣᠷᠢᠨ᠎ᠢ ᠪᠤᠢ ᠪᠣᠯᠭᠠᠬᠤ᠂ ᠨᠡᠢᠭᠡᠮ ᠲᠣᠭᠣᠷᠢᠭ᠋᠎ᠤᠨ ᠨᠠᠰᠤᠵᠢᠯ᠎ᠤᠨ ᠦᠢᠯᠡᠴᠢᠯᠡᠭᠡᠨ᠎ᠦ ᠬᠠᠩᠭᠠᠯᠭ᠎ᠠ᠂ ᠤᠯᠠᠨ ᠡᠰᠢᠲᠦ ᠭᠣᠣᠯ ᠴᠣᠭᠴᠠ ᠣᠷᠣᠯᠴᠠᠬᠤ ᠵᠡᠷᠭᠡ ᠵᠠᠩᠭᠢᠯᠠᠭ᠎ᠠ᠎ᠶᠢᠨ ᠲᠠᠯ᠎ᠠ᠎ᠪᠠᠷ ᠮᠥᠨ ᠬᠦ᠌ ᠨᠡᠢᠳᠡᠮ᠎ᠦᠨ ᠴᠢᠨᠠᠷᠲᠠᠢ ᠠᠰᠠᠭᠤᠳᠠᠯ ᠣᠷᠣᠰᠢᠵᠤ ᠪᠠᠢᠨ᠎ᠠ ᠬᠡᠵᠦ ᠵᠢᠭᠠᠵᠦ ᠭᠠᠷᠭᠠᠪᠠ᠃ ᠡᠡᠭ ᠳᠡᠷᠢᠭᠦᠨ᠎ᠳᠦ᠂ ᠲᠡᠦᠬᠡ᠎ᠶᠢᠨ ᠰᠢᠯᠲᠠᠭᠠᠨ᠎ᠠᠴᠠ ᠪᠣᠯᠵᠤ ᠮᠠᠨ᠎ᠤ ᠤᠯᠤᠰ᠎ᠤᠨ ᠬᠤᠳᠠ᠎ᠶᠢᠨ ᠲᠥᠯᠦᠪᠵᠢᠭᠦᠯᠭᠡ ᠪᠠ ᠨᠡᠢᠭᠡᠮ ᠲᠣᠭᠣᠷᠢᠭ᠋᠎ᠤᠨ ᠪᠦᠲᠦᠭᠡᠨ ᠪᠠᠢᠭᠤᠯᠤᠯᠲᠠ ᠨᠢ ᠣᠷᠣᠨ ᠰᠠᠭᠤᠴᠠ᠎ᠶᠢᠨ ᠦᠨᠳᠦᠰᠦᠨ ᠬᠡᠷᠡᠭᠴᠡᠭᠡ᠎ᠶᠢ ᠬᠠᠩᠭᠠᠬᠤ᠎ᠳᠤ ᠨᠡᠩ ᠢᠯᠡᠭᠦᠦ ᠠᠩᠬᠠᠷᠤᠯ᠎ᠢᠶᠠᠨ ᠲᠥᠪᠯᠡᠷᠡᠭᠦᠯᠵᠦ᠂ ᠨᠠᠰᠤᠵᠢᠯ᠎ᠤᠨ ᠨᠡᠢᠭᠡᠮ᠎ᠦᠨ ᠬᠠᠨᠳᠤᠰᠢ᠎ᠶᠢᠨ ᠵᠢᠱ᠌ᠢᠯᠲᠡ᠎ᠪᠡᠷ ᠭᠦᠢᠴᠡᠳ ᠪᠤᠰᠤ ᠶᠤᠮ᠃ ᠮᠠᠨ᠎ᠤ ᠤᠯᠤᠰ᠎ᠤᠨ ᠨᠠᠰᠤᠵᠢᠯ᠎ᠤᠨ ᠬᠢᠷᠢ ᠬᠡᠮᠵᠢᠶ᠎ᠡ᠎ᠶᠢᠨ ᠲᠠᠰᠤᠷᠠᠯᠲᠠ ᠦᠭᠡᠢ ᠭᠦᠨᠵᠡᠭᠡᠢᠷᠡᠬᠦ᠎ᠶᠢ ᠳᠠᠭᠠᠯᠳᠤᠨ᠂ ᠨᠡᠶ᠋ᠢᠭᠡᠮ ᠲᠣᠭᠣᠷᠢᠭ᠋᠎ᠤᠨ ᠪᠣᠳᠠᠰ᠎ᠤᠨ ᠣᠷᠴᠢᠨ ᠲᠣᠭᠣᠷᠢᠨ᠎ᠤ ᠪᠦᠲᠦᠭᠡᠨ ᠪᠠᠶ᠋ᠢᠭᠤᠯᠤᠯᠲᠠ ᠳᠤᠲᠠᠮᠠᠭ ᠡᠴᠡ ᠲᠦᠬᠦᠭᠡᠷᠦᠮᠵᠢ ᠪᠡ ᠣᠷᠣᠨ ᠵᠠᠶ᠎ᠶᠢᠨ ᠨᠠᠰᠤᠵᠢᠯ᠎ᠳᠤ ᠲᠣᠬᠢᠷᠠᠬᠤ ᠴᠢᠨᠠᠷ᠎ᠢ ᠭᠦᠶ᠋ᠴᠡᠳ ᠪᠣᠳᠣᠯᠬᠢᠯᠠᠬᠤ ᠠᠰᠠᠭᠤᠳᠠᠯ ᠤᠯᠠᠮ᠎ᠠᠴᠠ ᠤᠯᠠᠮ ᠳᠣᠪᠣᠶ᠋ᠢᠵᠤ ᠪᠤᠢ᠃ ᠳᠠᠷᠠᠭᠠᠯᠠᠪᠠᠯ᠂ ᠣᠯᠠᠩᠬᠢ ᠬᠣᠲᠠ᠎ᠶᠢᠨ ᠨᠡᠢᠭᠡᠮ ᠲᠣᠭᠣᠷᠢᠭ᠋ ᠨᠢ ᠨᠠᠰᠤᠲᠠᠢᠴᠤᠳ᠎ᠲᠦ ᠨᠥᠬᠥᠷᠰᠡᠭ ᠪᠠᠢᠭᠤᠯᠤᠯᠲᠠ᠎ᠶᠢᠨ ᠲᠠᠯ᠎ᠠ᠎ᠪᠠᠷ ᠮᠥᠨ ᠯᠡ ᠬᠠᠲᠠᠭᠤ ᠲᠣᠨᠣᠭ᠎ᠤᠨ ᠲᠥᠬᠦᠭᠡᠷᠦᠮᠵᠢ᠎ᠶᠢ ᠳᠡᠭᠡᠭᠰᠢᠯᠡᠭᠦᠯᠬᠦ᠎ᠶᠢ ᠴᠢᠬᠤᠯᠠᠴᠢᠯᠠᠵᠤ᠂ ᠨᠡᠢᠭᠡᠮ᠎ᠦᠨ ᠣᠷᠴᠢᠨ ᠲᠣᠭᠣᠷᠢᠨ᠎ᠤ ᠰᠠᠢᠵᠢᠷᠠᠯᠲᠠ᠎ᠶᠢ ᠤᠮᠳᠤᠭᠠᠢᠯᠠᠭᠰᠠᠭᠠᠷ ᠪᠠᠢᠨ᠎ᠠ᠃ ᠨᠡᠢᠭᠡᠮ ᠲᠣᠭᠣᠷᠢᠭ᠋᠎ᠤᠨ ᠥᠭᠡᠷᠡᠴᠢᠯᠡᠯᠲᠡ ᠨᠢ ᠣᠯᠠᠩᠬᠢ᠎ᠳᠠᠭᠠᠨ ᠳᠡᠭᠡᠷ᠎ᠡ ᠡᠴᠡ ᠳᠤᠷᠤᠭᠰᠢ ᠵᠠᠰᠠᠭ ᠵᠠᠬᠢᠷᠭᠠᠨ᠎ᠤ ᠬᠦᠴᠦᠨ᠎ᠢᠶᠡᠷ ᠭᠣᠣᠯᠯᠠᠭᠤᠯᠤᠭᠰᠠᠨ ᠥᠭᠡᠷᠡᠴᠢᠯᠡᠯᠲᠡ᠎ᠶᠢᠨ ᠵᠠᠭᠪᠤᠷ᠎ᠢ ᠬᠡᠷᠡᠭᠵᠢᠭᠦᠯᠵᠦ᠂ ᠰᠠᠭᠤᠭᠠᠯᠢ ᠠᠷᠠᠳ ᠵᠥᠪᠬᠡᠨ ᠮᠡᠳᠡᠭᠡ ᠵᠠᠩᠭᠢ ᠬᠠᠩᠭᠠᠭ᠍ᠴᠢ᠎ᠵᠢᠨ ᠪᠠᠢᠳᠠᠯ᠎ᠳᠦ ᠤᠷᠤᠰᠢᠵᠤ᠂ ᠨᠡᠢᠭᠡᠮ ᠲᠣᠭᠣᠷᠢᠭ᠋᠎ᠤᠨ ᠬᠡᠷᠡᠭ ᠵᠥᠪᠯᠡᠬᠦ ᠭᠣᠣᠯ ᠳᠠᠪᠬᠤᠷᠭ᠎ᠠ᠎ᠳᠤ ᠣᠷᠣᠬᠤ᠎ᠳᠤ ᠮᠠᠰᠢ ᠬᠦᠴᠢᠷᠲᠡᠢ ᠪᠠᠢᠳᠠᠭ᠃ ᠭᠤᠷᠪᠠ᠎ᠳᠦ᠂ ᠨᠡᠢᠭᠡᠮ ᠲᠣᠭᠣᠷᠢᠭ᠋᠎ᠤᠨ ᠨᠠᠰᠤᠵᠢᠯ᠎ᠤᠨ ᠦᠢᠯᠡᠴᠢᠯᠡᠭᠡᠨ ᠵᠢᠴᠢ ᠪᠦᠷᠢᠨ ᠦᠢᠯᠡᠴᠢᠯᠡᠭᠡᠨ᠎ᠦ ᠬᠠᠩᠭᠠᠯᠭ᠎ᠠ᠎ᠶᠢᠨ ᠬᠢᠷᠢ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠬᠦ ᠴᠢᠬᠤᠯᠠᠲᠠᠢ ᠪᠠᠢᠵᠤ᠂ ᠨᠡᠢᠭᠡᠮ ᠲᠣᠭᠣᠷᠢᠭ᠋᠎ᠤᠨ ᠨᠠᠰᠤᠵᠢᠯ᠎ᠤᠨ ᠦᠢᠯᠡᠴᠢᠯᠡᠭᠡᠨ᠎ᠦ ᠲᠦᠬᠦᠭᠡᠷᠦᠮᠵᠢ ᠵᠢᠨ ᠨᠠᠰᠤᠵᠢᠯ᠎ᠤᠨ ᠦᠢᠯᠡᠴᠢᠯᠡᠭᠡ ᠬᠠᠩᠭᠠᠬᠤ ᠠᠭᠤᠯᠭ᠎ᠠ ᠨᠢ ᠬᠠᠷᠢᠴᠠᠩᠭᠤᠢ ᠲᠠᠩ ᠴᠤᠯᠭᠤᠢ ᠪᠠᠢᠨ᠎ᠠ᠃ ᠨᠡᠢᠭᠡᠮ ᠲᠣᠭᠣᠷᠢᠭ᠋᠎ᠤᠨ ᠤᠯᠠᠨ ᠡᠰᠢᠲᠦ ᠨᠡᠢᠭᠡᠮ᠎ᠦᠨ ᠬᠦᠴᠦᠨ᠎ᠦ ᠣᠷᠤᠯᠴᠠᠯᠭ᠎ᠠ ᠳᠤᠲᠠᠮᠠᠭ ᠪᠠᠢᠵᠤ᠂ ᠵᠠᠰᠠᠭ᠎ᠤᠨ ᠣᠷᠳᠣᠨ᠂ ᠨᠡᠢᠭᠡᠮ ᠲᠣᠭᠣᠷᠢᠭ᠋᠂ ᠭᠤᠷᠪᠠᠳᠠᠭᠢ ᠡᠲᠡᠭᠡᠳ᠎ᠦᠨ ᠵᠣᠬᠢᠶᠠᠨ ᠪᠠᠢᠭᠤᠯᠤᠯᠲᠠ ᠪᠠ ᠨᠠᠰᠤᠵᠢᠯ᠎ᠤᠨ ᠠᠵᠤ ᠠᠬᠤᠢᠯᠠᠯ ᠵᠡᠷᠭᠡ ᠭᠣᠣᠯ ᠴᠣᠭᠴᠠ᠎ᠶᠢᠨ ᠬᠣᠭᠣᠷᠣᠨᠳᠣᠬᠢ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠬᠠᠷᠢᠯᠴᠠᠨ ᠨᠥᠬᠥᠪᠦᠷᠢᠯᠡᠬᠦ ᠴᠢᠨᠠᠷ ᠬᠦᠷᠦᠯᠴᠡᠬᠦ ᠦᠭᠡᠢ ᠪᠠᠢᠵᠤ᠂ ᠪᠦᠲᠦᠮᠵᠢᠲᠡᠢ ᠬᠠᠮᠲᠤᠷᠠᠯ ᠬᠦᠴᠦᠨ᠎ᠢ ᠪᠦᠷᠢᠯᠳᠦᠭᠦᠯᠬᠦ᠎ᠳᠦ ᠪᠡᠷᠬᠡᠲᠡᠢ ᠪᠤᠯᠵᠦ ᠪᠤᠢ᠃

(《ᠱᠢᠨᠬᠤᠸᠠ ᠵᠤᠬᠢᠶᠠᠯ᠎ᠤᠨ ᠱᠦᠭᠦᠮᠡᠭ》 ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号