​ᠥᠷᠭᠡᠨ ᠣᠯᠠᠨ ᠠᠵᠢᠯᠲᠠᠨ ᠠᠵᠢᠯᠴᠢᠨ᠎ᠢ ᠪᠦᠯᠬᠦᠮᠳᠡᠭᠦᠯᠦᠨ ᠳᠠᠶ᠋ᠢᠴᠢᠯᠠᠵᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠬᠢᠯᠡᠯᠲᠡ᠎ᠶᠢ ᠪᠡᠶᠡᠯᠡᠭᠦᠯᠬᠦ᠎ᠳᠦ ᠬᠤᠪᠢ ᠨᠡᠮᠡᠷᠢ ᠦᠵᠡᠭᠦᠯᠤᠨ᠎ᠠ
2026-03-27 15:59:39
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 18᠎ᠤ᠋ ᠡᠳᠦᠷ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ (ᠥᠷᠭᠡᠳᠬᠡᠭᠰᠡᠨ) ᠤ᠋ᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ᠎ᠶᠢᠨ ᠫᠢᠩ᠎ᠤᠨ 《ᠲᠡᠯᠡᠶ ᠲᠠᠩᠭᠢᠰ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ》 ᠵᠣᠷᠢᠭ᠋ ᠰᠠᠨᠠᠭ᠎ᠠ ᠵᠢᠴᠢ ᠬᠠᠮᠢᠶ᠎ᠠ ᠪᠦᠬᠦᠢ ᠰᠢᠷᠢᠰ ᠶᠠᠷᠢᠶ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠲᠣᠬᠢᠷᠠᠭᠤᠯᠤᠨ ᠪᠠᠢᠷᠢᠯᠠᠭᠤᠯᠪᠠ᠃

ᠬᠤᠷᠠᠯ ᠡᠴᠡ᠂ ᠠᠵᠤ ᠦᠢᠯᠡᠰ᠎ᠦᠨ ᠠᠵᠢᠯᠴᠢᠨ᠎ᠤ ᠡᠩᠨᠡᠭᠡ᠎ᠶᠢᠨ ᠪᠠᠢᠭᠤᠯᠤᠯᠲᠠ ᠢ᠋ᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠬᠥᠳᠡᠯᠮᠦᠷᠢ ᠪᠣᠯᠣᠨ ᠤᠷ᠎ᠠ ᠴᠢᠳᠠᠪᠤᠷᠢ᠎ᠶᠢᠨ ᠤᠷᠤᠯᠳᠤᠭᠠᠨ ᠥᠷᠨᠢᠭᠦᠯᠵᠦ᠂ ᠬᠥᠳᠡᠯᠮᠦᠷᠢ᠎ᠶᠢᠨ ᠵᠢᠱ᠌ᠢᠶᠡᠴᠢ᠎ᠶᠢᠨ ᠵᠣᠷᠢᠭ᠋ ᠰᠠᠨᠠᠭ᠎ᠠ᠂ ᠬᠥᠳᠡᠯᠮᠦᠷᠢ᠎ᠶᠢᠨ ᠵᠣᠷᠢᠭ᠋ ᠰᠠᠨᠠᠭ᠎ᠠ᠂ ᠤᠷᠠᠨ ᠳᠠᠷᠬᠠᠨ᠎ᠤ ᠵᠣᠷᠢᠭ᠋ ᠰᠠᠨᠠᠭ᠎ᠠ᠎ᠶᠢ ᠶᠡᠬᠡ ᠪᠡᠷ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠠᠵᠢᠯ ᠣᠯᠭᠣᠯᠲᠠ᠎ᠶᠢ ᠬᠠᠪᠰᠤᠷᠤᠨ ᠲᠡᠳᠬᠦᠬᠦ᠂ ᠤᠷ᠎ᠠ ᠴᠢᠳᠠᠪᠤᠷᠢ᠎ᠶᠢᠨ ᠪᠣᠯᠪᠠᠰᠤᠷᠠᠯ᠂ ᠴᠠᠯᠢᠩ ᠬᠥᠯᠥᠰᠦ᠎ᠶᠢ ᠵᠥᠪᠳᠡᠯᠴᠡᠬᠦ᠂ ᠬᠦᠴᠢᠷᠳᠡᠯ᠎ᠢ ᠠᠪᠤᠷᠠᠨ ᠲᠤᠰᠠᠯᠠᠬᠤ᠂ ᠠᠶᠤᠯᠭᠦᠢ ᠦᠢᠯᠡᠳᠪᠦᠷᠢᠯᠡᠯ᠎ᠳᠦ ᠬᠢᠨᠠᠯᠲᠠ ᠲᠠᠯᠪᠢᠬᠤ ᠵᠡᠷᠭᠡ ᠠᠵᠢᠯ᠎ᠢ ᠰᠠᠢᠲᠤᠷ ᠬᠢᠵᠦ᠂ ᠠᠵᠢᠯᠲᠠᠨ ᠠᠵᠢᠯᠴᠢᠨ᠎ᠤ ᠬᠦᠰᠡᠯ ᠱᠠᠭᠠᠷᠳᠠᠯᠭ᠎ᠠ᠎ᠪᠠᠨ ᠢᠯᠡᠳᠬᠡᠬᠦ᠂ ᠠᠰᠢᠭ᠋ ᠲᠤᠰᠠ᠎ᠶᠢ ᠵᠣᠬᠢᠴᠠᠭᠤᠯᠬᠤ᠂ ᠡᠷᠬᠡ ᠠᠰᠢᠭ᠋᠎ᠢ ᠪᠠᠲᠤᠯᠠᠬᠤ ᠲᠣᠭᠲᠠᠴᠠ᠎ᠶᠢ ᠪᠦᠷᠢᠨᠰᠢᠭᠦᠯᠵᠦ᠂ ᠠᠵᠢᠯᠲᠠᠨ ᠠᠵᠢᠯᠴᠢᠨ᠎ᠤ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠲᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ᠎ᠶᠢ ᠰᠠᠢᠲᠤᠷ ᠠᠳᠬᠤᠵᠤ᠂ ᠠᠵᠢᠯᠴᠢᠨ᠎ᠤ ᠡᠪᠯᠡᠯ᠎ᠦᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠢᠷᠡᠨ ᠬᠥᠭᠵᠢᠬᠦ᠎ᠶᠢ ᠠᠬᠢᠭᠤᠯᠵᠤ᠂ ᠠᠵᠢᠯᠴᠢᠨ᠎ᠤ ᠡᠪᠯᠡᠯ᠎ᠦᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠤᠯᠤᠰ ᠲᠦᠷᠦ᠎ᠶᠢᠨ ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠱᠠᠭᠠᠷᠲᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号