ᠤᠳᠤᠭ ᠤ᠋ᠨ ᠤᠷᠢᠶᠠᠮᠠᠭ ᠵᠠᠮᠠᠭ ᠤ᠋ᠨ 2 ᠳᠦᠷᠦᠯ ᠵᠦᠢᠯ 51 ᠳ᠋ᠤᠭᠡᠷ ᠬᠤᠭᠤᠴᠠᠭᠠᠨ ᠤ᠋ ᠵᠧᠨᠧᠧᠠ ᠵᠢᠨ ᠤᠯᠠᠨ ᠤᠯᠤᠰ ᠤ᠋ᠨ ᠡᠬᠦᠳᠦᠯᠳᠡ ᠶ᠋ᠢᠨ ᠦᠵᠡᠰᠬᠦᠯᠡᠩ ᠤ᠋ᠨ ᠱᠠᠩᠨᠠᠯ᠎ᠢ ᠬᠦᠷᠲᠡᠵᠡᠢ
2026-03-27 16:21:49
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

 ᠵᠧᠵᠢᠶᠠᠩ ᠶᠡᠬᠡ ᠰᠤᠷᠭᠠᠭᠤᠯᠢ ᠪᠤᠯᠤᠨ ᠤᠳᠤᠭ ᠬᠤᠰᠢᠭᠤᠨ ᠤ᠋ ᠬᠠᠮᠲᠤᠷᠠᠨ ᠪᠠᠢᠭᠤᠯᠤᠭᠰᠠᠨ ᠠᠮᠢᠳᠤ ᠪᠤᠳᠠᠰ ᠤ᠋ᠨ ᠡᠮ ᠡᠮᠨᠡᠯᠭᠡ ᠶ᠋ᠢᠨ ᠰᠤᠳᠤᠯᠭᠠᠨ ᠤ᠋ ᠳᠦᠪ ᠤ᠋ᠨ ᠰᠤᠳᠤᠯᠤᠨ ᠦᠢᠯᠡᠳᠦᠭᠰᠡᠨ《ᠨᠠᠨᠤᠮᠧᠲᠷ ᠤ᠋ᠨ ᠤᠷᠢᠶᠠᠮᠠᠭ ᠵᠠᠮᠠᠭ᠎ᠤᠨ ᠡᠮ ᠪᠤᠯᠤᠨ ᠢᠳᠡᠭᠡᠨ ᠤ᠋ ᠢᠵᠢᠯᠢ ᠢᠷᠡᠯᠳᠡ ᠳᠠᠢ ᠪᠦᠲᠦᠭᠡᠭᠳᠡᠭᠦᠨ᠎ᠢ ᠬᠤᠳᠤᠭᠤᠳᠤ ᠬᠡᠳᠡᠰᠦ ᠵᠢ ᠳᠤᠬᠢᠷᠠᠭᠤᠯᠬᠤ ᠵᠢᠴᠢ ᠡᠮᠨᠡᠨ ᠵᠠᠰᠠᠬᠤ ᠳ᠋ᠤ ᠬᠡᠷᠡᠭᠯᠡᠬᠦ》 ᠭᠡᠬᠦ ᠳᠦᠷᠦᠯ ᠵᠦᠢᠯ ᠳᠦᠷᠦᠬᠦᠭᠡᠨ 51 ᠳ᠋ᠤᠭᠡᠷ ᠬᠤᠭᠤᠴᠠᠭᠠᠨ ᠤ᠋ ᠵᠧᠨᠧᠧᠠ ᠵᠢᠨ ᠤᠯᠠᠨ ᠤᠯᠤᠰ ᠤ᠋ᠨ ᠡᠬᠦᠳᠦᠯᠳᠡ ᠶ᠋ᠢᠨ ᠦᠵᠡᠰᠬᠦᠯᠡᠩ ᠤ᠋ᠨ ᠠᠯᠳᠠᠨ ᠮᠧᠳᠠᠯ᠎ᠢ ᠳᠤᠰᠴᠤ᠂ ᠤᠷᠢᠶᠠᠮᠠᠭ ᠵᠠᠮᠠᠭ ᠤ᠋ᠨ ᠠᠰᠢᠭᠳᠤ ᠪᠠᠺᠲᠧᠷᠢ ᠶ᠋ᠢᠨ ᠳᠦᠷᠦᠯ ᠵᠦᠢᠯ ᠪᠤᠯᠬᠤ《ᠤᠷᠢᠶᠠᠮᠠᠭ ᠵᠠᠮᠠᠭ ᠤ᠋ᠨ ᠠᠰᠢᠭᠳᠤ ᠪᠠᠺᠲᠧᠷᠢ — ᠡᠷᠡᠬᠦᠯ ᠮᠡᠨᠳᠦ ᠶ᠋ᠢ ᠬᠠᠮᠢᠶᠠᠷᠬᠤ ᠰᠢᠨ᠎ᠡ ᠮᠡᠷᠭᠡᠵᠢᠯ》 ᠬᠡᠬᠦ ᠳᠦᠷᠦᠯ ᠵᠦᠢᠯ ᠮᠦᠩᠬᠦᠨ ᠮᠧᠳᠠᠯ ᠳᠤᠰᠪᠠ᠃

ᠤᠢᠯᠠᠭᠠᠭᠰᠠᠨ ᠶ᠋ᠢᠡᠷ᠂ ᠵᠧᠨᠧᠧᠠ ᠵᠢᠨ ᠤᠯᠠᠨ ᠤᠯᠤᠰ ᠤ᠋ᠨ ᠡᠬᠦᠳᠦᠯᠳᠡ ᠶ᠋ᠢᠨ ᠦᠵᠡᠰᠬᠦᠯᠡᠩ ᠪᠤᠯ ᠳᠡᠯᠡᠬᠡᠢ ᠶ᠋ᠢᠨ ᠤᠷᠲᠤ ᠤᠳᠠᠭᠠᠨ ᠳᠡᠦᠬᠡ ᠳᠠᠢ ᠡᠬᠦᠳᠦᠯᠳᠡ ᠶ᠋ᠢᠨ ᠦᠵᠡᠰᠬᠦᠯᠡᠩ ᠤ᠋ᠨ ᠨᠢᠭᠡ ᠪᠠᠢᠵᠤ᠂ 《ᠡᠬᠦᠳᠦᠯᠳᠡ ᠶ᠋ᠢᠨ ᠤᠯᠢᠮᠫᠢᠺ》 ᠬᠡᠮᠡᠨ ᠠᠯᠳᠠᠷᠰᠢᠵᠠᠢ᠃ ᠵᠧᠵᠢᠶᠠᠩ ᠶᠡᠬᠡ ᠰᠤᠷᠭᠠᠭᠤᠯᠢ ᠪᠤᠯᠤᠨ ᠤᠳᠤᠭ ᠬᠤᠰᠢᠭᠤᠨ ᠤ᠋ ᠬᠠᠮᠲᠤᠷᠠᠨ ᠪᠠᠢᠭᠤᠯᠤᠭᠰᠠᠨ ᠠᠮᠢᠳᠤ ᠪᠤᠳᠠᠰ ᠤ᠋ᠨ ᠡᠮ ᠡᠮᠨᠡᠯᠭᠡ ᠶ᠋ᠢᠨ ᠰᠤᠳᠤᠯᠭᠠᠨ ᠤ᠋ ᠳᠦᠪ ᠤ᠋ᠨ ᠡᠷᠬᠢᠯᠡᠭᠴᠢ ᠵᠧᠤ ᠮᠢᠨ ᠫᠷᠤᠹᠸᠰᠰᠤᠷ᠄《 ᠮᠠᠨ ᠤ᠋ ᠰᠤᠳᠤᠯᠤᠨ ᠦᠢᠯᠡᠳᠦᠭᠰᠡᠨ 2 ᠳᠦᠷᠦᠯ ᠵᠦᠢᠯ ᠱᠠᠩᠨᠠᠯ ᠬᠦᠷᠳᠡᠭᠰᠡᠨ ᠨᠢ ᠤᠷᠳᠤᠰ ᠬᠤᠳᠠ ᠶ᠋ᠢᠨ ᠤᠳᠤᠭ ᠬᠤᠰᠢᠭᠤᠨ ᠤ᠋ ᠤᠷᠢᠶᠠᠮᠠᠭ ᠵᠠᠮᠠᠭ ᠤ᠋ᠨ ᠰᠢᠨ᠎ᠡ ᠡᠬᠦᠳᠦᠯᠳᠡ ᠠᠮᠢᠳᠤ ᠪᠤᠳᠠᠰ ᠡᠮ ᠡᠮᠨᠡᠯᠭᠡ ᠶ᠋ᠢᠨ ᠬᠦᠷᠢᠶᠡᠨ ᠳ᠋ᠤ ᠳᠡᠯᠡᠬᠡᠢ ᠳ᠋ᠡᠬᠢᠨ ᠳ᠋ᠤ ᠮᠡᠳᠡᠷᠡᠭᠳᠡᠭᠰᠡᠨ ᠢ᠋ ᠬᠠᠷᠠᠭᠤᠯᠵᠤ ᠪᠠᠢᠨ᠎ᠠ》 ᠭᠡᠵᠦ  ᠰᠤᠷᠪᠤᠯᠵᠢᠯᠠᠭᠴᠢ᠎ᠳᠤ ᠳᠠᠨᠢᠯᠴᠠᠭᠤᠯᠤᠭᠰᠠᠨ ᠪᠠᠢᠨ᠎ᠠ᠃

ᠤᠢᠯᠠᠭᠠᠭᠰᠠᠨ ᠶ᠋ᠢᠡᠷ᠂ ᠤᠳᠤᠭ ᠬᠤᠰᠢᠭᠤᠨ᠎ᠳᠤ ᠪᠦᠬᠦ ᠳᠡᠯᠡᠬᠡᠢ ᠶ᠋ᠢᠨ ᠬᠠᠮᠤᠭ ᠤ᠋ᠨ ᠳᠤᠮᠤ ᠤᠷᠢᠶᠠᠮᠠᠭ ᠵᠠᠮᠠᠭ ᠤ᠋ᠨ ᠦᠢᠯᠡᠳᠪᠦᠷᠢᠯᠡᠯ ᠤ᠋ᠨ ᠰᠠᠭᠤᠷᠢᠨ ᠳᠠᠢ ᠪᠠᠢᠵᠤ᠂ ᠴᠢᠨᠠᠷ ᠰᠠᠢᠳᠠᠢ ᠵᠠᠮᠠᠭ ᠤ᠋ᠨ ᠨᠤᠨᠳᠠᠭ ᠤ᠋ᠨ ᠵᠢᠯ ᠤ᠋ᠨ ᠦᠢᠯᠡᠳᠪᠦᠷᠢᠯᠡᠯ ᠤ᠋ᠨ ᠬᠡᠮᠵᠢᠶ᠎ᠡ  ᠨᠢ  5200 ᠳᠤᠨ ᠳ᠋ᠤ ᠬᠦᠷᠴᠤ᠂ ᠪᠦᠬᠦ ᠤᠯᠤᠰ ᠤ᠋ᠨ ᠵᠠᠮᠠᠭ ᠤ᠋ᠨ ᠨᠤᠨᠳᠠᠭ ᠤ᠋ᠨ ᠶᠡᠷᠦᠩᠬᠡᠢ ᠬᠡᠮᠵᠢᠶᠡᠨ ᠤ᠋ 60% ᠵᠢ ᠡᠵᠡᠯᠡᠵᠦ᠂  ᠪᠦᠬᠦ   ᠳᠡᠯᠡᠬᠡᠢ ᠶ᠋ᠢᠨ ᠵᠠᠮᠠᠭ ᠤ᠋ᠨ ᠨᠤᠨᠳᠠᠭ ᠤ᠋ᠨ ᠶᠡᠷᠦᠩᠬᠡᠢ ᠬᠡᠮᠵᠢᠶᠡᠨ ᠤ᠋ 40% ᠡᠴᠡ ᠳᠡᠭᠡᠭᠰᠢ ᠵᠢ ᠡᠵᠡᠯᠡᠨ᠂ ᠦᠢᠯᠡᠳᠬᠦᠨ ᠨᠢ ᠡᠸᠦ᠋ᠷᠦᠫᠠ ᠠᠮᠧᠷᠢᠺᠠ᠂ ᠶᠠᠫᠤᠨ᠂ ᠺᠤᠷᠢᠶᠠ ᠵᠡᠷᠭᠡ 20 ᠭᠠᠷᠤᠢ ᠤᠯᠤᠰ ᠪᠠ ᠭᠠᠵᠠᠷ ᠤᠷᠤᠨ ᠳ᠋ᠤ ᠪᠤᠷᠤᠯᠠᠭᠤᠯᠤᠭᠳᠠᠨ᠂ 《ᠳᠡᠯᠡᠬᠡᠢ ᠶ᠋ᠢᠨ ᠵᠠᠮᠠᠭ ᠤ᠋ᠨ ᠬᠤᠳᠠ》 ᠭᠡᠰᠡᠨ ᠴᠤᠯᠠ ᠲᠠᠢ ᠪᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号