2026 ᠣᠨ᠎ᠤ 3 ᠰᠠᠷ᠎ᠠ᠎ᠶᠢᠨ 30᠎ᠤ ᠡᠳᠦᠷ
ᠪᠣᠯ ᠭᠤᠴᠢᠨ ᠨᠢᠭᠡᠳ᠋ᠡᠬᠢ ᠪᠥᠬᠥ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠠᠮᠤᠷ ᠲᠦᠪᠰᠢᠨ᠎ᠦ
ᠬᠥᠮᠦᠵᠢᠯ᠎ᠦᠨ ᠡᠳᠦᠷ ᠪᠣᠯᠣᠨ᠎ᠠ᠃ ᠠᠮᠤᠷ ᠲᠦᠪᠰᠢᠨ᠎ᠦ ᠬᠥᠮᠦᠵᠢᠯ᠎ᠦᠨ ᠠᠵᠢᠯ᠎ᠢ ᠤᠯᠠᠮ ᠨᠢᠭᠡ ᠠᠯᠬᠤᠮ ᠴᠢᠩᠭᠠᠳᠬᠠᠵᠤ᠂
ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠤᠬᠠᠮᠰᠠᠷ ᠪᠠ
ᠥᠪᠡᠷ᠎ᠢ᠎ᠪᠡᠨ ᠬᠠᠮᠠᠭᠠᠯᠠᠬᠤ ᠴᠢᠳᠠᠪᠤᠷᠢ᠎ᠶᠢ ᠳᠡᠭᠡᠭᠰᠢᠯᠡᠭᠦᠯᠦᠨ᠂ ᠪᠥᠬᠥ ᠨᠡᠢᠭᠡᠮ᠎ᠢᠶᠡᠷ᠎ᠢᠶᠡᠨ ᠰᠤᠷᠤᠭ᠍ᠴᠢᠳ᠎ᠤᠨ
ᠠᠮᠤᠷ ᠲᠦᠪᠰᠢᠨ᠎ᠢ ᠬᠠᠮᠲᠤ᠎ᠪᠠᠷ ᠬᠠᠯᠠᠮᠵᠢᠯᠠᠬᠤ ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠣᠯᠭᠠᠬᠤ᠎ᠶᠢᠨ ᠲᠥᠯᠥᠭᠡ᠂
ᠰᠤᠷᠭᠠᠨ ᠬᠥᠮᠦᠵᠢᠯ᠎ᠦᠨ ᠶᠠᠮᠤᠨ᠎ᠤ ᠠᠯᠪᠠᠨ ᠲᠢᠩᠬᠢᠮ ᠲᠦᠷᠦᠭᠦᠬᠡᠨ 《ᠪᠥᠬᠥ ᠤᠯᠤᠰ᠎ᠤᠨ
ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠠᠮᠤᠷ ᠲᠦᠪᠰᠢᠨ᠎ᠦ ᠬᠥᠮᠦᠵᠢᠯ᠎ᠦᠨ ᠭᠠᠷᠠᠭ᠎ᠤᠨ
ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭᠠᠵᠤ᠂ ᠬᠠᠮᠢᠶ᠎ᠠ
ᠪᠦᠬᠦᠢ ᠠᠵᠢᠯ᠎ᠢ ᠰᠠᠢᠲᠤᠷ ᠬᠢᠬᠦ ᠵᠢ ᠪᠠᠢᠷᠢᠯᠠᠭᠤᠯᠪᠡ᠃
ᠡᠨᠡ ᠵᠢᠯ᠎ᠦᠨ ᠠᠵᠢᠯᠯᠠᠭ᠎ᠠ᠎ᠶᠢᠨ ᠭᠣᠣᠯ
ᠰᠡᠳᠦᠪ ᠪᠣᠯ᠄ ᠬᠠᠮᠲᠤ᠎ᠪᠠᠷ ᠰᠠᠬᠢᠨ ᠬᠠᠮᠠᠭᠠᠯᠠᠵᠤ ᠬᠠᠮᠲᠤ᠎ᠪᠠᠷ ᠦᠰᠦᠨ ᠪᠣᠢᠵᠢᠨᠠ᠃ ᠰᠤᠷᠭᠠᠨ ᠬᠥᠮᠦᠵᠢᠯ᠎ᠦᠨ
ᠶᠠᠮᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ᠎ᠲᠠᠢ ᠬᠠᠮᠲᠤᠷᠠᠨ ᠪᠥᠬᠥ ᠤᠯᠤᠰ᠎ᠤᠨ
ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠠᠮᠤᠷ ᠲᠦᠪᠰᠢᠨ᠎ᠦ ᠬᠥᠮᠦᠵᠢᠯ᠎ᠦᠨ ᠡᠳᠦᠷ᠎ᠦᠨ ᠠᠬᠤᠢ ᠲᠠᠯᠠᠪᠠᠶ᠎ᠶᠢᠨ
ᠠᠵᠢᠯᠯᠠᠭ᠎ᠠ ᠡᠷᠭᠢᠯᠡᠵᠦ᠂ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠣᠶᠤᠨᠴᠢ ᠬᠥᠮᠦᠵᠢᠯ᠎ᠦᠨ ᠲᠠᠪᠴᠠᠩ᠎ᠳᠤ 《ᠠᠮᠤᠷ ᠲᠦᠪᠰᠢᠨ ᠬᠢᠭᠡᠳ ᠠᠮᠢ ᠨᠠᠰᠤ》 ᠭᠡᠬᠦ ᠪᠤᠯᠤᠩ ᠭᠠᠷᠭᠠᠵᠤ᠂ ᠬᠣᠯᠪᠣᠭᠳᠠᠯ
ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠭᠣᠣᠯ ᠰᠡᠳᠦᠪᠲᠦ ᠤᠬᠠᠭᠤᠯᠭ᠎ᠠ ᠵᠢᠨ ᠵᠢᠷᠤᠭ᠂ ᠵᠠᠮ ᠬᠠᠷᠢᠯᠴᠠᠭᠠᠨ᠎ᠤ
ᠠᠮᠤᠷ ᠲᠦᠪᠰᠢᠨ᠎ᠦ ᠭᠣᠣᠯ ᠰᠡᠳᠦᠪᠲᠦ ᠬᠢᠴᠢᠶᠡᠯ ᠪᠣᠯᠣᠨ ᠠᠮᠤᠷ ᠲᠦᠪᠰᠢᠨ᠎ᠦ ᠬᠥᠮᠦᠵᠢᠯ᠎ᠦᠨ ᠲᠠᠢᠯᠤᠮᠵᠢ
ᠭᠠᠷᠭᠠᠵᠤ᠂ ᠭᠣᠣᠯ ᠵᠠᠭᠤᠴᠢᠯᠠᠭᠤᠷ ᠪᠣᠯᠣᠨ ᠰᠢᠨ᠎ᠡ ᠵᠠᠭᠤᠴᠢᠯᠠᠭᠤᠷ᠎ᠤᠨ ᠲᠠᠪᠴᠠᠩ᠎ᠢ ᠵᠣᠬᠢᠶᠠᠨ ᠪᠠᠢᠭᠤᠯᠵᠤ᠂
ᠴᠢᠨᠠᠷ ᠰᠠᠢᠲᠠᠢ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠢ ᠤᠬᠠᠭᠤᠯᠤᠨ ᠳᠡᠯᠭᠡᠷᠡᠭᠦᠯᠵᠦ᠂ ᠡᠯ᠎ᠡ ᠭᠠᠵᠠᠷ᠎ᠤᠨ
ᠠᠵᠢᠯᠯᠠᠭ᠎ᠠ ᠥᠷᠨᠢᠭᠦᠯᠵᠦ ᠪᠠᠢᠭ᠎ᠠ ᠪᠠᠢᠳᠠᠯ᠎ᠢ ᠥᠷᠭᠡᠨ᠎ᠢᠶᠡᠷ ᠮᠡᠳᠡᠭᠡᠯᠡᠬᠦ ᠪᠣᠯᠣᠨ᠎ᠠ᠃
ᠮᠡᠳᠡᠭᠳᠡᠯ᠎ᠳᠦ᠂ ᠡᠯ᠎ᠡ ᠭᠠᠵᠠᠷ ᠡᠯ᠎ᠡ
ᠰᠤᠷᠭᠠᠭᠤᠯᠢ ᠵᠢᠨ ᠬᠢᠨ ᠲᠣᠰ ᠭᠠᠵᠠᠷ᠎ᠤᠨ᠎ᠢᠶᠠᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠰᠤᠷᠤᠭ᠍ᠴᠢᠳ᠎ᠤᠨ
ᠨᠠᠰᠤᠨ᠎ᠤ ᠣᠨᠴᠠᠯᠢᠭ᠋ ᠪᠠ ᠲᠠᠨᠢᠨ ᠮᠡᠳᠡᠬᠦᠢ᠎ᠶᠢᠨ ᠵᠢᠮ᠎ᠡ ᠶᠣᠰᠣ᠌᠎ᠳᠤ ᠰᠠᠭᠤᠷᠢᠯᠠᠨ᠂ ᠠᠵᠢᠯᠯᠠᠭ᠎ᠠ᠎ᠶᠢᠨ ᠠᠴᠢᠶᠠᠯᠠᠪᠤᠷᠢ᠎ᠶᠢ
ᠰᠢᠨᠵᠢᠯᠡᠬᠦ ᠤᠬᠠᠭᠠᠨᠴᠢ᠎ᠪᠠᠷ ᠲᠥᠯᠥᠪᠯᠡᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠡᠯ᠎ᠡ
ᠲᠥᠷᠥᠯ᠎ᠦᠨ ᠠᠮᠤᠷ ᠲᠦᠪᠰᠢᠨ᠎ᠦ ᠭᠣᠣᠯ ᠰᠡᠳᠦᠪᠲᠦ ᠬᠥᠮᠦᠵᠢᠯ᠎ᠦᠨ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠵᠦ᠂
ᠰᠤᠷᠤᠭ᠍ᠴᠢᠳ᠎ᠢ ᠪᠡᠶ᠎ᠡ᠎ᠪᠡᠷ᠎ᠢᠶᠡᠨ ᠣᠷᠣᠯᠴᠠᠬᠤ᠂ ᠪᠡᠶᠡᠴᠢᠯᠡᠨ ᠣᠢᠯᠠᠭᠠᠬᠤ᠂ ᠬᠠᠷᠢᠯᠴᠠᠨ ᠦᠢᠯᠡᠳᠦᠯᠴᠡᠨ ᠰᠣᠯᠢᠯᠴᠠᠬᠤ
ᠳᠤᠮᠳᠠ ᠠᠮᠤᠷ ᠲᠦᠪᠰᠢᠨ᠎ᠦ ᠲᠠᠨᠢᠨ ᠮᠡᠳᠡᠬᠦᠢ᠎ᠪᠠᠨ ᠭᠦᠨᠵᠡᠭᠡᠢᠷᠡᠭᠦᠯᠵᠦ᠂ ᠰᠤᠷᠤᠭ᠍ᠴᠢᠳ᠎ᠢ ᠬᠥᠲᠥᠯᠥᠨ ᠵᠢᠯᠤᠭᠣᠳᠴᠤ
ᠪᠠᠢᠭᠠᠳ ᠠᠮᠤᠷ ᠲᠦᠪᠰᠢᠨ᠎ᠦ ᠮᠡᠳᠡᠯᠭᠡ ᠰᠤᠷᠤᠯᠴᠠᠭᠤᠯᠤᠨ᠂ ᠰᠡᠷᠭᠡᠢᠯᠡᠨ ᠬᠠᠮᠠᠭᠠᠯᠠᠬᠤ ᠤᠷ᠎ᠠ ᠴᠢᠳᠠᠪᠤᠷᠢ᠎ᠶᠢ
ᠡᠵᠡᠮᠰᠢᠭᠦᠯᠵᠦ᠂ ᠠᠮᠤᠷ ᠲᠦᠪᠰᠢᠨ᠎ᠦ ᠰᠡᠷᠭᠡᠢᠯᠡᠯᠲᠡ᠎ᠶᠢᠨ ᠤᠬᠠᠮᠰᠠᠷ ᠪᠠ ᠥᠪᠡᠷ᠎ᠢ᠎ᠪᠡᠨ ᠬᠠᠮᠠᠭᠠᠯᠠᠬᠤ ᠴᠢᠳᠠᠪᠤᠷᠢ᠎ᠶᠢ
ᠨᠢ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠡᠢ᠃
ᠮᠡᠳᠡᠭᠳᠡᠯ᠎ᠳᠦ᠂ ᠡᠯ᠎ᠡ ᠭᠠᠵᠠᠷ ᠡᠯ᠎ᠡ
ᠰᠤᠷᠭᠠᠭᠤᠯᠢ ᠵᠢᠨ ᠬᠢᠨ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠵᠢᠨ᠂ ᠰᠤᠷᠭᠠᠭᠤᠯᠢ᠎ᠶᠢᠨ ᠳᠣᠲᠣᠨᠠᠬᠢ
ᠪᠠ ᠰᠤᠷᠭᠠᠭᠤᠯᠢ᠎ᠶᠢᠨ ᠭᠠᠳᠠᠨᠠᠬᠢ ᠠᠵᠢᠯᠯᠠᠭ᠎ᠠ᠎ᠶᠢᠨ ᠡᠬᠢ ᠪᠠᠶᠠᠯᠢᠭ᠋᠎ᠢ ᠨᠡᠢᠳᠭᠡᠵᠦ᠂ ᠨᠡᠶ᠋ᠢᠲᠡ᠎ᠶᠢᠨ ᠠᠰᠠᠷᠠᠮᠵᠢ᠂
ᠰᠠᠢᠨ ᠳᠤᠷ᠎ᠠ᠎ᠶᠢᠨ᠂ ᠵᠥᠪ ᠲᠠᠯ᠎ᠠ᠎ᠶᠢᠨ ᠵᠠᠷᠴᠢᠮ᠎ᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠣᠯᠠᠨ ᠨᠡᠶ᠋ᠢᠲᠡ
ᠪᠠ ᠨᠡᠶ᠋ᠢᠲᠡ᠎ᠶᠢᠨ ᠠᠰᠠᠷᠠᠮᠵᠢ᠎ᠶᠢᠨ ᠬᠦᠴᠦᠨ᠎ᠢ ᠬᠥᠭᠵᠢᠭᠡᠵᠦ᠂ ᠠᠮᠤᠷ ᠲᠦᠪᠰᠢᠨ᠎ᠦ ᠤᠬᠠᠭᠤᠯᠭ᠎ᠠ ᠬᠥᠮᠦᠵᠢᠯ᠎ᠦᠨ
ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠥᠷᠥᠯ᠎ᠦᠨ ᠵᠠᠭᠤᠴᠢᠯᠠᠭᠤᠷ᠎ᠤᠨ ᠲᠠᠪᠴᠠᠩ᠎ᠢ ᠭᠦᠢᠴᠡᠳ
ᠠᠰᠢᠭ᠍ᠯᠠᠨ᠂ ᠤᠬᠠᠭᠤᠯᠤᠨ ᠮᠡᠳᠡᠭᠡᠯᠡᠬᠦ ᠡᠷᠴᠢᠮ᠎ᠢᠶᠡᠨ ᠨᠡᠮᠡᠭᠳᠡᠭᠦᠯᠵᠦ᠂ ᠪᠦᠬᠦ ᠨᠡᠢᠭᠡᠮ᠎ᠢᠶᠡᠷ᠎ᠢᠶᠡᠨ ᠰᠤᠷᠤᠭ᠍ᠴᠢᠳ᠎ᠤᠨ
ᠠᠮᠤᠷ ᠲᠦᠪᠰᠢᠨ᠎ᠢ ᠴᠢᠬᠤᠯᠠᠴᠢᠯᠠᠬᠤ᠂ ᠠᠮᠤᠷ ᠲᠦᠪᠰᠢᠨ᠎ᠦ ᠬᠠᠮᠠᠭᠠᠯᠠᠯᠲᠠ᠎ᠳᠤ ᠣᠷᠣᠯᠴᠠᠬᠤ ᠰᠠᠢᠨ ᠰᠠᠢᠬᠠᠨ ᠬᠡᠪ
ᠰᠤᠷᠲᠠᠯ᠎ᠢ ᠪᠣᠶ ᠪᠣᠯᠭᠠᠬᠤ᠎ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃
ᠮᠡᠳᠡᠭᠳᠡᠯ᠎ᠳᠦ᠂ ᠡᠯ᠎ᠡ ᠭᠠᠵᠠᠷ ᠡᠯ᠎ᠡ
ᠰᠤᠷᠭᠠᠭᠤᠯᠢ ᠵᠢᠨ ᠬᠢᠨ ᠰᠤᠷᠭᠠᠭᠤᠯᠢ᠎ᠶᠢᠨ ᠬᠦᠷᠢᠶᠡᠨ᠎ᠳᠦ ᠣᠷᠣᠬᠤ ᠠᠵᠢᠯᠯᠠᠭ᠎ᠠ᠎ᠶᠢ ᠳᠠᠩᠰᠠᠯᠠᠵᠤ ᠬᠢᠨᠠᠨ ᠬᠠᠷᠭᠤᠭᠤᠯᠬᠤ
ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠠᠵᠢᠯᠯᠠᠭ᠎ᠠ᠎ᠶᠢᠨ ᠳᠤᠮᠳᠠ ᠶᠠᠮᠠᠷᠪᠠ ᠬᠡᠯᠪᠡᠷᠢ᠎ᠪᠡᠷ ᠬᠤᠳᠠᠯᠳᠤᠭᠠᠨ᠎ᠤ
ᠵᠠᠷ ᠨᠡᠢᠲᠡᠯᠡᠬᠦ᠂ ᠬᠠᠪᠴᠢᠭᠤᠯᠬᠤ᠂ ᠳᠠᠷᠤᠮᠠᠯᠯᠠᠨ ᠲᠠᠷᠬᠠᠭᠠᠬᠤ ᠵᠢᠴᠢ ᠬᠤᠳᠠᠯᠳᠤᠭᠠᠨ᠎ᠤ ᠤᠬᠠᠭᠤᠯᠭ᠎ᠠ ᠬᠢᠬᠦ᠎ᠶᠢ
ᠴᠢᠩᠭ᠎ᠠ ᠴᠠᠭᠠᠵᠠᠯᠠᠬᠤ ᠬᠡᠷᠡᠭᠲᠡᠢ᠃ ᠠᠵᠢᠯᠯᠠᠭ᠎ᠠ᠎ᠶᠢᠨ ᠲᠤᠷᠰᠢᠯᠭ᠎ᠠ᠎ᠶᠢ ᠨᠠᠷᠢᠨ ᠬᠢᠨᠠᠮᠠᠭᠠᠢ ᠳ᠋ᠦᠩᠨᠡᠵᠦ᠂
ᠠᠬᠢᠴᠠ᠎ᠶᠢᠨ ᠦᠷ᠎ᠡ ᠪᠦᠲᠦᠮᠵᠢ᠎ᠶᠢ ᠡᠮᠬᠢᠯᠡᠵᠦ᠂ ᠨᠡᠢᠲᠡᠯᠢᠭ ᠠᠷᠭ᠎ᠠ ᠬᠢᠳᠡᠯ᠎ᠢ ᠢᠳᠡᠪᠬᠢᠲᠡᠢ ᠳᠡᠯᠭᠡᠷᠡᠭᠦᠯᠵᠦ᠂
ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠳᠤᠮᠳᠠᠳᠤ ᠪᠠᠭ᠎ᠠ ᠰᠤᠷᠭᠠᠭᠤᠯᠢ᠎ᠶᠢᠨ
ᠰᠤᠷᠤᠭ᠍ᠴᠢᠳ᠎ᠤᠨ ᠠᠮᠤᠷ ᠲᠦᠪᠰᠢᠨ᠎ᠦ ᠬᠥᠮᠦᠵᠢᠯ᠎ᠦᠨ ᠠᠵᠢᠯ᠎ᠢ ᠪᠠᠢᠩᠭᠤᠵᠢᠭᠤᠯᠵᠤ ᠳᠦᠷᠢᠮᠵᠢᠭᠦᠯᠬᠦ᠎ᠶᠢ ᠦᠷᠭᠦᠯᠵᠢᠯᠡᠨ
ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠲᠥᠪ ᠲᠧᠯᠸᠢᠰ᠎ᠦᠨ
ᠰᠣᠨᠢᠨ ᠮᠡᠳᠡᠭᠡ