ᠳ᠋ᠸ ᠪᠠᠩ ᠬᠤᠪᠢ ᠣᠷᠣᠭᠤᠯᠤᠭᠰᠠᠨ
ᠺᠣᠮᠫᠠᠨᠢ 25᠎ᠤ ᠣᠷᠣᠢ ᠠᠯᠪᠠᠨ ᠵᠠᠷᠯᠠᠯ ᠨᠡᠢᠲᠡᠯᠡᠵᠦ᠂ ᠱᠠᠩᠬᠠᠢ᠎ᠶᠢᠨ ᠦᠨᠡᠲᠦ ᠲᠡᠮᠳᠡᠭᠲᠦ᠎ᠶᠢᠨ ᠠᠷᠠᠯᠵᠢᠶᠠᠨ᠎ᠤ
ᠭᠠᠵᠠᠷ ᠡᠴᠡ ᠮᠠᠨ᠎ᠤ ᠺᠣᠮᠫᠠᠨᠢ᠎ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠺᠣᠮᠫᠠᠨᠢ᠎ᠶᠢᠨ ᠰᠲ᠋ᠣᠺ᠎ᠢᠶᠠᠨ
ᠰᠠᠨᠠᠭᠠᠴᠢᠯᠠᠭ᠎ᠠ᠎ᠠᠴᠠ᠎ᠪᠠᠨ ᠪᠤᠴᠠᠭᠠᠨ ᠠᠪᠬᠤ ᠵᠢ ᠵᠦᠪᠰᠢᠶᠡᠷᠡᠬᠦ᠎ᠶᠢᠨ
ᠬᠠᠮᠲᠤ᠂ ᠺᠣᠮᠫᠠᠨᠢ᠎ᠶᠢᠨ ᠰᠲ᠋ᠣᠺ᠎ᠢ ᠵᠠᠬ᠎ᠠ ᠳᠡᠯᠭᠡᠭᠦᠷ᠎ᠲᠦ ᠭᠠᠷᠭᠠᠬᠤ᠎ᠶᠢ ᠵᠣᠭᠰᠤᠭᠠᠬᠤ ᠪᠡᠷ ᠲᠣᠭᠲᠠᠪᠡ
ᠭᠡᠵᠡᠢ᠃
ᠬᠠᠮᠢᠶ᠎ᠠ ᠪᠦᠬᠦᠢ ᠲᠣᠭᠲᠠᠭᠠᠯ᠎ᠢ
ᠦᠨᠳᠦᠰᠦᠯᠡᠪᠡᠯ᠂ ᠳ᠋ᠸ ᠪᠠᠩ ᠬᠤᠪᠢ ᠣᠷᠣᠭᠤᠯᠤᠭᠰᠠᠨ ᠺᠣᠮᠫᠠᠨᠢ ᠰᠲ᠋ᠣᠺ ᠵᠢᠠᠨ 3 ᠰᠠᠷ᠎ᠠ᠎ᠶᠢᠨ 31᠎ᠦ ᠡᠳᠦᠷ
ᠡᠴᠡ ᠡᠬᠢᠯᠡᠨ ᠵᠠᠬ᠎ᠠ ᠳᠡᠯᠭᠡᠭᠦᠷ᠎ᠲᠦ ᠭᠠᠷᠭᠠᠬᠤ᠎ᠶᠢ ᠵᠣᠭᠰᠤᠭᠠᠨ᠎ᠠ᠃
ᠳᠧ ᠪᠠᠩ ᠬᠤᠪᠢ ᠣᠷᠣᠭᠤᠯᠤᠭᠰᠠᠨ
ᠺᠣᠮᠫᠠᠨᠢ ᠨᠢ 2026 ᠣᠨ᠎ᠳᠤ A ᠰᠲ᠋ᠣᠺ᠎ᠤᠨ ᠵᠠᠬ᠎ᠠ ᠳᠡᠯᠭᠡᠭᠦᠷ᠎ᠲᠦ
ᠭᠠᠷᠬᠤ᠎ᠶᠢ ᠰᠠᠨᠠᠭᠠᠴᠢᠯᠠᠭ᠎ᠠ᠎ᠠᠴᠠ᠎ᠪᠠᠨ ᠵᠣᠭᠰᠤᠭᠠᠬᠤ ᠲᠥᠰᠥᠯ᠎ᠢ ᠨᠡᠢᠲᠡᠯᠡᠭᠰᠡᠨ ᠠᠨᠭᠬᠠᠨ᠎ᠤ ᠺᠣᠮᠫᠠᠨᠢ ᠪᠤᠯᠵᠠᠢ᠃
ᠲᠤᠰ ᠺᠣᠮᠫᠠᠨᠢ᠎ᠶᠢᠨ ᠰᠲ᠋ᠣᠺ
1 ᠰᠠᠷ᠎ᠠ᠎ᠶᠢᠨ 21᠎ᠦ ᠡᠳᠦᠷ᠎ᠡᠴᠡ ᠡᠬᠢᠯᠡᠵᠦ ᠠᠷᠠᠯᠵᠢᠶ᠎ᠠ ᠬᠢᠬᠦ᠎ᠪᠠᠨ ᠵᠣᠭᠰᠣᠪᠠ᠃ Wind ᠲᠣᠭ᠎ᠠ
ᠪᠠᠷᠢᠮᠲᠠ᠎ᠠᠴᠠ ᠦᠵᠡᠪᠡᠯ᠂ 1 ᠰᠠᠷ᠎ᠠ᠎ᠶᠢᠨ 20᠎ᠤ ᠡᠳᠦᠷ᠎ᠤᠨ ᠠᠷᠠᠯᠵᠢᠶ᠎ᠠ ᠵᠤᠭᠰᠤᠬᠤ ᠪᠣᠯᠲᠠᠯ᠎ᠠ᠂ ᠲᠤᠰ ᠺᠣᠮᠫᠠᠨᠢ᠎ᠶᠢᠨ
ᠰᠲ᠋ᠣᠺ᠎ᠤᠨ ᠦᠨ᠎ᠡ 18.85 ᠲᠥᠭᠥᠷᠢᠭ \ ᠰᠲ᠋ᠣᠺ᠂ ᠵᠠᠬ᠎ᠠ ᠳᠡᠯᠭᠡᠭᠦᠷ᠎ᠦᠨ
ᠥᠷᠲᠡᠭ 191 ᠳ᠋ᠦᠩᠰᠢᠭᠤᠷ ᠲᠥᠭᠥᠷᠢᠭ ᠬᠦᠷᠴᠦ ᠪᠠᠢᠪᠠ᠃
ᠢᠷᠡᠯᠲᠡ᠄ ᠦᠪᠦᠷ ᠮᠤᠨᠭᠭᠤᠯ᠎ᠤᠨ ᠡᠳᠦᠷ᠎ᠤᠨ ᠰᠤᠨᠢᠨ᠎ᠤ ᠵᠢᠷᠭᠢᠶ᠎ᠡ ᠵᠢᠨ ᠲᠡᠪᠴᠡᠨᠭ