ᠬᠥᠯᠥᠨ ᠪᠣᠶ᠋ᠢᠷ ᠬᠣᠲᠠ᠎ᠶᠢᠨ 9329 ᠲᠦᠮᠡᠨ ᠮᠥ᠍ ᠪᠡᠯᠴᠢᠭᠡᠷ ᠪᠡᠯᠴᠢᠭᠡᠷᠯᠡᠭᠦᠯᠭᠦ ᠵᠢ ᠵᠤᠭᠰᠤᠭᠠᠬᠤ ᠬᠤᠭᠤᠴᠠᠭᠠᠨ᠎ᠳᠦ ᠤᠷᠤᠨ᠎ᠠ
2026-03-27 16:25:44
ᠵᠣᠬᠢᠶᠠᠭ᠍ᠴᠢ᠄
ᠯᠢ ᠰᠢᠨ ᠵᠢᠶᠦ᠋ᠨ ᠵᠠᠩ ᠯᠢᠶᠠᠩ ᠴᠧᠩ
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 26᠎ᠤ ᠡᠳᠦᠷ᠂ ᠰᠤᠷᠪᠤᠯᠵᠢᠯᠠᠭᠴᠢ ᠬᠥᠯᠥᠨ ᠪᠣᠶ᠋ᠢᠷ ᠬᠣᠲᠠ᠎ᠶᠢᠨ ᠣᠶ ᠰᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠡᠴᠠ ᠣᠶ᠋ᠢᠯᠠᠭᠠᠭᠰᠠᠨ᠎ᠢᠶᠠᠷ᠂ 2026 ᠣᠨ᠎ᠳᠤ ᠬᠥᠯᠥᠨ ᠪᠣᠶ᠋ᠢᠷ ᠬᠣᠲᠠ᠎ᠶᠢᠨ 9329 ᠲᠦᠮᠡᠨ ᠮᠥ᠍ ᠮᠠᠯ ᠪᠡᠯᠴᠢᠭᠡᠷ᠎ᠢ ᠲᠡᠩᠴᠡᠭᠦᠷᠢᠲᠡᠶ ᠪᠠᠶ᠋ᠢᠯᠭᠠᠬᠤ ᠣᠷᠣᠨ᠎ᠤ ᠨᠤᠲᠤᠭ ᠪᠡᠯᠴᠢᠭᠡᠷ 4 ᠰᠠᠷ᠎ᠠ᠎ᠶᠢᠨ 5᠎ᠤ ᠡᠳᠦᠷ ᠡᠴᠡ ᠡᠭᠢᠯᠡᠨ 45 ᠡᠳᠦᠷ᠎ᠦᠨ ᠬᠤᠭᠤᠴᠠᠭ᠎ᠠ᠎ᠲᠠᠶ ᠪᠡᠯᠴᠢᠭᠡᠷᠯᠡᠭᠦᠯᠭᠦ᠎ᠶᠢ ᠵᠣᠭᠰᠣᠭᠠᠬᠤ ᠬᠤᠭᠤᠴᠠᠭᠠᠨ᠎ᠳᠤ ᠣᠷᠣᠵᠤ᠂ ᠪᠡᠯᠴᠢᠭᠡᠷᠯᠡᠭᠦᠯᠭᠦ᠎ᠶᠢ ᠵᠣᠭᠰᠣᠭᠠᠬᠤ ᠴᠠᠭ᠎ᠨᠢ ᠥᠩᠭᠡᠷᠡᠭᠰᠡᠨ ᠵᠢᠯ᠎ᠦᠨ᠎ᠬᠢ᠎ᠡᠴᠡ 5 ᠡᠳᠦᠷ ᠤᠷᠢᠳᠴᠢᠯᠠᠵᠤ᠂ ᠡᠯ᠎ᠡ ᠬᠣᠰᠢᠭᠤ ᠬᠣᠲᠠ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ ᠡᠬᠢᠯᠡᠬᠦ᠌ ᠪᠠ ᠳᠠᠭᠤᠰᠬᠤ ᠡᠳᠦᠷ ᠬᠤᠭᠤᠴᠠᠭ᠎ᠠ᠎ᠶᠢ ᠠᠮᠢᠳᠤᠯᠢᠭ᠎ᠢᠶᠠᠷ ᠲᠣᠭᠲᠠᠭᠠᠵᠤ ᠪᠣᠯᠤᠨ᠎ᠠ᠃ ᠡᠨᠡ ᠬᠦ᠌ ᠲᠣᠬᠢᠷᠠᠭᠤᠯᠤᠯᠲᠠ ᠨᠢ ᠲᠤᠬᠠᠶ᠎ᠶᠢᠨ ᠭᠠᠵᠠᠷ᠎ᠤᠨ ᠨᠤᠲᠤᠭ ᠪᠡᠯᠴᠢᠭᠡᠷ᠎ᠦᠨ ᠠᠮᠢ ᠠᠬᠤᠶ᠎ᠶᠢᠨ ᠬᠠᠮᠠᠭᠠᠯᠠᠯᠲᠠ᠎ᠶᠢ ᠦᠷᠭᠦᠯᠵᠢᠯᠡᠨ ᠠᠬᠢᠭᠤᠯᠵᠤ᠂ ᠮᠠᠯ ᠠᠵᠤ ᠠᠬᠤᠶ᠎ᠶᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠌᠎ᠶᠢ ᠠᠬᠢᠭᠤᠯᠬᠤ ᠴᠢᠬᠤᠯᠠ ᠢᠯᠡᠷᠡᠯ ᠪᠣᠯᠤᠨ᠎ᠠ᠃

ᠬᠠᠪᠤᠷ᠎ᠤᠨ ᠤᠯᠠᠷᠢᠯ ᠪᠣᠯ ᠡᠪᠡᠰᠦ ᠪᠡᠯᠴᠢᠭᠡᠷ ᠨᠣᠭᠣᠭᠠᠷᠠᠬᠤ ᠵᠠᠩᠭᠢᠯᠠᠭ᠎ᠠ᠎ᠶᠢᠨ ᠬᠤᠭᠤᠴᠠᠭ᠎ᠠ ᠪᠣᠯᠬᠤ ᠪᠥᠭᠡᠳ ᠨᠤᠲᠤᠭ ᠪᠡᠯᠴᠢᠭᠡᠷ᠎ᠦᠨ ᠠᠮᠢ ᠠᠬᠤᠶ ᠬᠠᠮᠤᠭ᠎ᠤᠨ ᠬᠡᠪᠡᠷᠡᠭ ᠱᠠᠲᠤ᠌ ᠦᠶ᠎ᠡ ᠪᠣᠯᠤᠨ᠎ᠠ᠃ ᠪᠡᠯᠴᠢᠭᠡᠷᠯᠡᠭᠦᠯᠭᠦ ᠵᠢ ᠵᠤᠭᠰᠤᠭᠠᠬᠤ᠎ᠶᠢ ᠤᠷᠢᠳᠴᠢᠯᠠᠨ ᠬᠡᠷᠡᠭᠵᠢᠭᠦᠯᠬᠦ᠌ ᠨᠢ ᠨᠢᠯᠬ᠎ᠠ ᠨᠤᠭᠤᠭ᠎ᠠ᠎ᠶᠢ ᠪᠦᠲᠦᠮᠵᠢᠲᠡᠶ ᠬᠠᠮᠠᠭᠠᠯᠠᠵᠤ᠂ ᠤᠷᠭᠤᠮᠠᠯ᠎ᠤᠨ ᠤᠷᠭᠤᠬᠤ᠎ᠳᠤ ᠢᠯᠡᠳᠳᠠ ᠰᠠᠢᠨ ᠪᠠᠢᠵᠤ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ ᠪᠠ ᠦᠢᠯᠡᠳᠪᠦᠷᠢᠯᠡᠯ᠎ᠦᠨ ᠬᠦᠴᠦᠨ᠎ᠢ ᠳᠡᠭᠡᠭᠰᠢᠯᠡᠭᠦᠯᠦᠨ᠂ ᠨᠤᠲᠤᠭ ᠪᠡᠯᠴᠢᠭᠡᠷ᠎ᠦᠨ ᠳᠠᠭᠠᠭᠠᠴᠠ᠎ᠶᠢ ᠨᠡᠮᠡᠭᠳᠡᠭᠦᠯᠵᠦ᠍᠂ ᠠᠮᠢ ᠠᠬᠤᠶ᠎ᠶᠢᠨ ᠬᠠᠮᠠᠭᠠᠯᠠᠯᠲᠠ ᠪᠠ ᠮᠠᠯ ᠠᠵᠤ ᠠᠬᠤᠶ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠳᠦ ᠰᠠᠭᠤᠷᠢ ᠲᠠᠯᠪᠢᠵᠤ ᠴᠢᠳᠠᠨ᠎ᠠ᠃

ᠣᠶ᠋ᠢᠷ᠎ᠠ᠎ᠶᠢᠨ ᠵᠢᠯ᠎ᠳᠦ ᠬᠥᠯᠥᠨ ᠪᠣᠶ᠋ᠢᠷ ᠬᠣᠲᠠ᠎ᠶᠢᠨ ᠪᠡᠯᠴᠢᠭᠡᠷᠯᠡᠭᠦᠯᠬᠦ᠌᠎ᠶᠢ ᠵᠤᠭᠰᠤᠭᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ 2025 ᠣᠨ᠎ᠳᠤ ᠪᠡᠯᠴᠢᠭᠡᠷᠯᠡᠭᠦᠯᠬᠦ᠌᠎ᠶᠢ ᠵᠣᠭᠰᠣᠭᠠᠬᠤ ᠬᠤᠭᠤᠴᠠᠭᠠᠨ᠎ᠳᠤ᠂ ᠲᠣᠭᠲᠠᠭᠠᠯ ᠡᠴᠡ ᠵᠥᠷᠢᠴᠡᠨ ᠪᠡᠯᠴᠢᠭᠡᠷᠯᠡᠭᠦᠯᠬᠦ᠌ ᠨᠤᠷᠮ᠎ᠠ 40.12% ᠪᠠᠶ᠋ᠢᠭᠰᠠᠨ᠎ᠠᠴᠠ᠎ᠪᠠᠨ ᠪᠠᠭᠤᠷᠠᠭᠠᠳ 4.39% ᠪᠤᠯᠵᠤ᠂ ᠮᠠᠯᠴᠢᠳ 《ᠰᠠᠨᠠᠭᠠᠴᠢᠯᠠᠭ᠎ᠠ ᠦᠭᠡᠢ᠎ᠪᠡᠷ ᠪᠡᠯᠴᠢᠭᠡᠷᠯᠡᠭᠦᠯᠬᠦ᠌᠎ᠶᠢ ᠵᠤᠭᠰᠤᠭᠠᠬᠤ》 ᠪᠠᠶ᠋ᠢᠭᠰᠠᠨ᠎ᠠᠴᠠ᠎ᠪᠠᠨ《ᠰᠠᠨᠠᠭᠠᠴᠢᠯᠠᠭ᠎ᠠ᠎ᠠᠴᠠ᠎ᠪᠠᠨ ᠪᠡᠯᠴᠢᠭᠡᠷᠯᠡᠭᠦᠯᠬᠦ᠌ ᠵᠢ ᠵᠣᠭᠰᠣᠭᠠᠬᠤ》 ᠪᠣᠯᠤᠨ ᠬᠤᠪᠢᠷᠠᠵᠤ᠂ ᠡᠪᠡᠰᠦ ᠪᠣᠷᠳᠣᠭ᠎ᠠ᠎ᠪᠠᠨ ᠤᠷᠢᠳᠴᠢᠯᠠᠨ ᠨᠥᠭᠡᠴᠡᠯᠡᠵᠦ᠍᠂ ᠲᠦᠷᠦ᠎ᠶᠢᠨ ᠪᠤᠳᠤᠯᠭ᠎ᠠ᠎ᠶᠢ ᠠᠶᠠᠨᠳᠠᠭᠠᠨ ᠤᠬᠠᠭᠤᠯᠵᠤ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠬᠠᠮᠰᠠᠷ ᠨᠢ ᠦᠷᠭᠦᠯᠵᠢᠯᠡᠨ ᠳᠡᠭᠡᠭᠰᠢᠯᠡᠵᠦ᠍᠂ ᠨᠤᠲᠤᠭ ᠪᠡᠯᠴᠢᠭᠡᠷ᠎ᠦᠨ ᠠᠮᠢ ᠠᠬᠤᠢ ᠰᠠᠶ᠋ᠢᠵᠢᠷᠠᠬᠤ ᠬᠠᠨᠳᠤᠰᠢ ᠶᠠᠭ ᠮᠠᠯᠴᠢᠳ᠎ᠤᠨ ᠣᠷᠣᠯᠭ᠎ᠠ᠎ᠪᠠᠨ ᠨᠡᠮᠡᠭᠳᠡᠭᠦᠯᠬᠦ᠌ ᠪᠣᠳᠠᠲᠤ᠌ ᠦᠷ᠎ᠡ ᠪᠦᠲᠦᠮᠵᠢ ᠪᠣᠯᠤᠨ ᠬᠤᠪᠢᠷᠠᠵᠤ ᠪᠤᠢ᠃

2026 ᠣᠨ᠎ᠳᠤ ᠨᠤᠲᠤᠭ ᠪᠡᠯᠴᠢᠭᠡᠷ᠎ᠦᠨ ᠠᠮᠢ ᠠᠬᠤᠶ᠎ᠶᠢᠨ ᠬᠠᠮᠠᠭᠠᠯᠠᠯᠲᠠ᠎ᠶᠢᠨ ᠨᠥᠬᠥᠪᠥᠷᠢ ᠱᠠᠩᠨᠠᠯ᠎ᠤᠨ ᠲᠥᠷᠥ᠎ᠶᠢᠨ ᠪᠣᠳᠣᠯᠭ᠎ᠠ᠎ᠶᠢᠨ ᠰᠢᠯᠵᠢᠯᠲᠡ᠎ᠶᠢᠨ ᠵᠢᠯ ᠪᠣᠯᠤᠭᠰᠠᠨ᠎ᠤ ᠬᠤᠪᠢ᠎ᠳᠤ᠂ ᠬᠥᠯᠥᠨ ᠪᠣᠶ᠋ᠢᠷ ᠬᠣᠲᠠ ᠪᠡᠯᠴᠢᠭᠡᠷᠯᠡᠭᠦᠯᠬᠦ᠌᠎ᠶᠢ ᠵᠤᠭᠰᠤᠭᠠᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ 9329 ᠲᠦᠮᠡᠨ ᠮᠥ᠍ ᠨᠤᠲᠤᠭ ᠪᠡᠯᠴᠢᠭᠡᠷ᠎ᠦᠨ ᠲᠡᠩᠴᠡᠭᠦᠷᠢᠲᠦ᠍ ᠣᠷᠣᠨ᠎ᠢ ᠵᠠᠭᠠᠭᠯᠠᠨ ᠲᠣᠭᠲᠠᠭᠠᠭᠰᠠᠨ ᠵᠢᠴᠢ ᠨᠥᠬᠥᠪᠥᠷᠢ ᠱᠠᠩᠨᠠᠯ᠎ᠤᠨ ᠬᠡᠪᠴᠢᠶᠡᠨ᠎ᠳᠦ ᠣᠷᠣᠭᠤᠯᠤᠭᠰᠠᠨ ᠥᠬᠡᠶ ᠨᠤᠲᠤᠭ ᠪᠡᠯᠴᠢᠭᠡᠷ᠎ᠢ ᠬᠠᠮᠤᠷᠴᠠᠶ᠃ ᠡᠯ᠎ᠡ ᠬᠣᠰᠢᠭᠤ ᠬᠣᠲᠠ ᠲᠣᠭᠣᠷᠢᠭ ᠪᠡᠯᠴᠢᠭᠡᠷᠯᠡᠭᠦᠯᠬᠦ᠌᠎ᠶᠢ ᠵᠤᠭᠰᠤᠭᠠᠬᠤ ᠬᠦᠷᠢᠶ᠎ᠡ ᠬᠡᠪᠴᠢᠶ᠎ᠡ ᠪᠠ ᠴᠠᠭ ᠬᠤᠭᠤᠴᠠᠭ᠎ᠠ᠎ᠶᠢ ᠨᠢᠭᠡᠨᠲᠡ ᠲᠣᠳᠣᠷᠬᠠᠶ᠋ᠢᠯᠠᠵᠤ᠂ ᠲᠣᠭᠲᠠᠭᠠᠯ᠎ᠠᠴᠠ ᠵᠥᠷᠢᠴᠡᠨ ᠪᠡᠯᠴᠢᠭᠡᠷᠯᠡᠭᠦᠯᠬᠦ᠌ ᠦᠢᠯᠡ ᠠᠵᠢᠯᠯᠠᠭ᠎ᠠ᠎ᠶᠢ ᠬᠠᠤᠯᠢ ᠶᠣᠰᠣᠭᠠᠷ ᠴᠢᠩᠭ᠎ᠠ ᠰᠢᠢᠳᠬᠡᠨ᠎ᠡ᠃ ᠡᠭᠦᠨ᠎ᠦ ᠬᠠᠮᠲᠤ᠌᠂ ᠪᠡᠯᠴᠢᠭᠡᠷ ᠥᠨᠵᠢᠭᠦᠯᠬᠦ ᠵᠢ ᠱᠠᠩᠨᠠᠬᠤ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠵᠦ᠍᠂ ᠭᠤᠷᠪᠠᠳᠤᠭᠠᠷ ᠡᠭᠡᠯᠵᠢ᠎ᠶᠢᠨ ᠨᠥᠬᠥᠪᠥᠷᠢ ᠱᠠᠩᠨᠠᠯ᠎ᠤᠨ ᠬᠤᠭᠤᠴᠠᠭᠠᠨ᠎ᠳᠤ ᠮᠥ᠍ ᠪᠦᠷᠢ᠎ᠳᠦ 0.73 ᠲᠥᠭᠥᠷᠢᠭ ᠱᠠᠩᠨᠠᠵᠤ᠂ ᠳᠥᠷᠪᠡᠳᠦᠭᠡᠷ ᠡᠭᠡᠯᠵᠢ᠎ᠳᠦ ᠪᠠᠯᠠ ᠮᠥᠩᠭᠥ᠌ ᠬᠢᠭᠡᠳ ᠬᠠᠤᠯᠢ ᠬᠡᠷᠡᠭᠵᠢᠭᠦᠯᠦᠭᠰᠡᠨ ᠪᠠᠶ᠋ᠢᠳᠠᠯ᠎ᠲᠠᠶ ᠤᠶᠠᠯᠳᠤᠭᠤᠯᠤᠨ ᠣᠯᠭᠣᠵᠤ᠂ 《ᠱᠠᠩᠨᠠᠵᠤ ᠲᠣᠷᠭᠠᠬᠤ᠎ᠶᠢ ᠵᠡᠷᠭᠡ᠎ᠪᠡᠷ ᠬᠡᠷᠡᠭᠯᠡᠬᠦ᠌》 ᠵᠢ ᠪᠡᠶᠡᠯᠡᠭᠦᠯᠪᠠ᠃

ᠡᠭᠦᠨ᠎ᠡᠴᠡ ᠭᠠᠳᠠᠨ᠎ᠠ᠂ ᠲᠤᠬᠠᠶ᠎ᠶᠢᠨ ᠭᠠᠵᠠᠷ᠎ᠤᠨ᠎ᠬᠢᠨ ᠭᠠᠳᠠᠨ᠎ᠠ᠎ᠠᠴᠠ ᠢᠷᠡᠭᠰᠡᠨ ᠮᠠᠯ᠎ᠤᠨ ᠲᠣᠭᠲᠠᠭᠠᠯ ᠡᠴᠡ ᠵᠥᠷᠢᠴᠡᠨ ᠬᠢᠯᠢ᠎ᠳᠦ ᠣᠷᠣᠬᠤ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠪᠥᠬᠥ᠌ ᠣᠷᠣᠨ ᠪᠦᠰᠡ᠎ᠶᠢᠨ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ᠌ ᠲᠣᠭᠲᠠᠴᠠ᠎ᠶᠢ ᠪᠠᠶ᠋ᠢᠭᠤᠯᠵᠤ᠂ ᠨᠤᠲᠤᠭ᠎ᠲᠠᠭᠠᠨ ᠪᠤᠴᠠᠬᠤ ᠪᠠ ᠬᠢᠯᠢ᠎ᠳᠦ ᠣᠷᠣᠬᠤ ᠮᠠᠯ᠎ᠢ ᠴᠢᠩᠭ᠎ᠠ ᠢᠯᠭᠠᠵᠤ᠂ ᠬᠠᠤᠯᠢ ᠲᠣᠭᠲᠠᠭᠠᠯ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠵᠦ᠍᠂ ᠠᠮᠢᠲᠠᠨ᠎ᠤ ᠬᠢᠵᠢᠭ᠎ᠢ ᠰᠡᠷᠭᠡᠶ᠋ᠢᠯᠡᠬᠦ᠌ ᠪᠠ ᠨᠤᠲᠤᠭ ᠪᠡᠯᠴᠢᠭᠡᠷ᠎ᠢ ᠬᠠᠮᠠᠭᠠᠯᠠᠬᠤ ᠬᠠᠮᠢᠶ᠎ᠠ ᠪᠥᠬᠥᠶ ᠬᠠᠤᠯᠢ ᠴᠠᠭᠠᠵᠠ ᠬᠠᠤᠯᠢ ᠲᠣᠭᠲᠠᠭᠠᠯ᠎ᠢ ᠴᠢᠩᠭ᠎ᠠ ᠰᠠᠬᠢᠵᠤ᠂ ᠪᠡᠯᠴᠢᠭᠡᠷᠯᠡᠭᠦᠯᠬᠦ᠌᠎ᠶᠢ ᠵᠤᠭᠰᠤᠭᠠᠬᠤ ᠠᠵᠢᠯ᠎ᠢ ᠡᠮᠬᠢ ᠵᠢᠷᠤᠮ᠎ᠲᠠᠶ ᠠᠬᠢᠭᠤᠯᠬᠤ᠎ᠶᠢ ᠦᠨᠡᠨ ᠬᠦ᠌ ᠪᠠᠲᠤᠯᠠᠵᠤ᠂ ᠨᠤᠲᠤᠭ ᠪᠡᠯᠴᠢᠭᠡᠷ᠎ᠦᠨ ᠠᠮᠢ ᠠᠬᠤᠶ᠎ᠶᠢᠨ ᠠᠮᠤᠷ ᠲᠦᠪᠰᠢᠨ᠎ᠢ ᠰᠠᠬᠢᠨ ᠬᠠᠮᠠᠭᠠᠯᠠᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号