ᠡᠨᠡᠬᠦ ᠰᠢᠨ᠎ᠡ ᠠᠵᠢᠯ ᠮᠡᠷᠭᠡᠵᠢᠯ ᠳ᠋ᠤ ᠬᠦᠮᠦᠨ ᠳᠤᠲᠠᠭᠳᠠᠵᠤ ᠪᠤᠢ ᠤᠯᠤᠰ᠎ᠠᠴᠠ ᠭᠤᠤᠯᠳᠠᠯᠭ᠎ᠠ᠎ᠲᠠᠶ ᠳᠠᠮᠵᠢᠨ᠎ᠠ!
2026-03-27 16:29:25
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ ᠬᠠᠮᠲᠤᠷᠠᠨ ᠲᠦᠷᠦᠭᠦᠬᠡᠨ 《ᠣᠷᠳᠣ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠲᠦᠷᠢᠮ᠎ᠢ ᠲᠦᠷᠭᠡᠳᠭᠡᠨ ᠪᠠᠶ᠋ᠢᠭᠤᠯᠬᠤ ᠲᠤᠬᠠᠶ ᠰᠠᠨᠠᠯ》᠎ᠢ ᠳᠠᠷᠤᠮᠠᠯᠯᠠᠨ ᠲᠠᠷᠬᠠᠭᠠᠪᠠ᠃ 3 ᠰᠠᠷ᠎ᠠ ᠵᠢᠨ 26᠎ᠤ ᠡᠳᠦᠷ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠬᠡᠷ ᠰᠣᠨᠢᠨ ᠮᠡᠳᠡᠭᠡ ᠨᠡᠶ᠋ᠢᠲᠡᠯᠡᠬᠦ᠌ ᠬᠤᠷᠠᠯ ᠬᠢᠵᠦ᠍᠂ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠦᠨ ᠬᠣᠯᠪᠣᠭᠳᠠᠯ ᠪᠥᠬᠥᠶ ᠬᠠᠷᠢᠭᠤᠴᠠᠯᠭᠠᠲᠠᠨ ᠬᠣᠯᠪᠣᠭᠳᠠᠯ ᠪᠥᠬᠥᠶ ᠪᠠᠶ᠋ᠢᠳᠠᠯ᠎ᠢ ᠲᠠᠨᠢᠯᠴᠠᠭᠤᠯᠪᠠ᠃

ᠬᠤᠷᠠᠯ ᠳᠡᠭᠡᠷ᠎ᠡ᠂ ᠣᠳᠣᠬᠠᠨ᠎ᠳᠤ ᠰᠤᠪᠢᠯᠠᠭᠴᠢᠳ ᠮᠠᠰᠢ ᠶᠡᠬᠡ ᠳᠤᠲᠠᠭᠳᠠᠵᠤ ᠪᠠᠶ᠋ᠢᠨ᠎ᠠ᠂ ᠰᠤᠪᠢᠯᠠᠭᠴᠢᠳ᠎ᠢ ᠬᠥᠮᠦᠵᠢᠭᠦᠯᠬᠦ᠌᠂ ᠠᠵᠢᠯ ᠮᠡᠷᠭᠡᠵᠢᠯ᠎ᠦᠨ ᠲᠠᠲᠠᠬᠤ ᠬᠦᠴᠦᠨ᠎ᠢ ᠳᠡᠭᠡᠭᠰᠢᠯᠡᠭᠦᠯᠬᠦ᠌ ᠲᠠᠯ᠎ᠠ᠎ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ? ᠭᠡᠵᠦ ᠰᠤᠷᠪᠤᠯᠵᠢᠯᠠᠭᠴᠢ ᠠᠰᠠᠭᠤᠭᠰᠠᠨ ᠪᠠᠢᠨ᠎ᠠ᠃

ᠡᠭᠦᠨ᠎ᠦ ᠲᠤᠬᠠᠶ᠂ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ᠎ᠶᠢᠨ ᠡᠮ ᠡᠮᠨᠡᠯᠭᠡ᠎ᠶᠢᠨ ᠦᠢᠯᠡᠴᠢᠯᠡᠭᠡᠨ᠎ᠦ ᠬᠠᠮᠢᠶᠠᠷᠤᠯᠲᠠ᠎ᠶᠢᠨ ᠵᠤᠷᠭᠠᠨ᠎ᠤ ᠳᠠᠷᠤᠭ᠎ᠠ ᠬᠤᠸᠠᠩ ᠰᠢᠨ ᠢᠦᠶ ᠣᠯᠠᠨ᠎ᠳᠤ ᠨᠢᠭᠡᠨ ᠰᠢᠨ᠎ᠡ ᠠᠵᠢᠯ ᠮᠡᠷᠭᠡᠵᠢᠯ — ᠣᠷᠳᠣ ᠬᠤᠭᠤᠴᠠᠭᠠᠨ᠎ᠤ ᠬᠠᠷᠠᠭᠠᠯᠵᠠᠨ ᠰᠤᠪᠢᠯᠠᠭᠴᠢ ᠵᠢ ᠳᠠᠨᠢᠯᠴᠠᠭᠤᠯᠪᠠ᠃

 

ᠶᠠᠭᠤ᠎ᠶᠢ 《ᠣᠷᠳᠣ  ᠬᠤᠭᠤᠴᠠᠭᠠᠨ ᠎ᠤ ᠬᠠᠷᠠᠭᠠᠯᠵᠠᠨ ᠰᠤᠪᠢᠯᠠᠭᠴᠢ》 ᠭᠡᠬᠦ᠌ ᠪᠣᠶ?

ᠣᠷᠳᠣ ᠬᠤᠭᠤᠴᠠᠭᠠᠨ᠎ᠤ ᠬᠠᠷᠠᠭᠠᠯᠵᠠᠨ ᠰᠤᠪᠢᠯᠠᠭᠴᠢ ᠭᠡᠳᠡᠭ ᠨᠢ ᠦᠨᠳᠦᠰᠦᠨ ᠠᠮᠢᠳᠤᠷᠠᠯ᠎ᠤᠨ ᠬᠠᠷᠠᠭᠠᠯᠵᠠᠯ ᠵᠢᠴᠢ ᠰᠤᠪᠢᠯᠠᠯᠲᠠ᠎ᠶᠢᠨ ᠮᠡᠳᠡᠯᠭᠡ᠂ ᠮᠡᠷᠭᠡᠵᠢᠯ ᠴᠢᠳᠠᠪᠤᠷᠢ᠎ᠶᠢ ᠬᠡᠷᠡᠭᠯᠡᠨ᠂ ᠬᠡᠷ ᠪᠦᠯᠢ᠂ ᠨᠡᠶ᠋ᠢᠭᠡᠮ ᠲᠣᠭᠣᠷᠢᠭ᠂ ᠨᠠᠰᠤᠵᠢᠯ᠎ᠤᠨ ᠪᠠᠶ᠋ᠢᠭᠤᠯᠤᠮᠵᠢ᠂ ᠡᠮᠴᠢᠯᠡᠭᠡᠨ᠎ᠦ ᠪᠠᠶ᠋ᠢᠭᠤᠯᠤᠮᠵᠢ ᠵᠡᠷᠭᠡ ᠲᠠᠯᠠᠪᠤᠷ ᠭᠠᠵᠠᠷ᠎ᠲᠤ᠌᠂ ᠣᠷᠳᠣ ᠬᠤᠭᠤᠴᠠᠭ᠎ᠠ᠎ᠪᠠᠷ ᠬᠠᠷᠠᠭᠠᠯᠵᠠᠨ ᠠᠰᠠᠷᠠᠭᠤᠯᠬᠤ ᠳᠠᠭᠠᠳᠬᠠᠯ᠎ᠤᠨ ᠣᠯᠭᠣᠮᠵᠢ ᠭᠥᠷᠳᠡᠬᠦ᠌ ᠬᠥᠮᠦᠰ᠎ᠲᠦ᠍ ᠦᠨᠳᠦᠰᠦᠨ ᠠᠮᠢᠳᠤᠷᠠᠯ᠎ᠤᠨ ᠬᠠᠷᠠᠭᠠᠯᠵᠠᠯ ᠵᠢᠴᠢ ᠲᠡᠭᠦᠨ᠎ᠯᠦᠭᠡ ᠨᠢᠭᠲᠠ ᠬᠣᠯᠪᠣᠭ᠎ᠠ᠎ᠲᠠᠶ ᠡᠮᠴᠢᠯᠡᠭᠡ ᠰᠤᠪᠢᠯᠠᠯᠲᠠ᠂ ᠴᠢᠳᠠᠮᠵᠢ᠎ᠶᠢᠨ ᠬᠠᠮᠠᠭᠠᠯᠠᠯᠲᠠ᠂ ᠰᠡᠳᠬᠢᠴᠡ᠎ᠶᠢᠨ ᠰᠤᠪᠢᠯᠠᠯᠲᠠ ᠵᠡᠷᠭᠡ ᠦᠢᠯᠡᠴᠢᠯᠡᠭᠡ ᠬᠠᠩᠭᠠᠬᠤ ᠠᠵᠢᠯᠯᠠᠭᠰᠠᠳ᠎ᠢ ᠵᠢᠭᠠᠵᠤ ᠪᠣᠶ᠃


ᠡᠭᠦᠨ᠎ᠡᠴᠡ ᠭᠠᠳᠠᠨ᠎ᠠ᠂ ᠬᠤᠸᠠᠩ ᠰᠢᠨ ᠢᠦᠶ ᠪᠠᠰᠠ ᠰᠤᠪᠢᠯᠠᠭᠴᠢᠳ᠎ᠢ ᠬᠥᠮᠦᠵᠢᠭᠦᠯᠬᠦ᠌᠂ ᠠᠵᠢᠯ ᠮᠡᠷᠭᠡᠵᠢᠯ᠎ᠦᠨ ᠲᠠᠲᠠᠬᠤ ᠬᠦᠴᠦᠨ᠎ᠢ ᠳᠡᠭᠡᠭᠰᠢᠯᠡᠭᠦᠯᠬᠦ᠌ ᠵᠡᠷᠭᠡ ᠲᠠᠯ᠎ᠠ᠎ᠶᠢᠨ ᠪᠣᠳᠠᠲᠠᠶ ᠠᠷᠭ᠎ᠠ ᠬᠡᠮᠵᠢᠶ᠎ᠡ᠎ᠶᠢ ᠲᠠᠨᠢᠯᠴᠠᠭᠤᠯᠪᠠ᠃

·ᠲᠥᠷᠥ᠎ᠶᠢᠨ ᠪᠣᠳᠣᠯᠭ᠎ᠠ᠎ᠶᠢᠨ ᠰᠢᠰᠲ᠋ᠧᠮ᠎ᠢ ᠪᠠᠶ᠋ᠢᠭᠤᠯᠤᠨ ᠪᠦᠷᠢᠨᠰᠢᠭᠦᠯᠵᠦ᠍᠂ ᠬᠠᠮᠢᠶ᠎ᠠ ᠪᠥᠬᠥᠶ ᠠᠵᠢᠯ ᠮᠡᠷᠭᠡᠵᠢᠯ᠎ᠦᠨ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠦᠨ᠎ᠡ᠃

·ᠪᠣᠯᠪᠠᠰᠤᠷᠠᠯ᠎ᠤᠨ ᠬᠠᠮᠢᠶᠠᠷᠤᠯᠲᠠ᠎ᠶᠢ ᠵᠢᠷᠤᠮᠵᠢᠭᠤᠯᠵᠤ᠂ ᠮᠡᠷᠭᠡᠵᠢᠯ ᠴᠢᠳᠠᠪᠤᠷᠢ᠎ᠶᠢᠨ ᠬᠢᠷᠢ ᠬᠡᠮᠵᠢᠶ᠎ᠡ᠎ᠶᠢ ᠳᠡᠭᠡᠭᠰᠢᠯᠡᠭᠦᠯᠦᠨ᠎ᠡ᠃

·ᠰᠢᠯᠭᠠᠨ ᠦᠨᠡᠯᠡᠬᠦ᠌ ᠠᠷᠭ᠎ᠠ ᠬᠡᠯᠪᠡᠷᠢ᠎ᠳᠦ ᠰᠢᠨ᠎ᠡ᠎ᠶᠢ ᠡᠭᠦᠳᠴᠦ᠍᠂ ᠠᠵᠢᠯ ᠮᠡᠷᠭᠡᠵᠢᠯ᠎ᠦᠨ ᠬᠡᠪᠴᠢᠶ᠎ᠡ᠎ᠶᠢ ᠥᠷᠭᠡᠳᠬᠡᠬᠦ᠌᠎ᠶᠢ ᠲᠦᠷᠭᠡᠳᠬᠡᠨ᠎ᠡ᠃

·ᠳᠡᠮᠵᠢᠬᠦ᠌ ᠠᠷᠭ᠎ᠠ ᠵᠠᠮ᠎ᠢᠶᠠᠨ ᠥᠷᠭᠡᠳᠬᠡᠵᠦ᠍᠂ ᠠᠵᠢᠯ ᠮᠡᠷᠭᠡᠵᠢᠯ᠎ᠦᠨ ᠲᠠᠲᠠᠬᠤ ᠬᠦᠴᠦᠨ᠎ᠢ ᠨᠡᠮᠡᠭᠳᠡᠭᠦᠯᠦᠨ᠎ᠡ᠃

ᠢᠷᠡᠯᠳᠠ᠄ ᠳᠦᠪ ᠳᠸᠯᠸᠢᠰ᠎ᠤᠨ ᠰᠤᠨᠢᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号