ᠪᠦᠬᠦ᠌ ᠣᠷᠣᠨ᠎ᠤ ᠶᠡᠬᠡ ᠳᠡᠭᠡᠳᠦ ᠰᠤᠷᠭᠠᠭᠤᠯᠢ᠎ᠵᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠰᠠᠭᠤᠷᠢᠨ ᠲᠠᠬᠢᠨᠳᠠ 380 ᠱᠢᠬᠠᠮ ᠵᠦᠢᠯ᠎ᠦᠨ ᠦᠷ᠎ᠡ ᠪᠦᠲᠦᠭᠡᠯ ᠣᠯᠵᠠᠢ
2026-03-28 11:38:55
ᠵᠣᠬᠢᠶᠠᠭ᠍ᠴᠢ᠄
ᠯᠢᠦ ᡁᠢ ᠱᠢᠶᠠᠨ ᠴᠢᠮᠡᠭᠡᠯᠡᠭ᠌ᠴᠢ ᠶᠦᠨ ᠱᠢᠤᠢ ᠬᠠᠨ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 26 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠡᠴᠡ ᠭᠣᠣᠯᠯᠠᠨ ᠡᠷᠬᠢᠯᠡᠭ᠌ᠰᠡᠨ ᠪᠦᠬᠦ᠌ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠰᠠᠭᠤᠷᠢᠨ᠎ᠤ ᠴᠢᠬᠤᠯᠠ ᠶᠡᠬᠡ ᠰᠡᠳᠦᠪ᠎ᠦᠨ ᠦᠷ᠎ᠡ ᠪᠦᠲᠦᠭᠡᠯ᠎ᠦᠨ ᠦᠵᠡᠭᠦᠯᠭᠡ ᠵᠢᠴᠢ ᠭᠤᠷᠪᠠᠳᠤᠭᠠᠷ ᠪᠦᠯᠦᠭ᠎ᠦᠨ ᠴᠢᠬᠤᠯᠠ ᠶᠡᠬᠡ ᠰᠡᠳᠦᠪ᠎ᠦᠨ ᠨᠤᠲᠠᠯᠠᠯᠲᠠ᠎ᠶ᠋ᠢᠨ ᠬᠤᠷᠠᠯ ᠥᠪᠥᠷ ᠮᠣᠩᠭᠣᠯ᠎ᠤᠨ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ᠎ᠳᠤ ᠶᠠᠪᠤᠭ᠍ᠳᠠᠪᠠ᠃

ᠬᠤᠷᠠᠯ ᠳᠡᠭᠡᠷ᠎ᠡ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠶᠡᠬᠡ ᠰᠤᠷᠭᠠᠭᠤᠯᠢ᠂ ᠬᠥᠬᠡᠡᠡᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠂ ᠵᠢᠨᠢᠩ᠎ᠦᠨ ᠪᠠᠭ᠍ᠰᠢ᠎ᠶ᠋ᠢᠨ ᠳᠡᠭᠡᠳᠦ ᠰᠤᠷᠭᠠᠭᠤᠯᠢ ᠵᠡᠷᠭᠡ ᠬᠤᠶᠠᠳᠤᠭᠠᠷ ᠪᠦᠯᠦᠭ᠎ᠤᠨ ᠴᠢᠬᠤᠯᠠ ᠶᠡᠬᠡ ᠨᠠᠢᠳᠠᠯᠭ᠎ᠠ᠎ᠶ᠋ᠢᠨ ᠲᠥᠷᠥᠯ ᠵᠦᠶ᠋ᠯ᠎ᠢ ᠲᠠᠭᠠᠭᠠᠵᠤ ᠠᠪᠤᠭᠰᠠᠨ 6  ᠶᠡᠬᠡ ᠳᠡᠭᠡᠳᠦ ᠰᠤᠷᠭᠠᠭᠤᠯᠢ ᠵᠢᠨ ᠬᠢᠨ ᠦᠷ᠎ᠡ ᠪᠦᠲᠦᠭᠡᠯ᠎ᠢ ᠡᠬᠦᠳᠦᠭᠰᠡᠨ ᠪᠠ ᠬᠡᠷᠡᠭᠯᠡᠵᠤ ᠤᠨᠳᠤᠤᠰᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠠᠷᠢᠭᠤ ᠮᠡᠳᠡᠭᠦᠯᠦᠯᠲᠡ᠎ᠵᠢᠨ ᠦᠵᠡᠭᠦᠯᠭᠡ ᠬᠢᠪᠠ᠃ ᠲᠣᠰ ᠤᠳᠠᠭᠠᠨ᠎ᠤ ᠴᠢᠬᠤᠯᠠ ᠶᠡᠬᠡ ᠰᠡᠳᠦᠪ ᠨᠢ ᠣᠨᠣᠯ᠎ᠤᠨ ᠰᠥᠪᠡᠭ᠌ᠴᠢᠯᠡᠯᠲᠡ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠲᠡᠦᠬᠡ᠎ᠶ᠋ᠢᠨ ᠭᠡᠷᠡᠴᠢᠯᠡᠬᠡ᠂ ᠦᠶ᠋ᠯᠡᠳᠦᠯᠭᠡ  ᠪᠤᠯᠭᠠᠨ ᠤᠨᠳᠤᠤᠰᠢᠭᠤᠯᠬᠤ ᠬᠢᠭᠡᠳ ᠤᠬᠠᠭᠤᠯᠭ᠎ᠠ ᠬᠥᠮᠦᠵᠢᠯ ᠵᠡᠷᠭᠡ ᠲᠠᠯ᠎ᠠ᠎ᠪᠠᠷ ᠳᠠᠬᠢᠨᠲᠠ ᠡᠯᠪᠡᠭ ᠠᠮᠵᠢᠯᠲᠠ ᠣᠯᠵᠤ᠂ ᠣᠨᠣᠯ᠎ᠤᠨ ᠵᠣᠬᠢᠶᠠᠯ᠂ ᠲᠤᠰᠭᠠᠶ ᠪᠦᠲᠦᠭᠡᠯ᠂ ᠵᠢᠷᠤᠭ᠍ᠲᠤ ᠳᠡᠪᠲᠡᠷ  ᠵᠢᠷᠤᠭ᠎ᠤᠨ ᠵᠢᠭ᠍ᠰᠠᠯ᠂ ᠵᠢᠭᠠᠨ ᠰᠤᠷᠭᠠᠯᠲᠠ᠎ᠶ᠋ᠢᠨ ᠬᠦᠲᠦᠯᠪᠦᠷᠢ᠂ ᠵᠢᠭᠠᠨ ᠰᠤᠷᠭᠠᠯᠲᠠ᠎ᠶ᠋ᠢᠨ ᠬᠠᠪᠰᠤᠷᠤᠮᠵᠢ ᠵᠢᠨ ᠬᠡᠷᠡᠭ᠎ᠦᠨ ᠵᠢᠱ᠌ᠢᠶ᠎ᠡ᠂ ᠵᠢᠭᠠᠨ ᠰᠤᠷᠭᠠᠯᠲᠠ᠎ᠶ᠋ᠢᠨ ᠱᠢᠰᠲ᠋ᠧᠮ᠂ ᠠᠦ᠋ᠳᠢᠤ᠋ ᠸᠢᠳᠢᠤ᠋᠎ᠶ᠋ᠢᠨ ᠡᠬᠢ ᠪᠠᠶᠠᠯᠢᠭ᠂ ᠭᠠᠷ ᠤᠷᠠᠯᠠᠯ᠎ᠤᠨ ᠪᠦᠲᠦᠭᠡᠭ᠌ᠳᠡᠬᠦᠨ ᠵᠡᠷᠭᠡ᠎ᠶ᠋ᠢ ᠪᠠᠭ᠍ᠲᠠᠭᠠᠭ᠍ᠰᠠᠨ ᠠᠷᠪᠠᠨ ᠶᠡᠬᠡ ᠲᠥᠷᠥᠯ᠎ᠦᠨ 380 ᠱᠢᠬᠠᠮ ᠵᠦᠶ᠋ᠯ᠎ᠦᠨ ᠦᠷ᠎ᠡ ᠪᠦᠲᠦᠭᠡᠯ᠎ᠢ ᠲᠥᠪᠯᠡᠷᠡᠭᠦᠯᠦᠨ ᠢᠯᠡᠷᠡᠭᠦᠯᠪᠡ᠃ ᠬᠤᠷᠠᠯ᠎ᠳᠤ ᠣᠷᠣᠯᠴᠠᠭ᠍ᠰᠠᠳ ᠪᠦᠬᠦ᠌ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠰᠠᠭᠤᠷᠢᠨ᠎ᠤ ᠦᠷ᠎ᠡ ᠪᠦᠲᠦᠭᠡᠯ᠎ᠦᠨ ᠦᠵᠡᠭᠦᠯᠭᠡ᠎ᠶ᠋ᠢ ᠲᠣᠭᠣᠷᠢᠨ ᠦᠵᠡᠭ᠌ᠰᠡᠨ ᠪᠥᠭᠡᠳ ᠰᠤᠳᠤᠯᠭᠠᠨ᠎ᠤ ᠦᠷ᠎ᠡ ᠪᠦᠲᠦᠭᠡᠯ᠎ᠢᠶᠡᠨ ᠰᠣᠯᠢᠯᠴᠠᠪᠠ᠃ ᠬᠤᠷᠠᠯ᠎ᠡᠴᠡ ᠪᠠᠰᠠ ᠭᠤᠷᠪᠠᠳᠤᠭᠠᠷ ᠪᠦᠯᠦᠭ᠎ᠦᠨ ᠴᠢᠬᠤᠯᠠ ᠶᠡᠬᠡ ᠰᠡᠳᠦᠪ᠎ᠲᠦ ᠨᠤᠲᠠᠯᠠᠯᠲᠠ ᠬᠢᠵᠦ᠍᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠂ ᠬᠥᠯᠥᠨ ᠪᠣᠢᠷ ᠳᠡᠭᠡᠳᠦ ᠰᠤᠷᠭᠠᠭᠤᠯᠢ ᠵᠡᠷᠭᠡ 6 ᠶᠡᠬᠡ ᠳᠡᠭᠡᠳᠦ ᠰᠤᠷᠭᠠᠭᠤᠯᠢ ᠰᠤᠳᠤᠯᠭᠠᠨ᠎ᠤ ᠴᠢᠭᠯᠡᠯ᠎ᠢᠶᠡᠨ ᠴᠢᠨᠠᠭ᠍ᠰᠢᠳᠠ ᠨᠠᠷᠢᠯᠢᠭ᠍ᠵᠢᠭᠤᠯᠵᠤ᠂ ᠵᠢᠱ᠌ᠢᠭ᠌ᠰᠡᠨ ᠦᠷ᠎ᠡ ᠪᠦᠲᠦᠭᠡᠯ᠎ᠢᠶᠡᠨ ᠬᠠᠷᠢᠭᠤ ᠮᠡᠳᠡᠭᠦᠯᠪᠡ᠃

ᠣᠢᠷ᠎ᠠ᠎ᠶ᠋ᠢᠨ ᠵᠢᠯ ᠡᠴᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠰᠠᠭᠤᠷᠢᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠪᠠᠭ᠍ᠲᠠᠭᠠᠮᠵᠢ᠎ᠶ᠋ᠢ ᠥᠷᠭᠡᠳᠭᠡᠬᠦ᠌᠂ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠴᠢᠬᠤᠯᠠ ᠶᠡᠬᠡ ᠨᠠᠢᠳᠠᠯᠭ᠎ᠠ᠎ᠶ᠋ᠢᠨ ᠲᠤᠰᠭᠠᠶ ᠰᠡᠳᠦᠪ᠎ᠢ ᠲᠤᠬᠢᠷᠠᠭᠤᠯᠵᠤ᠂ 《ᠰᠠᠯᠠᠭ᠎ᠠ ᠮᠥᠴᠢᠷ ᠡᠴᠡ ᠰᠡᠳᠦᠪ ᠭᠠᠷᠭᠠᠬᠤ᠂ ᠰᠠᠭᠤᠷᠢᠨ ᠡᠴᠡ ᠰᠡᠳᠦᠪ᠎ᠢ ᠳᠠᠭᠠᠭᠠᠵᠤ ᠠᠪᠬᠤ᠂ ᠰᠡᠳᠦᠪ᠎ᠦᠨ ᠳᠤᠭᠤᠢᠯᠠᠩ ᠡᠴᠡ ᠰᠡᠳᠦᠪ ᠬᠠᠷᠢᠭᠤᠯᠬᠤ》 ᠵᠣᠬᠢᠶᠠᠨ ᠪᠠᠢᠭᠤᠯᠤᠯᠲᠠ᠎ᠲᠠᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠭ᠍ᠪᠤᠷ᠎ᠢ ᠪᠠᠢᠭᠤᠯᠵᠤ᠂ ᠡᠯ᠎ᠡ ᠶᠡᠬᠡ ᠳᠡᠭᠡᠳᠦ ᠰᠤᠷᠭᠠᠭᠤᠯᠢ᠎ᠶ᠋ᠢᠨ ᠰᠤᠳᠤᠯᠭᠠᠨ᠎ᠤ ᠰᠠᠭᠤᠷᠢᠨ ᠡᠴᠡ ᠶᠡᠬᠡ ᠳᠡᠭᠡᠳᠦ ᠰᠤᠷᠭᠠᠭᠤᠯᠢ ᠠᠯᠤᠰᠯᠠᠨ᠂ ᠱᠢᠨᠵᠢᠯᠡᠭᠡᠨ᠎ᠦ ᠰᠠᠯᠠᠭ᠎ᠠ ᠠᠯᠤᠰᠯᠠᠨ᠂ ᠬᠦᠷᠢᠶ᠎ᠡ ᠴᠠᠷᠠᠭ᠎ᠠ ᠠᠯᠤᠰᠯᠠᠵᠤ ᠬᠠᠮᠵᠢᠯᠴᠠᠨ ᠪᠣᠭᠣᠮᠲᠠ ᠱᠢᠪᠲᠤᠯᠬᠤ ᠪᠠ ᠡᠬᠢ ᠪᠠᠶᠠᠯᠢᠭ᠎ᠢ ᠨᠡᠢᠳᠬᠡᠬᠦ᠎ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠶᠡᠬᠡ ᠳᠡᠭᠡᠳᠦ ᠰᠤᠷᠭᠠᠭᠤᠯᠢ᠎ᠶ᠋ᠢᠨ ᠰᠤᠳᠤᠯᠭᠠᠨ᠎ᠤ ᠰᠠᠭᠤᠷᠢᠨ᠎ᠢ ᠦᠷᠭᠦᠯᠵᠢᠯᠡᠨ ᠵᠢᠯᠣᠭᠣᠳᠴᠤ᠌ ᠱᠢᠨᠵᠢᠯᠡᠭᠡᠨ᠎ᠦ ᠰᠠᠯᠠᠭ᠎ᠠ ᠴᠢᠳᠠᠪᠤᠷᠢᠲᠠᠨ᠎ᠤ ᠳᠠᠪᠠᠭᠤᠯᠢᠭ ᠳᠠᠭᠠᠨ ᠰᠠᠭᠤᠷᠢᠯᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠳᠤᠭᠤᠷᠢᠨ᠎ᠳᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠴᠢᠬᠤᠯᠠ ᠶᠡᠬᠡ ᠣᠨᠣᠯ ᠪᠠ ᠦᠶ᠋ᠯᠡᠳᠦᠯᠭᠡ᠎ᠶ᠋ᠢᠨ ᠠᠰᠠᠭᠤᠳᠠᠯ ᠯᠤᠭ᠎ᠠ ᠤᠨᠤᠴᠠᠳᠠᠢ ᠵᠤᠯᠭᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠳᠦ ᠦᠶ᠋ᠯᠡᠴᠢᠯᠡᠬᠦ᠌ ᠨᠠᠩ ᠣᠯᠠᠨ ᠴᠢᠬᠤᠯᠠ ᠶᠡᠬᠡ ᠦᠷ᠎ᠡ ᠪᠦᠲᠦᠭᠡᠯ᠎ᠢ ᠡᠬᠦᠳᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号