ᠲᠦᠷᠦᠭᠦᠬᠡᠨ᠂ ᠲᠦᠩᠯᠢᠶᠣᠤ ᠬᠣᠲᠠ᠎ᠶ᠋ᠢᠨ ᠨᠠᠮ᠎ᠤᠨ ᠬᠣᠷᠢᠶ᠎ᠠ 《ᠰᠢᠨ᠎ᠠ ᠬᠠᠪᠤᠷ᠎ᠤᠨ ᠠᠨᠭᠬᠠᠨ᠎ᠤ ᠬᠤᠷᠠᠯ》 ᠤ᠋ᠨ ᠬᠡᠯᠪᠡᠷᠢ᠎ᠪᠡᠷ ᠪᠥᠬᠥ᠌ ᠬᠣᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠴᠢᠨᠠᠷ ᠴᠢᠨᠰᠠᠭ᠎ᠠ ᠵᠢ ᠳᠡᠭᠡᠭ᠌ᠰᠢᠯᠡᠭᠦᠯᠬᠦ᠌ ᠣᠨ᠎ᠤ ᠠᠵᠢᠯᠯᠠᠭ᠎ᠠ᠎ᠶ᠋ᠢ ᠵᠢᠩᠬᠢᠨᠢ᠎ᠪᠡᠷ ᠡᠬᠢᠯᠡᠭᠦᠯᠪᠡ᠃ ᠡᠨᠡ ᠪᠣᠯ ᠲᠦᠩᠯᠢᠶᠣᠤ ᠬᠣᠲᠠ 5 ᠵᠢᠯ ᠳᠠᠷᠠᠭᠠᠯᠠᠨ ᠣᠨ᠎ᠤ ᠡᠬᠢᠨ ᠳ᠋ᠤ ᠪᠠᠢᠷᠢᠯᠠᠭᠤᠯᠵᠤ ᠪᠦᠬᠦᠢ ᠬᠠᠮᠤᠭ᠎ᠤᠨ ᠥᠨᠳᠥᠷ ᠪᠠᠷᠢᠮᠵᠢᠶ᠎ᠠ᠂ ᠬᠠᠮᠤᠭ᠎ᠤᠨ ᠴᠢᠩᠭ᠎ᠠ ᠪᠠᠢᠷᠢᠯᠠᠭᠤᠯᠤᠯᠲᠠ᠂ ᠬᠠᠮᠤᠭ᠎ᠤᠨ ᠪᠣᠳᠠᠲᠠᠶ ᠠᠷᠭ᠎ᠠ ᠬᠡᠮᠵᠢᠶ᠎ᠡ᠎ᠪᠡᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠥᠲᠥᠭᠡᠨ ᠪᠠᠢᠭᠤᠯᠬᠤ 《ᠨᠢᠭᠡᠳᠦᠭᠡᠷ ᠭᠠᠷᠤᠨ ᠢᠨᠵᠧᠨᠧᠷᠢᠩ》 ᠪᠠᠢᠵᠤ᠂ 《ᠪᠥᠬᠥ᠌ ᠲᠠᠯ᠎ᠠ᠎ᠪᠠᠷ ᠬᠤᠷᠳᠤᠴᠠ᠎ᠪᠠᠨ ᠲᠡᠭᠡᠭᠰᠢᠯᠡᠬᠦᠯᠦᠨ ᠨᠡᠭᠡᠵᠤ᠂ ᠴᠢᠨᠠᠷ ᠰᠠᠢᠲᠠᠶ ᠳᠠᠪᠠᠯᠲᠠ ᠪᠡᠷ ᠲᠡᠷᠢᠭᠦᠨ᠎ᠤ ᠬᠢ ᠪᠤᠯᠬᠤ ᠪᠠᠷ ᠴᠢᠷᠮᠠᠢᠬᠤ》 ᠡᠷᠡᠰ ᠪᠠᠲᠤ ᠵᠣᠷᠢᠭ ᠪᠠ ᠢᠯᠡ ᠲᠣᠳᠣ ᠤᠳᠤᠷᠢᠳᠤᠮᠵᠢ᠎ᠶ᠋ᠢ ᠬᠠᠷᠠᠭᠤᠯᠤᠭᠰᠠᠨ ᠪᠠᠢᠨ᠎ᠠ᠃
ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠪᠣᠯ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠣᠷᠣᠱᠢᠨ ᠲᠣᠭ᠍ᠲᠠᠨᠢᠵᠤ ᠬᠥᠭ᠌ᠵᠢᠬᠦ᠌᠎ᠶ᠋ᠢᠨ ᠬᠥᠷᠥᠰᠥ᠍ ᠱᠢᠷᠣᠢ ᠮᠥᠨ᠂ ᠨᠡᠢᠭᠡᠮ᠎ᠦᠨ ᠢᠲᠡᠭᠡᠯ ᠵᠣᠷᠢᠭ᠎ᠢ ᠬᠥᠪᠴᠢᠯᠡᠬᠦ᠌᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠂ ᠬᠥᠭ᠌ᠵᠢᠯᠲᠡ᠎ᠶ᠋ᠢᠨ ᠨᠥᠭᠡᠴᠡ ᠬᠦᠴᠦᠨ᠎ᠢ ᠴᠢᠩᠭᠠᠳᠭᠠᠬᠤ ᠵᠠᠩᠭᠢᠯᠠᠭ᠎ᠠ᠎ᠶ᠋ᠢᠨ ᠲᠤᠯᠭᠠᠭᠤᠷᠢᠯᠠᠯ ᠮᠥᠨ᠃ ᠲᠠᠪᠤᠨ ᠵᠢᠯ᠎ᠦᠨ ᠲᠤᠷᠰᠢ᠂ ᠲᠦᠩᠯᠢᠶᠣᠤ ᠬᠣᠲᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠪᠡᠷ ᠬᠦᠴᠢᠷᠳᠡᠯᠳᠡᠢ ᠪᠠᠢᠳᠠᠯ᠎ᠢ ᠱᠢᠪᠲᠤᠯᠬᠤ᠂ ᠬᠦᠭᠡᠭᠡᠵᠦ ᠬᠦᠢᠴᠡᠬᠦ ᠲᠠᠪᠠᠯᠳᠠ ᠵᠢ ᠪᠡᠶᠡᠯᠡᠬᠦᠯᠬᠦ 《ᠬᠤᠰᠢᠭᠤᠴᠢ ᠴᠡᠷᠢᠭ》 ᠪᠣᠯᠭᠠᠵᠤ᠂ ᠵᠢᠯ ᠪᠦᠷᠢ ᠨᠢᠭᠡ ᠭᠤᠤᠯ ᠰᠡᠳᠦᠪ ᠵᠢᠡᠷ ᠪᠣᠭᠣᠮᠲᠠ ᠱᠢᠪᠲᠤᠯᠬᠤ ᠣᠨ᠂ ᠱᠢᠯᠢᠳᠡᠭ ᠪᠣᠯᠬᠤ᠎ᠪᠠᠷ ᠴᠢᠷᠮᠠᠢᠬᠤ ᠣᠨ᠂ ᠱᠢᠨ᠎ᠡ᠎ᠶ᠋ᠢ ᠡᠭᠦᠳᠬᠦ᠌ ᠱᠢᠪᠲᠤᠯᠤᠯᠲᠠ᠎ᠶ᠋ᠢᠨ ᠣᠨ᠎ᠢ ᠦᠷᠭᠦᠯᠵᠢᠯᠡᠨ ᠬᠡᠷᠡᠭ᠌ᠵᠢᠭᠦᠯᠵᠦ᠍᠂ ᠵᠢᠯ᠎ᠦᠨ ᠱᠢᠷᠢᠰ ᠠᠵᠢᠯᠯᠠᠭ᠎ᠠ᠎ᠶ᠋ᠢ ᠪᠡᠬᠢᠵᠢᠭᠦᠯᠦᠨ ᠳᠡᠭᠡᠭ᠌ᠰᠢᠯᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠪᠠ᠃
ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠪᠥᠬᠥ᠌ ᠠᠮᠢ ᠨᠠᠰᠤᠨ᠎ᠤ ᠦᠶᠡᠯᠡᠯ᠎ᠤᠨ ᠬᠤᠭᠤᠴᠠᠭᠠᠨ᠎ᠳᠦ ᠦᠶ᠋ᠯᠡᠴᠢᠯᠡᠬᠦ᠌᠎ᠡᠴᠡ 《ᠲᠠᠪᠤᠨ ᠦᠨᠡᠮᠯᠡᠯ᠎ᠢ ᠬᠠᠮᠲᠤᠷᠠᠨ ᠣᠯᠭᠣᠬᠤ》 ᠬᠦᠷᠲᠡᠯ᠎ᠡ 《ᠭᠠᠵᠠᠷ᠎ᠢ ᠠᠪᠤᠮᠠᠭ᠍ᠴᠠ ᠠᠵᠢᠯ᠎ᠢᠶᠠᠨ ᠡᠬᠢᠯᠡᠭᠦᠯᠬᠦ᠌》 ᠲᠤᠢᠯ᠎ᠤᠨ ᠲᠦᠷᠭᠡᠨ᠎ᠢᠶᠡᠷ ᠬᠢᠨᠠᠨ ᠵᠥᠪᠱᠢᠶᠡᠷᠡᠬᠦ᠌ ᠱᠢᠨ᠎ᠡ ᠵᠠᠭ᠍ᠪᠤᠷ᠎ᠢ ᠪᠣᠶ ᠪᠣᠯᠭᠠᠪᠠ; ᠭᠤᠤᠯᠳᠠᠯᠭ᠎ᠠ᠎ᠲᠠᠶ ᠲᠥᠷᠥᠯ ᠵᠦᠶ᠋ᠯ᠎ᠳᠦ 《ᠨᠢᠭᠡ ᠲᠥᠷᠥᠯ ᠵᠦᠶ᠋ᠯ᠎ᠳᠦ ᠨᠢᠭᠡ ᠲᠠᠩᠰᠠ ᠡᠪᠬᠡᠮᠡᠯ᠎ᠲᠡᠶ ᠪᠠᠢᠬᠤ᠂ ᠨᠢᠭᠡ ᠲᠥᠷᠥᠯ ᠵᠦᠶ᠋ᠯ᠎ᠳᠦ ᠨᠢᠭᠡ ᠲᠤᠰᠭᠠᠶ ᠲᠤᠱᠢᠶᠠᠯᠲᠠᠨ᠎ᠲᠠᠶ ᠪᠠᠢᠬᠤ 》 ᠪᠥᠬᠥ᠌ ᠶᠠᠪᠤᠴᠠ᠎ᠳᠤ ᠬᠠᠪᠰᠤᠷᠤᠨ ᠭᠦᠶ᠋ᠴᠡᠳᠭᠡᠬᠦ ᠣᠷᠣᠯᠠᠨ ᠭᠦᠶ᠋ᠴᠡᠳᠭᠡᠬᠦ᠌᠎ᠶ᠋ᠢ ᠬᠡᠷᠡᠭ᠌ᠵᠢᠭᠦᠯᠦᠭ᠌ᠰᠡᠨ᠎ᠡᠴᠡ ᠬᠣᠲᠠ᠎ᠶ᠋ᠢᠨ ᠶᠠᠪᠤᠳᠠᠯ᠎ᠤᠨ ᠨᠡᠢᠲᠡ᠎ᠶ᠋ᠢᠨ ᠦᠶ᠋ᠯᠡᠴᠢᠯᠡᠭᠡᠨ᠎ᠦ ᠮᠡᠳᠡᠭᠦᠯᠬᠦ ᠤᠭ᠍ᠰᠠᠷᠠᠬᠤ ᠭᠣᠭ᠍ᠴᠣᠭ᠎ᠠ᠎ᠳᠤ ᠭᠤᠶᠤᠴᠢᠯᠠᠬᠤ ᠵᠦᠶ᠋ᠯ ᠥᠬᠡᠶ ᠪᠠᠢᠬᠤ᠂ ᠴᠠᠭ᠎ᠤᠨ ᠬᠢᠵᠠᠭᠠᠷ ᠥᠬᠡᠶ ᠪᠠᠢᠬᠤ᠂ ᠮᠠᠲ᠋ᠧᠷᠢᠶᠠᠯ ᠬᠡᠷᠡᠭᠰᠡᠬᠦ ᠥᠬᠡᠶ ᠪᠠᠢᠬᠤ᠂ ᠭᠣᠭ᠍ᠴᠣᠭ᠎ᠠ ᠥᠬᠡᠶ ᠪᠠᠢᠬᠤ᠂ ᠨᠠᠭᠠᠰᠢ ᠴᠠᠭᠠᠰᠢ ᠭᠦᠶᠦᠬᠦ᠌ ᠥᠬᠡᠶ ᠪᠠᠢᠬᠤ᠂ ᠰᠦᠶ᠋ᠳᠭᠡᠯ ᠬᠤᠷᠢᠶᠠᠬᠤ ᠦᠭᠡᠢ ᠪᠠᠢᠬᠤ 《ᠵᠢᠷᠭᠤᠭᠠᠨ ᠦᠭᠡᠢ ᠪᠠᠢᠬᠤ》 ᠦᠶ᠋ᠯᠡᠴᠢᠯᠡᠭᠡᠨ᠎ᠦ ᠵᠠᠭ᠍ᠪᠤᠷ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠦᠭ᠌ᠰᠡᠨ ᠬᠦᠷᠲᠡᠯ᠎ᠡ; ᠲᠦᠷᠦᠭᠦᠯᠡᠨ ᠬᠢᠬᠦ᠌ ᠰᠠᠯᠠᠭ᠎ᠠ ᠮᠥᠴᠢᠷ᠎ᠯᠦᠭᠡ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠬᠠᠷᠢᠭᠤᠴᠠᠯᠭ᠎ᠠ᠎ᠶ᠋ᠢᠨ ᠪᠢᠴᠢᠭ᠎ᠲᠦ ᠭᠠᠷᠤᠨ ᠦᠰᠦᠭ ᠵᠢᠷᠤᠬᠤ᠎ᠠᠴᠠ᠂ ᠬᠠᠤᠯᠢ ᠬᠡᠷᠡᠭ᠌ᠵᠢᠭᠦᠯᠦᠯᠲᠡ ᠡᠮᠬᠢ ᠵᠠᠮᠪᠠᠷᠠᠭ᠎ᠠ ᠦᠭᠡᠢ ᠪᠠᠢᠬᠤ᠂ ᠱᠠᠮᠱᠢᠵᠤ ᠢᠯᠵᠠᠷᠠᠵᠤ ᠲᠤᠷᠤᠢ᠌ᠳᠠᠭᠰᠠᠨ᠂ ᠬᠠᠤᠯᠢ ᠴᠠᠭᠠᠵᠠ ᠭᠣᠣᠯᠴᠢ ᠪᠤᠰᠤ ᠪᠠᠢᠬᠤ᠂ ᠵᠠᠰᠠᠭ᠎ᠤᠨ ᠣᠷᠳᠣᠨ ᠢᠲᠡᠭᠡᠯ ᠵᠢᠡᠨ ᠠᠯᠳᠠᠭᠰᠠᠨ ᠵᠡᠷᠭᠡ ᠲᠦᠷᠪᠡᠨ ᠵᠦᠢᠯ᠎ᠦᠨ ᠦᠵᠡᠭ᠌ᠳᠡᠯ᠎ᠳᠦ ᠬᠦᠨᠳᠤ ᠴᠤᠬᠢᠯᠳᠠ ᠦᠭᠬᠦ ᠬᠦᠷᠲᠡᠯ᠎ᠡ᠂ ᠲᠦᠩᠯᠢᠶᠣᠤ ᠬᠤᠳᠠ ᠢᠮᠠᠭ᠍ᠲᠠ ᠬᠢᠳᠤᠭᠠᠨ ᠢᠷ᠎ᠢ ᠳᠣᠲᠣᠭ᠍ᠰᠢ ᠬᠠᠨᠳᠤᠭᠤᠯᠬᠤ ᠰᠥᠰᠥ᠍ ᠵᠣᠷᠢᠭ᠎ᠢᠶᠠᠷ ᠦᠢᠯᠡᠴᠢᠯᠡᠵᠦ᠍᠂ ᠲᠦᠭ᠌ᠵᠢᠷᠡᠯ ᠢ ᠡᠪᠳᠡᠵᠦ᠍᠂ ᠠᠷᠬᠠᠭ ᠭᠡᠮ ᠢ ᠠᠷᠢᠯᠭᠠᠵᠤ᠂ ᠪᠦᠬᠦ᠌ ᠬᠤᠳᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠠᠢᠭᠤᠯᠤᠯᠳᠠ ᠦᠵᠡᠯᠳᠠ ᠲᠠᠨᠢᠯᠳᠠ ᠵᠢᠨ ᠰᠢᠨ᠎ᠡ ᠵᠢ ᠡᠬᠦᠳᠬᠦ᠂ ᠲᠣᠭ᠍ᠲᠠᠴᠠ᠎ᠶ᠋ᠢ ᠲᠠᠬᠢᠨ ᠪᠠᠢᠭᠤᠯᠬᠤ ᠪᠠ ᠠᠷᠭ᠎ᠠ ᠵᠠᠮ᠎ᠢ ᠲᠠᠬᠢᠨ ᠴᠤᠬᠴᠠᠯᠠᠬᠤ᠎ᠶ᠋ᠢ ᠪᠡᠶᠡᠯᠡᠭᠦᠯᠪᠡ᠃
ᠲᠠᠪᠤᠨ ᠵᠢᠯ᠎ᠦᠨ ᠡᠢᠨᠬᠦ ᠴᠢᠷᠮᠠᠢᠯᠭ᠎ᠠ ᠪᠡᠷ ᠲᠠᠮᠵᠢᠨ ᠢᠯᠡᠳᠲᠡ ᠦᠷ᠎ᠡ ᠪᠦᠲᠦᠮᠵᠢ ᠤᠯᠪᠠ᠃ ᠪᠥᠬᠥ᠌ ᠬᠣᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠦᠨᠡᠯᠡᠨ ᠵᠢᠱ᠌ᠢᠯᠲᠡ᠎ᠶ᠋ᠢᠨ ᠨᠡᠷᠡᠰ᠎ᠦᠨ ᠵᠢᠭ᠍ᠰᠠᠭᠠᠯᠲᠠ 2021 ᠣᠨ᠎ᠳᠤ ᠪᠥᠬᠥ᠌ ᠣᠷᠣᠨ᠎ᠤ 11 ᠳ᠋ᠤᠭᠡᠷ᠎ᠲᠦ ᠣᠷᠣᠵᠤ᠂ 2022 ᠣᠨ᠎ᠳᠤ 9 ᠳ᠋ᠤᠭᠡᠷ᠎ᠲᠦ ᠣᠷᠣᠵᠤ᠂ 2023 ᠣᠨ᠎ᠳᠤ ᠨᠢᠭᠡ ᠯᠡ ᠳᠡᠭᠡᠷ᠎ᠡ 4 ᠳ᠋ᠤᠭᠡᠷ᠎ᠲᠦ ᠣᠷᠣᠵᠤ᠂ 2024 ᠣᠨ᠂ 2025 ᠣᠨ᠎ᠳᠤ ᠬᠣᠶᠠᠷ ᠵᠢᠯ ᠳᠠᠷᠠᠭᠠᠯᠠᠨ ᠨᠡᠷᠡᠰ᠎ᠦᠨ ᠳᠠᠷᠠᠭᠠᠯᠠᠯ᠎ᠢᠶᠠᠨ ᠪᠠᠲᠤᠯᠠᠵᠤ᠂ ᠪᠥᠬᠥ᠌ ᠣᠷᠣᠨ᠎ᠤ ᠲᠦᠷᠦᠬᠦᠦ ᠡᠩᠨᠡᠭᠡᠨ᠎ᠳᠦ ᠯᠠᠪᠳᠠᠭᠤᠨ ᠣᠷᠣᠵᠤ᠂ 《ᠳᠠᠭᠠᠵᠤ ᠭᠦᠶᠦᠬᠦ᠌》 ᠡᠴᠠ 《ᠵᠡᠷᠭᠡᠴᠡᠨ ᠭᠦᠶᠦᠬᠦ᠌》 ᠲᠡᠦᠬᠡᠲᠦ ᠴᠢᠨᠠᠷᠲᠠᠶ ᠳᠠᠪᠠᠯᠲᠠ᠎ᠶ᠋ᠢ ᠪᠡᠶᠡᠯᠡᠭᠦᠯᠪᠡ᠃
ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠱᠢᠯᠢᠳᠡᠭ ᠡᠰᠡᠬᠦ᠌᠎ᠶ᠋ᠢᠨ ᠲᠤᠬᠠᠢ ᠠᠵᠤ ᠠᠬᠤᠢᠯᠠᠯ ᠪᠣᠯᠤᠨ ᠤᠯᠠᠨ ᠲᠦᠮᠡᠨ ᠬᠠᠮᠤᠭ᠎ᠠᠴᠠ ᠢᠯᠡᠭᠦᠦ ᠦᠭᠡ ᠬᠡᠯᠡᠬᠦ᠌ ᠡᠷᠬᠡ᠎ᠲᠡᠶ ᠶᠤᠮ᠃ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠶᠢᠩ ᠲᠦᠩ ᠡᠨᠧᠷᠭᠢ ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢ ᠱᠢᠩᠭᠡᠨᠵᠢᠭᠦᠯᠬᠦ᠌ ᠲᠥᠷᠥᠯ ᠵᠦᠢᠯ ᠪᠠᠢᠭᠤᠯᠤᠭ᠍ᠳᠠᠭ᠍ᠰᠠᠨ᠎ᠤ ᠳᠠᠷᠠᠭ᠎ᠠ ᠵᠢᠯ᠎ᠦᠨ ᠦᠢᠯᠡᠳᠬᠦᠨ᠎ᠦ ᠥᠷᠲᠡᠭ ᠨᠢ 60 ᠳ᠋ᠦᠩᠱᠢᠭᠤᠷ ᠲᠥᠭᠥᠷᠢᠭ᠎ᠲᠦ ᠬᠦᠷᠴᠠᠢ᠃ ᠲᠤᠬᠠᠶ᠎ᠶ᠋ᠢᠨ ᠭᠠᠵᠠᠷ᠎ᠤᠨ ᠪᠥᠬᠥ᠌ ᠬᠦᠴᠦᠨ᠎ᠢᠶᠡᠷ᠎ᠢᠶᠡᠨ ᠳᠥᠯᠭᠢᠨ ᠠᠬᠢᠭᠤᠯᠬᠤ ᠴᠢᠬᠤᠯᠠ ᠶᠡᠬᠡ ᠲᠥᠷᠥᠯ ᠵᠦᠶ᠋ᠯ ᠪᠣᠯᠤᠭ᠍ᠰᠠᠨ᠎ᠤ ᠬᠤᠪᠢ᠎ᠳᠤ᠂ ᠲᠣᠰ ᠲᠥᠷᠥᠯ ᠵᠦᠶ᠋ᠯ ᠨᠢ ᠭᠠᠵᠠᠷ ᠱᠢᠷᠣᠶ᠎ᠶ᠋ᠢᠨ ᠭᠡᠷ᠎ᠡ ᠲᠣᠭ᠍ᠲᠠᠭ᠍ᠰᠠᠨ᠎ᠠᠴᠠ ᠠᠪᠤᠭᠠᠳ ᠢᠨᠵᠧᠨᠧᠷᠢᠩ᠎ᠦᠨ ᠲᠥᠯᠥᠪᠵᠢᠭᠦᠯᠭᠡ᠎ᠶ᠋ᠢᠨ ᠵᠥᠪᠱᠢᠶᠡᠷᠡᠯ᠎ᠦᠨ ᠦᠨᠡᠮᠯᠡᠯ᠂ ᠪᠠᠷᠢᠯᠭ᠎ᠠ᠎ᠶ᠋ᠢᠨ ᠠᠵᠢᠯ ᠬᠢᠬᠦ᠌ ᠵᠥᠪᠱᠢᠶᠡᠷᠡᠯ᠎ᠦᠨ ᠦᠨᠡᠮᠯᠡᠯ ᠵᠡᠷᠭᠡ ᠠᠵᠢᠯ ᠡᠬᠢᠯᠡᠬᠦ᠌᠎ᠳᠦ ᠡᠷᠬᠡᠪᠰᠢ ᠪᠡᠯᠡᠳᠭᠡᠬᠦ᠌ 《ᠲᠠᠪᠤᠨ ᠦᠨᠡᠮᠯᠡᠯ》 ᠢ᠋ ᠵᠡᠷᠭᠡ ᠪᠡᠷ ᠤᠯᠬᠤ ᠪᠣᠯᠲᠠᠯ᠎ᠠ ᠵᠥᠪᠬᠡᠨ 1 ᠠᠵᠢᠯᠯᠠᠬᠤ ᠡᠳᠦᠷ ᠬᠡᠷᠡᠭ᠌ᠯᠡᠵᠡᠶ᠃ ᠭᠦᠶ᠋ᠵᠧᠤ᠎ᠶ᠋ᠢᠨ ᠶᠤᠸᠠᠨ ᠱᠢᠶᠠᠩ ᠪᠥᠲᠥᠭᠡᠨ ᠪᠠᠢᠭᠤᠯᠤᠯᠲᠠ᠎ᠶ᠋ᠢᠨ ᠪᠦᠯᠦᠭ᠌ᠯᠡᠯ ᠬᠣᠣᠯᠢᠨ ᠭᠤᠤᠯ᠎ᠳᠤ ᠬᠤᠪᠢᠶᠠᠷᠢ ᠺᠣᠮᠫᠠᠨᠢ ᠪᠠᠢᠭᠤᠯᠬᠤ᠎ᠳᠤ᠂ ᠥᠩᠭᠡᠷᠡᠭ᠌ᠰᠡᠨ᠎ᠳᠦ 2000 ᠭᠠᠷᠤᠶ ᠺᠢᠯᠣᠮᠧᠲ᠋ᠷ᠎ᠦᠨ ᠴᠠᠭ ᠬᠡᠷᠡᠭ᠌ᠰᠡᠵᠦ᠍᠂ 15 ᠡᠳᠦᠷ᠎ᠦᠨ ᠴᠠᠭ ᠵᠠᠷᠤᠴᠠᠭᠤᠯᠵᠤ ᠬᠢᠨᠠᠨ ᠵᠥᠪᠱᠢᠶᠡᠷᠡᠬᠦ᠌ ᠶᠠᠪᠤᠴᠠ᠎ᠶ᠋ᠢ ᠥᠩᠭᠡᠷᠡᠭᠡᠳᠡᠭ᠂ ᠣᠲᠣ ᠵᠦᠪᠭᠡᠨ 《ᠮᠤᠵᠢ ᠠᠯᠤᠰᠯᠠᠨ ᠨᠡᠢᠳᠡᠮ ᠭᠦᠶ᠋ᠴᠡᠳᠭᠡᠬᠦ᠌ + ᠡᠯᠧᠺᠲ᠋ᠷᠣᠨ ᠲᠠᠮᠠᠭ᠎ᠠ ᠳᠠᠷᠤᠬᠤ》 ᠳ᠋ᠤ ᠲᠦᠱᠢᠭ᠌ᠯᠡᠨ᠂ ᠨᠢᠭᠡ ᠡᠳᠦᠷ᠎ᠦᠨ ᠳᠣᠲᠣᠷ᠎ᠠ ᠪᠦᠬᠦᠨ᠎ᠢ ᠭᠦᠶ᠋ᠴᠡᠳᠭᠡᠵᠦ᠍ ᠳᠠᠭᠤᠰᠭᠠᠬᠤ ᠪᠤᠯᠪᠠ᠃ ᠬᠢᠨᠠᠨ ᠵᠥᠪᠱᠢᠶᠡᠷᠡᠬᠦ᠌ ᠦᠶ᠋ᠯᠡᠴᠢᠯᠡᠭᠡ᠎ᠶ᠋ᠢᠨ 《ᠲᠦᠩᠯᠢᠶᠣᠤ᠎ᠶ᠋ᠢᠨ ᠬᠤᠷᠳᠤᠴᠠ》 ᠨᠢ ᠲᠥᠷᠥᠯ ᠵᠦᠶ᠋ᠯ᠎ᠢ ᠨᠠᠢᠳᠠᠪᠤᠷᠢᠵᠢᠭᠤᠯᠬᠤ ᠪᠥᠲᠥᠭᠡᠨ ᠪᠠᠢᠭᠤᠯᠤᠯᠲᠠ᠎ᠳᠤ ᠡᠷᠬᠢᠮ ᠨᠠᠨᠳᠢᠨ ᠴᠠᠭ ᠭᠠᠷᠭᠠᠨ ᠦᠭᠴᠦ᠂ ᠨᠠᠩ ᠴᠤ᠌ ᠬᠣᠲᠠ᠎ᠶ᠋ᠢᠨ ᠠᠵᠤ ᠦᠶ᠋ᠯᠡᠰ᠎ᠦᠨ ᠲᠠᠰ ᠳᠡᠪᠱᠢᠬᠦ᠌ ᠳ᠋ᠤ ᠠᠵᠠ ᠲᠣᠬᠢᠶᠠᠯ ᠪᠠ ᠣᠷᠣᠨ ᠵᠠᠶ ᠣᠯᠭᠣᠭ᠍ᠰᠠᠨ ᠪᠠᠢᠨ᠎ᠠ᠃
ᠲᠠᠪᠤᠨ ᠵᠢᠯ᠎ᠦᠨ ᠲᠤᠷᠰᠢ᠂ ᠲᠦᠩᠯᠢᠶᠣᠤ ᠬᠣᠲᠠ 《ᠠᠵᠢᠯ ᠶᠠᠪᠤᠳᠠᠯ ᠭᠦᠶ᠋ᠴᠡᠳᠭᠡᠬᠦ᠌᠎ᠳᠦ ᠤᠳᠠᠭᠠᠨ᠂ ᠨᠠᠭᠠᠰᠢ ᠴᠠᠭᠠᠰᠢ ᠤᠯᠠᠨ ᠤᠳᠠᠭ᠎ᠠ ᠭᠦᠶᠦᠬᠦ᠌》 ᠵᠡᠷᠭᠡ ᠠᠵᠤ ᠠᠬᠤᠢᠯᠠᠯ᠎ᠤᠨ ᠡᠪᠡᠷᠰᠢᠶᠡᠯ ᠲᠦᠭᠵᠢᠷᠡᠯ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ᠂ ᠨᠢᠭᠡ ᠨᠢᠭᠡ ᠠᠰᠠᠭᠤᠳᠠᠯ᠎ᠢᠶᠠᠷ ᠱᠢᠪᠲᠤᠯᠤᠯᠲᠠ ᠬᠢᠵᠦ᠍᠂ ᠨᠢᠭᠡ ᠨᠢᠭᠡ ᠲᠥᠷᠥᠯ᠎ᠢᠶᠡᠷ ᠨᠠᠢᠳᠠᠪᠤᠷᠢᠵᠢᠭᠤᠯᠪᠠ᠃ ᠣᠳᠣᠬᠠᠨ᠎ᠳᠤ᠂ ᠪᠥᠬᠥ᠌ ᠬᠣᠲᠠ᠎ᠶ᠋ᠢᠨ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠴᠠᠭ᠎ᠢ 40 ᠠᠵᠢᠯᠯᠠᠬᠤ ᠡᠳᠦᠷ᠎ᠦᠨ ᠳᠣᠲᠣᠷ᠎ᠠ ᠪᠣᠭᠣᠨᠢᠰᠭᠠᠵᠤ᠂ 52 ᠵᠦᠢᠯ᠎ᠤᠨ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠬᠦᠢᠴᠡᠳᠬᠡᠬᠦ》 ᠶ᠋ᠢ ᠨᠠᠢᠳᠠᠪᠤᠷᠢᠵᠢᠭᠤᠯᠤᠭ᠍ᠰᠠᠨ᠎ᠤ ᠳᠠᠷᠠᠭ᠎ᠠ᠂ ᠮᠠᠲ᠋ᠧᠷᠢᠶᠠᠯ᠎ᠢ ᠵᠢᠷᠭᠤᠭᠠᠨ ᠬᠤᠪᠢ ᠭᠠᠷᠤᠶ ᠪᠣᠭᠣᠨᠢᠰᠭᠠᠵᠤ᠂ ᠴᠠᠭ᠎ᠤᠨ ᠬᠢᠵᠠᠭᠠᠷ᠎ᠢ ᠲᠤᠯᠤᠭᠠᠨ ᠬᠤᠪᠢ ᠪᠣᠭᠣᠨᠢᠰᠭᠠᠵᠤ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠬᠠᠨᠤᠮᠵᠢ᠎ᠶ᠋ᠢᠨ ᠬᠡᠮᠵᠢᠶ᠎ᠡ᠎ᠶ᠋ᠢ 78% ᠪᠠᠢᠭ᠍ᠰᠠᠨ᠎ᠠᠴᠠ 90 % ᠡᠴᠠ ᠳᠡᠭᠡᠭ᠌ᠰᠢ ᠪᠣᠯᠲᠠᠯ᠎ᠠ ᠳᠡᠭᠡᠭ᠌ᠰᠢᠯᠡᠭᠦᠯᠪᠡ᠃
ᠦᠷᠭᠦᠯᠵᠢᠯᠡᠨ ᠱᠢᠯᠢᠳᠡᠭ᠌ᠵᠢᠭᠦᠯᠦᠭ᠌ᠰᠡᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠨᠢ ᠪᠠᠰᠠ ᠲᠦᠩᠯᠢᠶᠣᠤ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠢᠳᠡ ᠬᠦᠴᠦᠨ᠎ᠦ ᠪᠠᠲᠤ ᠲᠤᠯᠭᠠᠭᠤᠷᠢᠯᠠᠯ ᠪᠣᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠪᠥᠬᠥ᠌ ᠬᠣᠲᠠ᠎ᠶ᠋ᠢᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠭᠡᠷ᠎ᠡ ᠲᠣᠭ᠍ᠲᠠᠭ᠍ᠰᠠᠨ ᠲᠥᠷᠥᠯ ᠵᠦᠶ᠋ᠯ 2400 ᠶ᠋ᠢ ᠳᠠᠪᠠᠵᠤ᠂ 1700 ᠳ᠋ᠦᠩᠱᠢᠭᠤᠷ ᠲᠥᠭᠥᠷᠢᠭ ᠱᠢᠬᠠᠮ᠎ᠤᠨ ᠪᠠᠯᠠ ᠮᠥᠩᠭᠥ᠎ᠶ᠋ᠢ ᠨᠠᠢᠳᠠᠪᠤᠷᠢᠵᠢᠭᠤᠯᠪᠠ᠃
2026 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠴᠢᠨᠠᠷᠴᠢᠨᠰᠠᠭᠠ ᠵᠢ ᠳᠡᠭᠡᠭ᠌ᠰᠢᠯᠡᠭᠦᠯᠬᠦ᠌ ᠣᠨ》 ᠤ᠋ ᠪᠠᠢᠷᠢᠯᠠᠭᠤᠯᠤᠯᠲᠠ ᠪᠡᠷ ᠲᠤᠯᠢ ᠪᠤᠯᠭᠠᠵᠤ᠂ ᠲᠦᠩᠯᠢᠶᠣᠤ ᠬᠤᠳᠠ᠎ᠶ᠋ᠢᠨ ᠬᠢᠨ 《ᠪᠥᠬᠥ᠌ ᠲᠠᠯ᠎ᠠ᠎ᠪᠠᠷ ᠬᠤᠷᠳᠤᠴᠠ᠎ᠪᠠᠨ ᠲᠡᠭᠡᠭᠰᠢᠯᠡᠬᠦᠯᠦᠨ ᠨᠡᠭᠡᠵᠤ᠂ ᠴᠢᠨᠠᠷ ᠰᠠᠢᠲᠠᠶ ᠳᠠᠪᠠᠯᠲᠠ ᠪᠡᠷ ᠲᠡᠷᠢᠭᠦᠨ᠎ᠳᠦ ᠣᠷᠣᠬᠤ᠎ᠪᠠᠷ ᠴᠢᠷᠮᠠᠢᠬᠤ》 ᠬᠠᠷᠠᠯᠲᠠ᠎ᠶ᠋ᠢ ᠲᠣᠭ᠍ᠲᠠᠭᠠᠵᠤ᠂ 138 ᠵᠦᠢᠯ᠎ᠦᠨ ᠪᠣᠳᠠᠲᠠᠢ ᠠᠷᠭ᠎ᠠ ᠬᠡᠮᠵᠢᠢ᠎ᠡ᠎ᠶ᠋ᠢ ᠬᠠᠮᠤᠷᠤᠭ᠍ᠰᠠᠨ ᠠᠵᠢᠯᠯᠠᠭᠠᠨ᠎ᠤ ᠲᠥᠰᠦᠯ᠎ᠢ ᠨᠠᠷᠢᠯᠢᠬ᠍ᠵᠢᠭᠤᠯᠤᠨ ᠪᠦᠷᠢᠯᠳᠦᠭᠦᠯᠵᠦ᠍᠂ ᠠᠵᠤ ᠠᠬᠤᠢᠯᠠᠯ᠎ᠳ᠋ᠤ ᠨᠥᠬᠥᠷᠰᠡᠭ ᠬᠡᠯᠪᠡᠷᠢ᠎ᠶ᠋ᠢᠨ᠂ ᠠᠵᠤ ᠦᠢᠯᠡᠰ ᠲᠸ᠋ ᠨᠥᠬᠥᠷᠰᠡᠭ ᠬᠡᠯᠪᠡᠷᠢ᠎ᠶ᠋ᠢᠨ᠂ ᠤᠯᠠᠨ ᠲᠦᠮᠡᠨ ᠳ᠋ᠤ ᠨᠥᠬᠥᠷᠰᠡᠭ ᠬᠡᠯᠪᠡᠷᠢ᠎ᠶ᠋ᠢᠨ᠂ ᠱᠢᠨ᠎ᠡ᠎ᠡᠬᠦᠳᠦᠯᠳᠡ ᠳ᠋ᠤ ᠨᠥᠬᠥᠷᠰᠡᠭ ᠬᠡᠯᠪᠡᠷᠢ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠲᠦᠷᠭᠡᠳᠭᠡᠨ ᠪᠠᠢᠭᠤᠯᠵᠤ᠂ ᠲᠦᠩᠯᠢᠶᠣᠤ ᠬᠤᠳᠠ᠎ᠶ᠋ᠢᠨ ᠣᠨᠴᠠᠯᠢᠭ᠎ᠪᠦᠬᠦᠢ ᠠᠷᠠᠯᠵᠢᠶᠠᠴᠢᠨ᠎ᠳᠦ ᠳᠤᠳᠤᠨᠤᠰᠤᠭ᠂ ᠠᠷᠠᠯᠵᠢᠶᠠᠴᠢᠨ᠎ᠢ ᠰᠠᠨᠠᠭ᠎ᠠ ᠠᠮᠤᠷ ᠪᠠᠢᠯᠭᠠᠬᠤ ᠤᠷᠴᠢᠨ᠎ᠢ ᠴᠢᠷᠮᠠᠢᠨ ᠪᠠᠢᠭᠤᠯᠦᠨᠠ᠃