— ᠦᠪᠤᠷ ᠮᠤᠩᠭᠤᠯ ᠤ᠋ᠨ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠤ᠋ᠨ ᠪᠦᠳᠦᠬᠡᠨ ᠪᠠᠢᠭᠤᠯᠤᠯᠳᠠ ᠵᠢᠨ ᠲᠤᠬᠠᠢ ᠪᠠᠷᠠᠯᠠᠯ ⑦
ᠦᠪᠦᠷ ᠮᠤᠡᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠠᠬᠡᠬᠡᠪᠤᠷᠢ ᠵᠢᠨ ᠲᠢᠩᠬᠢᠮ᠂ ᠡᠳ᠋ ᠤ᠋ᠨ ᠵᠠᠰᠠᠭ ᠤ᠋ᠨ ᠲᠢᠩᠬᠢᠮ ᠪᠤᠯᠤᠨ ᠪᠠᠢᠭᠠᠯᠢ ᠵᠢᠨ ᠡᠬᠢ ᠪᠠᠶᠠᠯᠢᠭ ᠤ᠋ᠨ ᠲᠢᠩᠬᠢᠮ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠨ᠎ᠡ ᠨᠢᠭᠡ ᠡᠭᠡᠯᠵᠢ ᠢ᠋ᠢᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠲᠡᠰ ᠲᠡᠪᠰᠢᠬᠦᠯᠬᠦ ᠠᠵᠢᠯᠯᠠᠭᠠᠨ ᠤ᠋ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠡᠨᠡ ᠵᠢᠯ ᠡᠴᠡ ᠡᠬᠢᠯᠡᠨ ᠪᠦᠬᠦ ᠤᠷᠤᠨ ᠳ᠋ᠤ ᠮᠠᠯᠵᠢᠬᠤ ᠲᠠᠷᠢᠶᠠᠯᠠᠬᠤ ᠤᠷᠤᠨ ᠤ᠋ ᠵᠠᠰᠠᠮᠠᠯ ᠵᠠᠮ ᠢ᠋ ᠳᠡᠰ ᠳᠡᠪᠰᠢᠭᠦᠯᠬᠦ ᠨᠢ᠋ᠮᠠᠨ ᠶᠡᠬᠡ ᠠᠵᠢᠯᠯᠠᠭ᠎ᠠ ᠢ᠋ᠢ ᠬᠡᠷᠡᠭᠵᠢᠬᠦᠯᠵᠤ᠂ 2035 ᠤᠨ ᠪᠤᠯᠬᠤ ᠳ᠋ᠤ 《ᠳᠥᠷᠪᠡᠨ ᠰᠠᠢᠨ ᠬᠥᠳᠡᠭᠡ ᠲᠣᠰᠭᠣᠨ ᠤ᠋ ᠵᠠᠰᠠᠮᠠᠯ ᠵᠠᠮ》 ᠤ᠋ᠨ ᠴᠢᠨᠠᠷ ᠰᠠᠢᠲᠠᠶ ᠬᠥᠭ᠌ᠵᠢᠯᠲᠡ ᠢ᠋ᠢᠨ ᠪᠠᠢᠷᠢᠱᠢᠯ ᠢ᠋ ᠦᠨᠳᠦᠰᠦᠨ ᠳ᠋ᠡᠭᠡᠨ ᠪᠦᠷᠢᠯᠳᠦᠭᠦᠯᠵᠦ᠍᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ᠋ ᠣᠳᠣᠬᠢᠴᠢᠯᠠᠯᠳᠠ ᠵᠢᠨ ᠬᠡᠷᠡᠭ᠌ᠴᠡᠭᠡ ᠢ᠋ᠢ ᠦᠨᠳᠦᠰᠦᠨ ᠳ᠋ᠡᠭᠡᠨ ᠬᠠᠩᠭᠠᠬᠤ ᠪᠡᠷ ᠪᠤᠢ᠃
ᠠᠵᠤ ᠦᠢᠯᠡᠰ ᠲᠤ᠌ ᠬᠦᠴᠦᠨ ᠨᠡᠮᠡᠷᠢᠯᠡᠬᠦ ᠵᠢ ᠲᠡᠰ ᠲᠡᠪᠰᠢᠬᠦᠯᠬᠦ ᠠᠵᠢᠯᠯᠠᠭ᠎ᠠ ᠪᠤᠯ ᠮᠠᠨ ᠤ᠋ ᠤᠷᠤᠨ ᠤ᠋ ᠱᠢᠨ᠎ᠡ ᠨᠢᠭᠡ ᠡᠭᠡᠯᠵᠢ ᠢ᠋ᠢᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠳᠡᠰ ᠳᠡᠪᠰᠢᠭᠦᠯᠬᠦ ᠨᠢ᠋ᠮᠠᠨ ᠶᠡᠬᠡ ᠠᠵᠢᠯᠯᠠᠭ᠎ᠠ ᠵᠢᠨ ᠨᠢᠬᠡ ᠪᠠᠢᠵᠤ᠂ ᠵᠠᠮ ᠤ᠋ᠨ ᠲᠤᠤᠷ ᠢ᠋ ᠪᠠᠢᠭᠤᠯᠤᠨ ᠬᠦᠴᠦᠷᠬᠡᠭ᠌ᠵᠢᠭᠦᠯᠬᠦ᠌ ᠪᠡᠷ ᠳᠠᠮᠵᠢᠨ ᠬᠥᠳᠡᠭᠡ ᠲᠣᠰᠭᠣᠨ ᠤ᠋ ᠵᠠᠰᠠᠮᠠᠯ ᠵᠠᠮ ᠬᠢᠭᠡᠳ ᠠᠵᠤ ᠦᠶ᠋ᠯᠡᠰ᠂ ᠰᠣᠶᠣᠯ ᠵᠢᠭᠤᠯᠴᠢᠯᠠᠯ ᠤ᠋ᠨ ᠭᠦᠨᠵᠡᠭᠡᠶ ᠠᠭᠤᠰᠤᠯᠴᠠᠯ ᠢ᠋ ᠠᠬᠢᠭᠤᠯᠵᠤ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠤ ᠪᠠᠲᠤ ᠪᠠᠬᠢ ᠵᠠᠮ ᠬᠠᠷᠢᠯᠴᠠᠭᠠᠨ ᠤ᠋ ᠲᠤᠯᠭᠠᠭᠤᠷᠢᠯᠠᠯ ᠬᠠᠩᠭᠠᠬᠤ ᠪᠤᠯᠤᠨ᠎ᠠ᠃
ᠤᠳᠤᠬᠠᠨ ᠪᠤᠯᠳᠠᠯ᠎ᠠ ᠮᠠᠨ ᠤ᠋ ᠤᠷᠤᠨ ᠨᠢᠬᠡᠨᠳᠡ ᠪᠠᠶᠠᠨᠨᠠᠭᠤᠷ ᠬᠤᠲᠠ ᠳ᠋ᠡᠬᠢ G331 ᠱᠤᠭᠤᠮ᠂ ᠱᠢᠯᠢ ᠢ᠋ᠢᠨ ᠭᠤᠤᠯ ᠠᠢᠮᠠᠭ ᠲᠠᠬᠢ G331 ᠱᠤᠭᠤᠮ᠂ ᠬᠥᠬᠡᠬᠣᠲᠠ ᠢ᠋ᠢᠨ S237 ᠱᠤᠭᠤᠮ ᠵᠡᠷᠭᠡ ᠨᠡᠢᠲᠡ 408 ᠺᠢᠯᠣᠮᠧᠲ᠋ᠷ ᠤ᠋ᠨ ᠵᠢᠭᠤᠯᠴᠢᠯᠠᠯ ᠤ᠋ᠨ ᠵᠠᠰᠠᠮᠠᠯ ᠵᠠᠮ ᠢ᠋ ᠪᠠᠷᠢᠯᠭ᠎ᠠ ᠡᠬᠢᠯᠠᠭᠦᠯᠪᠠ᠃ ᠡᠭᠦᠨ ᠤ᠋ ᠬᠠᠮᠲᠤ ᠤᠯᠠᠭᠠᠨᠰᠤᠬᠠᠢ ᠨᠠᠭᠤᠷ ᠢ᠋ ᠲᠣᠭᠣᠷᠢᠭ᠍ᠰᠠᠨ ᠵᠠᠰᠠᠮᠠᠯ ᠵᠠᠮ ᠤ᠋ᠨ ᠡᠮᠦᠨ᠎ᠡ ᠬᠡᠰᠡᠭ ᠤ᠋ᠨ 80 ᠺᠢᠯᠣᠮᠧᠲ᠋ᠷ ᠢ᠋ ᠵᠠᠰᠠᠬᠤ ᠠᠵᠢᠯ ᠢ᠋ ᠴᠤ᠌ ᠡᠭᠢᠯᠡᠭᠦᠯᠵᠤ᠂ ᠳᠤᠭᠤᠶ ᠤᠨᠤᠬᠤ ᠵᠠᠮ ᠲᠡᠪᠢᠰᠤᠨ ᠱᠢᠪᠠᠭᠤ ᠰᠣᠨᠢᠷᠬᠠᠬᠤ ᠲᠠᠢᠰᠠ ᠪᠠᠢᠭᠤᠯᠵᠤ᠂ ᠦᠵᠡᠮᠵᠢ ᠢ᠋ᠢᠨ ᠣᠷᠣᠨ ᠤ᠋ 《ᠡᠴᠦᠰ ᠤ᠋ᠨ ᠨᠢᠭᠡ ᠺᠢᠯᠣᠮᠧᠲ᠋ᠷ》 ᠢ᠋ ᠨᠡᠪᠲᠡᠷᠡᠭᠦᠯᠦᠨ᠂ ᠠᠮᠢ ᠠᠬᠤᠶ ᠢ᠋ᠢᠨ ᠵᠢᠭᠤᠯᠴᠢᠯᠠᠯ ᠤ᠋ᠨ ᠬᠣᠩᠭᠢᠯ ᠢ᠋ ᠴᠤᠭᠴᠠᠯᠠᠵᠤ ᠪᠠᠢᠨ᠎ᠠ᠃
ᠮᠠᠨ ᠤ᠋ ᠤᠷᠤᠨ ᠬᠥᠳᠡᠭᠡ ᠲᠣᠰᠭᠣᠨ ᠤ᠋ ᠠᠵᠤ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠵᠠᠮ ᠬᠠᠷᠢᠯᠴᠠᠭᠠᠨ ᠤ᠋ ᠲᠤᠯᠭᠠᠭᠤᠷᠢᠯᠠᠯ ᠢ᠋ ᠰᠠᠢᠲᠤᠷ ᠴᠤᠭᠴᠠᠯᠠᠵᠤ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠲᠥᠯᠥᠪᠵᠢᠭᠦᠯᠭᠡ ᠪᠠ ᠠᠵᠤ ᠦᠶ᠋ᠯᠡᠰ ᠤ᠋ᠨ ᠪᠠᠢᠷᠢᠱᠢᠭᠤᠯᠤᠯᠲᠠ ᠲᠠᠢ ᠤᠶᠠᠯᠳᠤᠭᠤᠯᠤᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠬᠢᠭᠡᠳ ᠵᠠᠮ ᠳᠠᠭᠠᠤ ᠢ᠋ᠢᠨ ᠣᠲᠣ ᠦᠶ᠎ᠡ ᠢ᠋ᠢᠨ ᠲᠠᠷᠢᠶᠠᠯᠠᠩ᠂ ᠤᠨᠴᠠᠯᠢᠬ᠍ᠳᠤ ᠠᠵᠤ ᠦᠶ᠋ᠯᠡᠰ᠂ ᠬᠥᠳᠡᠭᠡ ᠲᠣᠰᠭᠣᠨ ᠤ᠋ ᠰᠣᠶᠣᠯ ᠵᠢᠭᠤᠯᠴᠢᠯᠠᠯ᠂ ᠪᠡᠶ᠎ᠡ ᠢ᠋ᠢᠨ ᠲᠠᠮᠢᠷ ᠤ᠋ᠨ ᠤᠷᠤᠯᠳᠤᠭᠠᠨ᠂ ᠡᠷᠡᠭᠦᠯᠵᠢᠯ ᠰᠤᠪᠢᠯᠠᠯᠲᠠ ᠰᠡᠯᠡᠭᠦᠴᠡᠯ ᠵᠡᠷᠭᠡ ᠡᠵᠡᠩᠨᠡᠯᠲᠡ ᠢ᠋ᠢᠨ ᠬᠡᠯᠪᠡᠷᠢ ᠪᠠᠢᠳᠠᠯ ᠢ᠋ ᠵᠣᠬᠢᠴᠠᠭᠤᠯᠤᠨ ᠬᠥᠭ᠌ᠵᠢᠭᠦᠯᠬᠦ᠌ ᠢ᠋ᠢ ᠠᠬᠢᠭᠤᠯᠵᠤ᠂ 《ᠬᠥᠳᠡᠭᠡ ᠲᠣᠰᠭᠣᠨ ᠤ᠋ ᠵᠠᠰᠠᠮᠠᠯ ᠵᠠᠮ +》 ᠵᠠᠭ᠍ᠪᠤᠷ ᠢ᠋ ᠪᠥᠬᠥ᠌ ᠲᠠᠯ᠎ᠠ ᠪᠠᠷ ᠪᠣᠶ ᠪᠣᠯᠭᠠᠨ᠎ᠠ ᠃ ᠮᠠᠯᠵᠢᠬᠤ ᠲᠠᠷᠢᠶᠠᠯᠠᠬᠤ ᠣᠷᠣᠨ ᠤ᠋ ᠭᠤᠤᠯ ᠪᠣᠯᠬᠤ ᠵᠢᠭᠤᠯᠴᠢᠯᠠᠯ ᠤ᠋ᠨ ᠦᠵᠡᠮᠵᠢ ᠢ᠋ᠢᠨ ᠣᠷᠣᠨ ᠦᠵᠡᠮᠵᠢ ᠢ᠋ᠢᠨ ᠭᠠᠵᠠᠷ᠂ ᠭᠤᠤᠯ ᠪᠣᠯᠬᠤ ᠠᠵᠤ ᠦᠶ᠋ᠯᠡᠰ ᠪᠠ ᠡᠬᠢ ᠪᠠᠶᠠᠯᠢᠭ ᠤ᠋ᠨ ᠵᠠᠩᠭᠢᠯᠠᠭ᠎ᠠ ᠢ᠋ᠢᠨ ᠴᠡᠭ᠂ ᠣᠨᠴᠠᠯᠢᠭ᠍ᠲᠤ ᠠᠢᠯ ᠲᠣᠰᠭᠣᠨ ᠢ᠋ ᠬᠤᠯᠪᠤᠬᠰᠠᠨ ᠵᠠᠰᠠᠮᠠᠯ ᠵᠠᠮ ᠤ᠋ᠨ ᠪᠥᠲᠥᠭᠡᠨ ᠪᠠᠢᠭᠤᠯᠤᠯᠲᠠ ᠢ᠋ᠢ ᠠᠬᠢᠭᠤᠯᠵᠤ᠂ 2027 ᠣᠨ ᠪᠤᠯᠲᠠᠯ᠎ᠠ 1800 ᠺᠢᠯᠣᠮᠧᠲ᠋ᠷ ᠤ᠋ᠨ ᠵᠢᠭᠤᠯᠴᠢᠯᠠᠯ ᠤ᠋ᠨ ᠵᠠᠮ᠂ ᠡᠬᠢ ᠪᠠᠶᠠᠯᠢᠭ ᠤ᠋ᠨ ᠵᠠᠮ ᠪᠤᠯᠤᠨ ᠠᠵᠤ ᠦᠶ᠋ᠯᠡᠰ ᠤ᠋ᠨ ᠵᠠᠮ ᠤ᠋ᠨ ᠪᠥᠲᠥᠭᠡᠨ ᠪᠠᠢᠭᠤᠯᠤᠯᠲᠠ ᠢ᠋ᠢ ᠠᠬᠢᠭᠤᠯᠤᠨ ᠬᠡᠷᠡᠭ᠌ᠵᠢᠭᠦᠯᠵᠦ᠍᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠬᠦᠴᠦᠲᠤ ᠲᠤᠯᠭᠠᠭᠤᠷᠢᠯᠠᠯ ᠢ᠋ ᠰᠠᠢᠲᠤᠷ ᠴᠤᠭᠴᠠᠯᠠᠨ᠂ ᠮᠠᠯ ᠠᠵᠤ ᠠᠬᠤᠢ ᠲᠠᠷᠢᠶᠠᠯᠠᠩ ᠢ᠋ ᠨᠠᠩ ᠬᠦᠴᠦᠷᠬᠡᠭ᠂ ᠮᠠᠯᠵᠢᠬᠤ ᠲᠠᠷᠢᠶᠠᠯᠠᠬᠤ ᠤᠷᠤᠨ ᠢ᠋ ᠨᠠᠩ ᠦᠵᠡᠰᠭᠦᠯᠡᠩᠲᠦ ᠰᠠᠢᠬᠠᠨ᠂ ᠮᠠᠯᠴᠢᠨ ᠲᠠᠷᠢᠶᠠᠴᠢᠨ ᠢ᠋ ᠨᠠᠩ ᠪᠠᠶᠠᠨ ᠴᠢᠨᠡᠭᠡᠯᠢᠭ ᠪᠣᠯᠭᠠᠬᠤ ᠢ᠋ᠢ ᠦᠨᠡᠨ ᠬᠦ᠌ ᠠᠬᠢᠭᠤᠯᠬᠤ ᠪᠤᠯᠤᠨ᠎ᠠ᠃
ᠡᠨᠡ ᠵᠢᠯ ᠤᠯᠠᠭᠠᠨᠴᠠᠪ ᠬᠤᠲᠠ ᠪᠤᠯᠤᠨ ᠣᠷᠳᠣᠰ ᠬᠣᠲᠠ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ 12 ᠦᠶ᠋ᠯᠡᠴᠢᠯᠡᠭᠡᠨ ᠤ᠋ ᠲᠤᠭᠤᠷᠢᠭ ᠢ᠋ ᠥᠭᠡᠷᠡᠴᠢᠯᠡᠨ ᠱᠢᠨᠡᠳᠭᠡᠬᠦ᠌ ᠠᠵᠢᠯ ᠢ᠋ ᠡᠬᠢᠯᠡᠭᠦᠯᠵᠦ᠍᠂ ᠣᠨᠴᠠᠯᠢᠭ᠍ᠲᠤ ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ᠂ ᠪᠦᠳᠦᠬᠡᠯᠴᠢ ᠰᠣᠶᠣᠯ ᠤ᠋ᠨ ᠦᠢᠯᠡᠳᠬᠦᠨ ᠤ᠋ ᠪᠣᠷᠣᠯᠠᠭᠤᠯᠭ᠎ᠠ ᠢ᠋ᠢᠨ ᠲᠤᠰᠭᠠᠶ ᠲᠣᠭᠣᠷᠢᠭ ᠪᠠᠢᠭᠤᠯᠤᠨ᠂ 《ᠵᠠᠰᠠᠮᠠᠯ ᠵᠠᠮ + ᠡᠯᠧᠺᠲ᠋ᠷᠣᠨ ᠬᠤᠳᠠᠯᠳᠤᠭ᠎ᠠ + ᠠᠵᠤ ᠦᠶ᠋ᠯᠡᠰ》 ᠤ᠋ᠨ ᠵᠠᠮ ᠬᠠᠷᠢᠯᠴᠠᠭᠠᠨ ᠤ᠋ ᠬᠣᠩᠭᠢᠯ ᠢ᠋ ᠴᠤᠭᠴᠠᠯᠠᠵᠤ ᠪᠠᠢᠨ᠎ᠠ᠃ ᠦᠪᠡᠷᠳᠡᠬᠡᠨ ᠵᠠᠰᠠᠬᠤ ᠤᠷᠤᠨ ᠡᠴᠡ ᠪᠠᠰᠠ G331 ᠬᠢᠯᠢ ᠢ᠋ᠢᠨ ᠵᠠᠰᠠᠮᠠᠯ ᠵᠠᠮ ᠳᠠᠭᠠᠤ 5 ᠭᠣᠣᠯ ᠰᠡᠳᠦᠪᠲᠦ ᠦᠢᠯᠡᠴᠢᠯᠡᠭᠡᠨ ᠤ᠋ ᠲᠣᠭᠣᠷᠢᠭ ᠪᠠᠢᠭᠤᠯᠵᠤ᠂ ᠮᠠᠯᠵᠢᠬᠤ ᠣᠷᠣᠨ ᠬᠢᠭᠡᠳ ᠬᠢᠯᠢ ᠢ᠋ᠢᠨ ᠰᠣᠶᠣᠯ ᠵᠢᠭᠤᠯᠴᠢᠯᠠᠯ ᠤ᠋ᠨ ᠴᠡᠭᠢ᠋ ᠬᠤᠯᠪᠤᠨ᠂ ᠪᠠᠭᠤᠳᠠᠯᠯᠠᠬᠤ ᠭᠠᠵᠠᠷ ᠪᠠ ᠦᠵᠡᠮᠵᠢ ᠰᠣᠨᠢᠷᠬᠠᠬᠤ ᠲᠠᠪᠴᠠᠩ ᠢ᠋ ᠲᠥᠬᠥᠷᠵᠢᠭᠦᠯᠵᠦ᠍᠂《ᠵᠠᠰᠠᠮᠠᠯ ᠵᠠᠮ + ᠮᠠᠯ ᠠᠵᠤ ᠠᠬᠤᠢ + ᠰᠣᠶᠣᠯ ᠵᠢᠭᠤᠯᠴᠢᠯᠠᠯ》 ᠤ᠋ᠨ ᠱᠢᠨ᠎ᠡ ᠡᠵᠡᠩᠨᠡᠯᠲᠡ ᠢ᠋ᠢᠨ ᠬᠡᠯᠪᠡᠷᠢ ᠢ᠋ᠢ ᠬᠦᠴᠦᠯᠡᠨ ᠪᠤᠢ ᠪᠤᠯᠭᠠᠵᠤ ᠪᠠᠢᠨ᠎ᠠ᠃
ᠤᠢᠯᠠᠭᠠᠭᠰᠠᠨ ᠢ᠋ᠢᠡᠷ᠂ ᠮᠠᠨ ᠤ᠋ ᠤᠷᠤᠨ ᠠᠵᠤ ᠦᠢᠯᠡᠰ ᠲᠤ᠌ ᠬᠦᠴᠦᠨ ᠨᠡᠮᠡᠷᠢᠯᠡᠬᠦ ᠵᠢ ᠲᠡᠰ ᠲᠡᠪᠰᠢᠬᠦᠯᠬᠦ ᠠᠵᠢᠯᠯᠠᠭ᠎ᠠ ᠪᠡᠷ ᠳᠠᠮᠵᠢᠨ ᠵᠠᠰᠠᠮᠠᠯ ᠵᠠᠮ ᠤ᠋ᠨ ᠵᠠᠯᠭᠠᠮᠵᠢ ᠠᠵᠤ ᠠᠬᠤᠶ ᠢ᠋ᠢᠨ ᠬᠥᠭ᠌ᠵᠢᠯᠲᠡ ᠢ᠋ᠢᠨ ᠵᠠᠭ᠍ᠪᠤᠷ ᠢ᠋ ᠥᠷᠭᠡᠳᠭᠡᠵᠤ᠂ ᠲᠦᠷᠭᠡᠨ ᠤ᠋ ᠵᠠᠰᠠᠮᠠᠯ ᠵᠠᠮ ᠬᠢᠭᠡᠳ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠨᠢᠭᠡᠳᠦᠯᠲᠡᠶ ᠲᠥᠯᠥᠪᠵᠢᠬᠦᠯᠦᠨ ᠬᠥᠭ᠌ᠵᠢᠭᠦᠯᠬᠦ᠌ ᠲᠣᠭ᠍ᠲᠠᠴᠠ ᠢ᠋ᠢ ᠪᠠᠢᠭᠤᠯᠤᠨ᠂ ᠲᠦᠷᠭᠡᠨ ᠤ᠋ ᠵᠠᠰᠠᠮᠠᠯ ᠵᠠᠮ ᠤ᠋ᠨ ᠦᠢᠯᠡᠴᠢᠯᠡᠭᠡᠨ ᠤ᠋ ᠲᠣᠭᠣᠷᠢᠭ ᠬᠢᠭᠡᠳ ᠬᠥᠷᠰᠢ ᠵᠡᠷᠭᠡᠯᠡᠳᠡᠭᠡ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ᠂ ᠮᠠᠯᠴᠢᠨ ᠲᠠᠷᠢᠶᠠᠴᠢᠨ ᠠᠢᠯ ᠤ᠋ᠨ ᠵᠢᠭᠤᠯᠴᠢᠯᠠᠯ᠂ ᠵᠢᠮᠢᠰ ᠲᠡᠭᠦᠬᠦ᠌ ᠬᠦᠷᠢᠶᠡᠯᠡᠩ ᠤ᠋ᠨ ᠬᠣᠭᠣᠷᠣᠨᠳᠣᠬᠢ ᠳᠥᠭᠥᠮ ᠳᠥᠲᠡ ᠨᠡᠪᠲᠡᠷᠡᠯ ᠵᠠᠮ ᠢ᠋ ᠲᠤᠬᠠᠶ ᠢ᠋ᠢᠨ ᠭᠠᠵᠠᠷ ᠣᠷᠣᠨ ᠤ᠋ ᠪᠠᠢᠳᠠᠯ ᠳ᠋ᠤ ᠲᠣᠬᠢᠷᠠᠭᠤᠯᠤᠨ ᠨᠡᠮᠡᠨ ᠪᠠᠢᠭᠤᠯᠵᠤ᠂ ᠦᠢᠯᠡᠴᠢᠯᠡᠭᠡᠨ ᠤ᠋ ᠴᠢᠳᠠᠮᠵᠢ ᠢ᠋ᠢ ᠤᠷᠲᠤᠳᠬᠠᠨ᠎ᠠ᠃ ᠲᠦᠷᠭᠡᠨ ᠤ᠋ ᠵᠠᠰᠠᠮᠠᠯ ᠵᠠᠮ ᠤ᠋ᠨ ᠦᠶ᠋ᠯᠡᠴᠢᠯᠡᠭᠡᠨ ᠤ᠋ ᠲᠣᠭᠣᠷᠢᠭ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠦᠶ᠋ᠯᠡᠴᠢᠯᠡᠭᠡᠨ ᠤ᠋ ᠥᠷᠲᠡᠭᠡ᠂ ᠮᠠᠱᠢᠨ ᠲᠡᠷᠭᠡᠨ ᠤ᠋ ᠠᠶᠠᠨᠴᠢᠳ ᠤ᠋ᠨ ᠵᠦᠭᠡᠭᠡᠪᠦᠷᠢ ᠢ᠋ᠢᠨ ᠥᠷᠲᠡᠭᠡ ᠳ᠋ᠤ ᠣᠨᠴᠠᠯᠢᠭ᠍ᠲᠤ ᠲᠠᠷᠢᠶᠠᠯᠠᠩ ᠤ᠋ᠨ ᠪᠦᠲᠦᠭᠡᠭ᠌ᠳᠡᠬᠦᠨ᠂ ᠪᠦᠳᠦᠬᠡᠯᠴᠢ ᠰᠣᠶᠣᠯ ᠤ᠋ᠨ ᠦᠢᠯᠡᠳᠬᠦᠨ ᠵᠡᠷᠭᠡ ᠢ᠋ᠢ ᠪᠣᠷᠣᠯᠠᠭᠤᠯᠬᠤ ᠢ᠋ᠢ ᠵᠣᠷᠢᠭ᠍ᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ ᠠᠵᠤ ᠦᠶ᠋ᠯᠡᠰ ᠤ᠋ᠨ ᠠᠵᠤ ᠠᠬᠤᠶ ᠢ᠋ᠢᠨ ᠵᠠᠮ ᠬᠠᠷᠢᠯᠴᠠᠭᠠᠨ ᠤ᠋ ᠬᠣᠩᠭᠢᠯ ᠢ᠋ ᠪᠦᠷᠢᠯᠳᠦᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠬᠢᠭᠡᠳ ᠱᠢᠨ᠎ᠡ ᠡᠵᠡᠩᠨᠡᠯᠲᠡ ᠢ᠋ᠢᠨ ᠪᠠᠢᠳᠠᠯ ᠤ᠋ᠨ ᠠᠭᠤᠰᠤᠯᠴᠠᠨ ᠬᠥᠭ᠌ᠵᠢᠬᠦ᠌ ᠢ᠋ᠢ ᠠᠬᠢᠭᠤᠯᠵᠤ᠂ ᠠᠵᠤ ᠠᠬᠤᠶ ᠢ᠋ᠢᠨ ᠳᠠᠯᠳᠠ ᠬᠦᠴᠦᠨ ᠢ᠋ ᠠᠭᠤᠳᠠᠯᠤᠨ᠂ ᠵᠠᠮ ᠱᠤᠭᠤᠮ ᠤ᠋ᠨ ᠡᠬᠢ ᠪᠠᠶᠠᠯᠢᠭ ᠢ᠋ ᠠᠮᠢᠯᠠᠭᠤᠯᠵᠤ᠂ ᠪᠦᠬᠦᠯᠢ ᠴᠣᠭ᠍ᠴᠠ ᠢ᠋ᠢᠨ ᠬᠠᠮᠤᠭ ᠤ᠋ᠨ ᠶᠡᠬᠡ ᠬᠦᠴᠦᠨ ᠴᠢᠳᠠᠪᠤᠷᠢ ᠢ᠋ᠢ ᠪᠠᠳᠠᠷᠠᠭᠤᠯᠤᠨ᠎ᠠ᠃
ᠡᠨᠡ ᠵᠢᠯ ᠮᠠᠨ ᠤ᠋ ᠤᠷᠤᠨ ᠱᠢᠯᠢ ᠢ᠋ᠢᠨ ᠭᠤᠤᠯ ᠠᠢᠮᠠᠭ — ᠱᠠᠨᠳᠦ᠋ᠩ ᠬᠦᠷᠬᠦ 21 ᠵᠢᠭᠤᠯᠴᠢᠯᠠᠯ ᠤ᠋ᠨ ᠲᠤᠰᠭᠠᠶ ᠭᠠᠯᠲᠤ ᠲᠡᠷᠭᠡ ᠪᠠ ᠬᠥᠬᠡᠬᠣᠲᠠ ᠡᠴᠡ ᠬᠦᠶ᠋ᠲᠡᠨ ᠱᠢᠯᠢ ᠵᠢᠨ ᠲᠠᠯ᠎ᠠ ᠨᠤᠲᠤᠭ ᠲᠤ᠌ ᠰᠢᠭᠤᠳ ᠬᠦᠷᠬᠦ ᠲᠡᠷᠭᠡ ᠨᠡᠪᠲᠡᠷᠡᠭᠦᠯᠤᠨ《ᠠᠶᠠᠨᠴᠢᠳ ᠤ᠋ᠨ ᠵᠦᠭᠡᠭᠡᠪᠦᠷᠢ + ᠵᠢᠭᠤᠯᠴᠢᠯᠠᠯ》 ᠤ᠋ᠨ ᠭᠦᠨᠵᠡᠭᠡᠶ ᠠᠭᠤᠰᠤᠯᠴᠠᠯ ᠢ᠋ ᠠᠬᠢᠭᠤᠯᠬᠤ ᠪᠡᠷ ᠪᠤᠢ᠃
ᠵᠠᠮ ᠬᠠᠷᠢᠯᠴᠠᠭ᠎ᠠ ᠵᠢᠭᠤᠯᠴᠢᠯᠠᠯ ᠤ᠋ᠨ ᠠᠭᠤᠰᠤᠯᠴᠠᠨ ᠬᠥᠭ᠌ᠵᠢᠬᠦ᠌ ᠲᠦᠪᠰᠢᠨ ᠢ᠋ ᠳᠡᠭᠡᠭ᠌ᠰᠢᠯᠡᠭᠦᠯᠬᠦ ᠪᠤᠯ ᠠᠵᠤ ᠦᠢᠯᠡᠰ ᠲᠤ᠌ ᠬᠦᠴᠦᠨ ᠨᠡᠮᠡᠷᠢᠯᠡᠬᠦ ᠵᠢ ᠲᠡᠰ ᠲᠡᠪᠰᠢᠬᠦᠯᠬᠦ ᠠᠵᠢᠯᠯᠠᠭ᠎ᠠ ᠢ᠋ᠢᠨ ᠴᠢᠬᠤᠯᠠ ᠠᠭᠤᠯᠭ᠎ᠠ ᠶᠤᠮ᠃ ᠮᠠᠨ ᠤ᠋ ᠤᠷᠤᠨ ᠠᠶᠠᠨ ᠵᠠᠮ ᠬᠦᠬᠡᠬᠡᠵᠤ ᠵᠢᠭᠤᠯᠴᠢᠯᠠᠬᠤ ᠵᠠᠭ᠍ᠪᠤᠷ ᠢ᠋ ᠳᠡᠯᠭᠡᠷᠡᠭᠦᠯᠵᠦ᠍᠂ ᠦᠵᠡᠮᠵᠢ ᠢ᠋ᠢᠨ ᠣᠷᠣᠨ ᠳ᠋ᠤ ᠨᠡᠪᠲᠡᠷᠡᠬᠦ᠌ ᠴᠢᠨᠠᠷ ᠰᠠᠢᠲᠠᠶ ᠵᠠᠰᠠᠮᠠᠯ ᠵᠠᠮ ᠤ᠋ᠨ ᠱᠢᠰᠲ᠋ᠧᠮ ᠢ᠋ ᠪᠠᠢᠭᠤᠯᠤᠨ᠂ ᠵᠠᠮ ᠬᠠᠷᠢᠯᠴᠠᠭ᠎ᠠ ᠵᠢᠭᠤᠯᠴᠢᠯᠠᠯ ᠠᠭᠤᠰᠤᠯᠴᠠᠭ᠍ᠰᠠᠨ 20 ᠵᠤᠷᠪᠤᠰ ᠰᠣᠳᠣᠨ ᠵᠢᠭᠤᠯᠴᠢᠯᠠᠯ ᠤ᠋ᠨ ᠵᠠᠰᠠᠮᠠᠯ ᠵᠠᠮ ᠢ᠋ ᠪᠠᠢᠭᠤᠯᠤᠨ᠎ᠠ᠃ ᠬᠥᠳᠡᠭᠡ ᠲᠣᠰᠭᠣᠨ ᠤ᠋ ᠥᠪᠡᠷ ᠢ᠋ᠢᠡᠨ ᠮᠠᠰᠢᠨ ᠪᠠᠷᠢᠬᠤ ᠵᠢᠭᠤᠯᠴᠢᠯᠠᠯ ᠵᠢᠴᠢ ᠠᠯᠭᠤᠷ ᠠᠶᠠᠯᠠᠬᠤ ᠵᠢᠭᠤᠯᠴᠢᠯᠠᠯ ᠤ᠋ᠨ ᠬᠥᠭ᠌ᠵᠢᠯᠲᠡ ᠢ᠋ᠢ ᠵᠣᠷᠢᠭ᠍ᠵᠢᠭᠤᠯᠵᠤ᠂ ᠲᠤᠬᠠᠶ ᠢ᠋ᠢᠨ ᠭᠠᠵᠠᠷ ᠣᠷᠣᠨ ᠤ᠋ ᠪᠠᠢᠳᠠᠯ ᠳ᠋ᠤ ᠲᠣᠬᠢᠷᠠᠭᠤᠯᠤᠨ ᠶᠠᠪᠠᠭᠠᠨ ᠵᠠᠮ᠂ ᠳᠤᠭᠤᠶ ᠲᠡᠷᠭᠡᠨ ᠤ᠋ ᠵᠠᠮ ᠵᠡᠷᠭᠡ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠠᠯᠭᠤᠷ ᠠᠶᠠᠯᠠᠬᠤ ᠱᠢᠰᠲ᠋ᠧᠮ ᠤ᠋ᠨ ᠪᠠᠢᠭᠤᠯᠤᠯᠲᠠ ᠢ᠋ᠢ ᠥᠷᠨᠢᠭᠦᠯᠦᠨ᠎ᠡ᠃ ᠵᠠᠮ ᠪᠠ ᠦᠵᠡᠮᠵᠢ ᠢ᠋ᠢ ᠠᠭᠤᠰᠤᠯᠴᠠᠭᠤᠯᠤᠨ ᠳᠡᠰ ᠳᠡᠪᠱᠢᠭᠦᠯᠵᠤ ᠥᠭᠡᠷᠡᠴᠢᠯᠡᠬᠦ᠌ ᠢ᠋ᠢ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ ᠤ᠋ ᠲᠠᠯ᠎ᠠ ᠨᠤᠲᠤᠭ ᠤ᠋ᠨ ᠣᠨᠴᠠᠯᠢᠭ ᠲᠠᠢ᠂ ᠡᠯᠡᠰᠦᠨ ᠴᠦᠯ ᠤ᠋ᠨ ᠣᠨᠴᠠᠯᠢᠭ ᠲᠠᠢ᠂ ᠬᠢᠯᠢ ᠬᠢᠵᠠᠭᠠᠷ ᠤ᠋ᠨ ᠣᠨᠴᠠᠯᠢᠭ ᠲᠠᠢ ᠨᠢᠭᠡ ᠪᠦᠯᠦᠭ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠦᠵᠡᠮᠵᠢ ᠢ᠋ᠢᠨ ᠣᠷᠣᠨ ᠢ᠋ ᠪᠦᠲᠦᠭᠡᠨ ᠪᠠᠢᠭᠤᠯᠬᠤ ᠢ᠋ᠢ ᠠᠬᠢᠭᠤᠯᠤᠨ᠎ᠠ ᠃ ᠬᠣᠲᠠ ᠬᠥᠳᠡᠭᠡ ᠢ᠋ᠢᠨ ᠠᠶᠠᠨᠴᠢᠳ ᠤ᠋ᠨ ᠵᠦᠭᠡᠭᠡᠪᠦᠷᠢ ᠬᠢᠭᠡᠳ ᠵᠢᠭᠤᠯᠴᠢᠯᠠᠯ ᠤ᠋ᠨ ᠠᠭᠤᠰᠤᠯᠴᠠᠨ ᠬᠥᠭ᠌ᠵᠢᠬᠦ᠌ ᠢ᠋ᠢ ᠠᠬᠢᠭᠤᠯᠵᠤ᠂ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠡᠬᠢ ᠪᠠᠶᠠᠯᠢᠭ ᠤ᠋ᠨ ᠠᠶᠠᠨᠴᠢᠳ ᠤ᠋ᠨ ᠵᠦᠭᠡᠭᠡᠪᠦᠷᠢ ᠪᠠ ᠨᠡᠢᠲᠡ ᠢ᠋ᠢᠨ ᠵᠠᠮ ᠬᠠᠷᠢᠯᠴᠠᠭ᠎ᠠ ᠢ᠋ᠢᠨ ᠱᠤᠭᠤᠮ ᠤ᠋ᠨ ᠪᠦᠷᠬᠦᠴᠡ ᠢ᠋ᠢᠨ ᠭᠦᠨᠴᠡ ᠢ᠋ᠢ ᠳᠡᠭᠡᠭ᠌ᠰᠢᠯᠡᠭᠦᠯᠦᠨ᠂ ᠵᠢᠭᠤᠯᠴᠢᠯᠠᠯ ᠤ᠋ᠨ ᠦᠵᠡᠮᠵᠢ ᠢ᠋ᠢᠨ ᠣᠷᠣᠨ ᠤ᠋ ᠵᠣᠭ᠍ᠰᠣᠭᠠᠯ ᠤ᠋ᠨ ᠥᠷᠲᠡᠭᠡ ᠴᠡᠭ ᠤ᠋ᠨ ᠪᠠᠢᠷᠢᠰᠢᠭᠤᠯᠤᠯᠲᠠ ᠢ᠋ᠢ ᠱᠢᠯᠢᠳᠡᠭ᠌ᠵᠢᠭᠦᠯᠵᠦ᠍᠂ ᠬᠣᠲᠠ ᠬᠥᠳᠡᠭᠡ ᠢ᠋ᠢᠨ ᠵᠢᠭᠤᠯᠴᠢᠯᠠᠯ ᠤ᠋ᠨ ᠶᠠᠪᠤᠵᠤ ᠰᠠᠭᠤᠬᠤ ᠦᠶ᠋ᠯᠡᠴᠢᠯᠡᠭᠡᠨ ᠤ᠋ ᠬᠠᠩᠭᠠᠯᠭ᠎ᠠ ᠢ᠋ᠢ ᠪᠠᠶᠠᠯᠢᠭ᠍ᠵᠢᠭᠤᠯᠤᠨᠠ᠃ ᠪᠠᠰᠠ ᠵᠢᠭᠤᠯᠴᠢᠯᠠᠯ ᠤ᠋ᠨ ᠡᠵᠡᠩᠨᠡᠯᠲᠡ ᠢ᠋ᠢᠨ ᠠᠱᠢᠭ ᠣᠷᠣᠯᠭ᠎ᠠ ᠢ᠋ᠢ ᠵᠢᠭᠤᠯᠴᠢᠯᠠᠯ ᠤ᠋ᠨ ᠵᠠᠰᠠᠮᠠᠯ ᠵᠠᠮ ᠤ᠋ᠨ ᠪᠦᠲᠦᠭᠡᠨ ᠪᠠᠢᠭᠤᠯᠤᠯᠲᠠ᠂ ᠬᠠᠮᠢᠶᠠᠷᠤᠯᠲᠠ᠂ ᠠᠷᠠᠴᠢᠯᠠᠨ ᠬᠠᠮᠠᠭᠠᠯᠠᠯᠲᠠ ᠵᠢᠴᠢ ᠡᠵᠡᠩᠨᠡᠯᠲᠡ ᠳ᠋ᠤ ᠬᠡᠷᠡᠭ᠌ᠯᠡᠬᠦ᠌ ᠢ᠋ᠢ ᠳᠡᠮᠵᠢᠬᠦ ᠪᠡᠷ ᠪᠤᠢ᠃
《ᠮᠠᠨ ᠤ᠋ ᠤᠷᠤᠨ ᠠᠵᠤ ᠦᠢᠯᠡᠰ ᠲᠤ᠌ ᠬᠦᠴᠦᠨ ᠨᠡᠮᠡᠷᠢᠯᠡᠬᠦ ᠵᠢ ᠲᠡᠰ ᠲᠡᠪᠰᠢᠬᠦᠯᠬᠦ ᠠᠵᠢᠯᠯᠠᠭ᠎ᠠ ᠪᠡᠷ ᠳᠡᠮᠵᠢᠨ ᠮᠠᠯᠵᠢᠬᠤ ᠲᠠᠷᠢᠶᠠᠯᠠᠬᠤ ᠣᠷᠣᠨ ᠤ᠋ ᠵᠠᠮ ᠬᠠᠷᠢᠯᠴᠠᠭ᠎ᠠ ᠬᠢᠭᠡᠳ ᠠᠵᠤ ᠦᠶ᠋ᠯᠡᠰ ᠤ᠋ᠨ ᠠᠭᠤᠰᠤᠯᠴᠠᠯ ᠨᠢᠭ᠍ᠲᠠ ᠪᠢᠰᠢ᠂ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠬᠦᠳᠡᠭᠡ ᠲᠣᠰᠭᠣᠨ ᠡᠴᠡ ᠭᠠᠷᠭᠠᠬᠤ ᠵᠠᠮ ᠬᠠᠷᠢᠯᠴᠠᠭ᠎ᠠ ᠱᠢᠯᠤᠭᠤᠨ ᠪᠤᠰᠤ ᠂ ᠵᠠᠮ ᠬᠠᠷᠢᠯᠴᠠᠭ᠎ᠠ ᠵᠢᠭᠤᠯᠴᠢᠯᠠᠯ ᠢ᠋ ᠠᠭᠤᠰᠤᠯᠴᠠᠭᠤᠯᠬᠤ ᠲᠠᠯ᠎ᠠ ᠪᠡᠷ ᠬᠦᠷᠦᠯᠴᠡᠬᠦ᠌ ᠥᠬᠡᠶ ᠪᠠᠢᠬᠤ ᠠᠰᠠᠭᠤᠳᠠᠯ ᠢ᠋ ᠬᠦᠴᠦᠯᠡᠨ ᠱᠢᠶ᠋ᠳᠪᠦᠷᠢᠯᠡᠵᠤ᠂ 〈ᠬᠥᠳᠡᠭᠡ ᠲᠣᠰᠭᠣᠨ ᠤ᠋ ᠵᠠᠰᠠᠮᠠᠯ ᠵᠠᠮ + 〉 ᠠᠭᠤᠰᠤᠯᠴᠠᠨ ᠬᠥᠭ᠌ᠵᠢᠬᠦ ᠵᠠᠭᠪᠤᠷ ᠢ᠋ ᠭᠦᠨᠵᠡᠭᠡᠶ ᠠᠬᠢᠭᠤᠯᠤᠨ᠂ ᠵᠢᠭᠤᠯᠴᠢᠯᠠᠯ ᠤ᠋ᠨ ᠵᠠᠮ᠂ ᠡᠬᠢ ᠪᠠᠶᠠᠯᠢᠭ ᠤ᠋ᠨ ᠵᠠᠮ ᠪᠤᠯᠤᠨ ᠠᠵᠤ ᠦᠶ᠋ᠯᠡᠰ ᠤ᠋ᠨ ᠵᠠᠮ ᠢ᠋ ᠲᠦᠷᠭᠡᠳᠭᠡᠨ ᠪᠠᠢᠭᠤᠯᠵᠤ᠂ ᠬᠥᠳᠡᠭᠡ ᠠᠵᠤ ᠠᠬᠤᠶ ᠢ᠋ᠢ ᠨᠠᠩ ᠬᠦᠴᠦᠷᠬᠡᠭ᠂ ᠬᠥᠳᠡᠭᠡ ᠲᠣᠰᠭᠣᠨ ᠢ᠋ ᠨᠠᠩ ᠦᠵᠡᠰᠭᠦᠯᠡᠩᠲᠦ ᠰᠠᠢᠬᠠᠨ᠂ ᠮᠠᠯᠴᠢᠨ ᠲᠠᠷᠢᠶᠠᠴᠢᠳ ᠢ᠋ ᠨᠠᠩ ᠪᠠᠶᠠᠨ ᠴᠢᠨᠡᠭᠡᠯᠢᠭ ᠪᠤᠯᠭᠠᠬᠤ ᠳ᠋ᠤ ᠬᠦᠴᠦᠨ ᠨᠡᠮᠡᠷᠢᠯᠡᠨ᠎ᠡ》 ᠭᠡᠵᠤ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠤ᠋ᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠠᠵᠤ ᠪᠠᠢᠯ᠎ᠠ᠃