ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠾᠧᠪᠧᠶ᠎ᠶ᠋ᠢᠨ ᠱᠢᠶᠦ᠋ᠩ ᠠᠨ ᠱᠢᠨ᠎ᠡ ᠲᠣᠭᠣᠷᠢᠭ᠎ᠲᠤ ᠱᠢᠨᠵᠢᠯᠡᠨ ᠪᠠᠢᠴᠠᠭᠠᠬᠤ ᠵᠢᠨ ᠬᠠᠮᠳᠦ ᠱᠢᠶᠦ᠋ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠶ ᠪᠥᠲᠥᠭᠡᠨ ᠪᠠᠢᠭᠤᠯᠤᠯᠲᠠ ᠪᠠ ᠬᠥᠭ᠌ᠵᠢᠯᠲᠡ᠎ᠶ᠋ᠢ ᠭᠦᠨᠵᠡᠭᠡᠢᠷᠠᠬᠦᠯᠦᠨ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠪᠠ
2026-03-28 11:29:52
ᠵᠣᠬᠢᠶᠠᠭ᠍ᠴᠢ᠄
​ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ ᠬᠤᠷᠠᠯ᠎ᠢ ᠡᠷᠭᠢᠯᠡᠪᠡ


3 ᠰᠠᠷ᠎ᠠ᠎ᠶ᠋ᠢᠨ 27 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠢ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠾᠸᠪᠸᠢ ᠵᠢᠨ ᠱᠢᠶᠦ᠋ᠩ ᠠᠨ ᠱᠢᠨ᠎ᠡ ᠲᠣᠭᠣᠷᠢᠭ᠎ᠲᠤ ᠱᠢᠨᠵᠢᠯᠡᠨ ᠪᠠᠢᠴᠠᠭᠠᠬᠤ ᠵᠢᠨ ᠬᠠᠮᠳᠦ ᠱᠢᠶᠦ᠋ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠢ ᠪᠦᠳᠦᠭᠡᠨ ᠪᠠᠢᠭᠤᠯᠤᠯᠲᠠ ᠪᠠ ᠬᠥᠭ᠌ᠵᠢᠯᠲᠡ᠎ᠶ᠋ᠢ ᠭᠦᠨᠵᠡᠭᠡᠢᠷᠡᠬᠦᠯᠦᠨ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠪᠡ᠃

ᠬᠤᠷᠠᠯ᠎ᠡᠴᠡ ᠱᠢᠶᠦ᠋ᠩ ᠠᠨ ᠱᠢᠨ᠎ᠡ ᠲᠣᠭᠣᠷᠢᠭ᠎ᠢ ᠪᠦᠳᠦᠭᠡᠨ ᠪᠠᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠪᠡᠶ᠎ᠡ᠎ᠪᠡᠷ᠎ᠢᠶᠡᠨ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠪᠡᠶ᠎ᠡ᠎ᠪᠡᠷ᠎ᠢᠶᠡᠨ ᠪᠠᠢᠷᠢᠯᠠᠭᠤᠯᠵᠤ᠂ ᠪᠡᠶ᠎ᠡ᠎ᠪᠡᠷ᠎ᠢᠶᠡᠨ ᠠᠬᠢᠭᠤᠯᠤᠭ᠍ᠰᠠᠨ ᠮᠢᠩᠭᠠᠨ ᠣᠨ᠎ᠤ ᠶᠡᠬᠡ ᠪᠤᠳᠤᠯᠭ᠎ᠠ᠂ ᠤᠯᠤᠰ᠎ᠤᠨ ᠶᠡᠬᠡ ᠶᠠᠪᠤᠳᠠᠯ ᠪᠣᠯᠤᠨ᠎ᠠ᠃ ᠪᠥᠬᠥ᠌ ᠣᠷᠣᠨ᠎ᠤ ᠡᠯ᠎ᠡ ᠱᠠᠲᠤᠨ᠎ᠤ᠎ᠬᠢᠨ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠨᠠᠮ᠎ᠤᠨ ᠲᠥᠪ ᠬᠤᠷᠢᠶ᠎ᠠ ᠵᠢᠨ ᠱᠠᠭᠠᠷᠳᠠᠯᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠌ ᠦᠨᠳᠦᠷᠴᠡ᠎ᠡᠴᠡ ᠢᠳᠡᠪᠬᠢᠲᠡᠶ ᠪᠦᠬᠡᠳ ᠰᠠᠨᠠᠭᠠᠴᠢᠯᠠᠭ᠎ᠠ᠎ᠡᠴᠡ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠱᠢᠶᠦ᠋ᠩ ᠠᠨ ᠱᠢᠨ᠎ᠡ ᠲᠣᠭᠣᠷᠢᠭ᠎ᠤᠨ ᠴᠢᠨᠠᠷ ᠰᠠᠢᠲᠠᠶ ᠪᠥᠲᠥᠭᠡᠨ ᠪᠠᠢᠭᠤᠯᠤᠯᠲᠠ ᠪᠠ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠳᠡᠮᠵᠢᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ《ᠬᠣᠶᠠᠷ᠎ᠢ ᠲᠣᠭ᠍ᠲᠠᠭᠠᠭᠰᠠᠨ》ᠢ᠋ ᠡᠷᠡᠰ ᠬᠦᠷᠢᠶᠡᠯᠡᠵᠦ᠍᠂《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃ ᠠᠵᠠ ᠲᠣᠬᠢᠶᠠᠯ᠎ᠤᠨ ᠤᠬᠠᠮᠰᠠᠷ᠎ᠢᠶᠠᠨ ᠴᠢᠩᠭᠠᠳᠭᠠᠵᠤ᠂ ᠭᠠᠷᠳᠠᠬᠤ ᠴᠡᠭ ᠬᠦᠴᠦᠯᠡᠬᠦ᠌ ᠴᠡᠭ᠎ᠢᠶᠡᠨ ᠣᠨᠣᠪᠴᠢᠲᠠᠢ ᠣᠯᠵᠤ᠂ ᠱᠢᠶᠦ᠋ᠩ ᠠᠨ ᠱᠢᠨ᠎ᠡ ᠲᠣᠭᠣᠷᠢᠭ᠎ᠯᠤᠭ᠎ᠠ᠎ᠶ᠋ᠢᠨ ᠬᠠᠮᠲᠤᠷᠠᠯᠴᠠᠭ᠎ᠠ ᠬᠠᠷᠢᠯᠴᠠᠭ᠎ᠠ᠎ᠪᠠᠨ ᠨᠢᠭ᠍ᠲᠠᠷᠠᠭᠤᠯᠵᠤ᠂《ᠣᠷᠣᠭᠤᠯᠤᠨ ᠠᠪᠴᠢᠷᠠᠬᠤ》 ᠪᠠ 《ᠠᠭᠤᠰᠤᠯᠴᠠᠬᠤ》 ᠠᠵᠢᠯ᠎ᠢ ᠴᠢᠷᠮᠠᠢᠨ ᠰᠠᠢᠲᠤᠷ ᠬᠢᠬᠦ᠌ ᠬᠡᠷᠡᠭ᠌ᠲᠡᠢ᠃ ᠪᠡᠭᠡᠵᠢᠩ ᠥᠪᠥᠷ ᠮᠣᠩᠭᠣᠯ᠎ᠤᠨ ᠪᠦᠬᠦ᠌ ᠲᠠᠯ᠎ᠠ᠎ᠶ᠋ᠢᠨ ᠬᠠᠮᠵᠢᠯᠴᠠᠭᠠᠨ᠎ᠤ ᠲᠣᠭ᠍ᠲᠠᠴᠠ᠎ᠶ᠋ᠢ ᠰᠠᠢᠲᠤᠷ ᠬᠡᠷᠡᠭᠯᠡᠵᠤ᠂ ᠪᠡᠭᠡᠵᠢᠩ ᠲᠢᠶᠠᠨᠵᠢᠨ ᠾᠸᠪᠸᠢ ᠵᠡᠷᠭᠡ ᠱᠢᠨ᠎ᠡ᠎ᠶ᠋ᠢ ᠡᠭᠦᠳᠬᠦ᠌ ᠡᠬᠢ ᠪᠠᠶᠠᠯᠢᠭ ᠲᠦᠪᠯᠡᠷᠡᠭᠰᠡᠨ ᠭᠠᠵᠠᠷ ᠣᠷᠣᠨ᠎ᠲᠠᠶ ᠭᠦᠨᠵᠡᠭᠡᠢ ᠵᠣᠯᠭᠠᠭᠤᠯᠵᠤ᠂ ᠨᠢᠭᠡ ᠪᠦᠯᠦᠭ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠦᠷᠦᠯ ᠵᠦᠢᠯ᠎ᠢ ᠢᠳᠡᠪᠬᠢᠲᠡᠢ ᠤᠬᠠᠭᠠᠯᠠᠨ ᠲᠦᠯᠦᠪᠯᠡᠵᠦ᠂ ᠤᠶᠤᠨ ᠤᠬᠠᠭᠠᠨ ᠬᠦᠴᠦᠨ ᠴᠢᠳᠠᠯ᠎ᠢ ᠠᠱᠢᠭ᠍ᠯᠠᠨ ᠮᠠᠨ᠎ᠤ ᠣᠷᠣᠨ᠎ᠤ ᠱᠢᠨ᠎ᠡ᠎ᠶ᠋ᠢ ᠡᠭᠦᠳᠬᠦ᠌ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠬᠤᠳᠠᠯᠳᠤᠭᠠᠨ᠎ᠤ ᠠᠵᠠ ᠲᠣᠬᠢᠶᠠᠯ᠎ᠢ ᠢᠳᠡᠪᠬᠢᠲᠡᠢ ᠡᠷᠢᠯᠬᠢᠯᠡᠵᠦ᠍᠂ ᠠᠵᠠ ᠲᠣᠬᠢᠶᠠᠯ᠎ᠢ ᠠᠮᠵᠢᠵᠤ᠂ ᠮᠠᠨ᠎ᠤ ᠣᠷᠣᠨ᠎ᠤ ᠪᠣᠬᠢᠷᠲᠤᠯ ᠦᠭᠡᠢ ᠴᠠᠬᠢᠯᠭᠠᠨ᠂ ᠪᠣᠬᠢᠷᠲᠤᠯ ᠦᠭᠡᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠵᠡᠷᠭᠡ᠎ᠶ᠋ᠢ ᠭᠠᠳᠠᠭᠰᠢ ᠭᠠᠷᠭᠠᠵᠤ᠂ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌ ᠶᠡᠬᠡ ᠲᠠᠯ᠎ᠠ᠎ᠳᠤ ᠨᠡᠩ ᠰᠠᠢᠲᠤᠷ ᠠᠭᠤᠰᠤᠯᠴᠠᠬᠤ ᠬᠡᠷᠡᠭ᠌ᠲᠡᠢ᠃ ᠱᠢᠶᠦ᠋ᠩ ᠠᠨ ᠱᠢᠨ᠎ᠡ ᠲᠣᠭᠣᠷᠢᠭ᠎ᠤᠨ ᠲᠥᠯᠥᠪᠵᠢᠭᠦᠯᠭᠡ ᠪᠦᠳᠦᠭᠡᠨ ᠪᠠᠢᠭᠤᠯᠤᠯᠲᠠ ᠬᠠᠮᠢᠶᠠᠷᠤᠯᠲᠠ᠎ᠶ᠋ᠢᠨ ᠲᠤᠷᠱᠢᠯᠭ᠎ᠠ ᠪᠠ ᠠᠷᠭ᠎ᠠ ᠬᠢᠳᠡᠯ᠎ᠢ ᠰᠠᠨᠠᠭᠠᠴᠢᠯᠠᠭ᠎ᠠ᠎ᠡᠴᠡ᠎ᠪᠠᠨ ᠰᠤᠷᠤᠯᠴᠠᠨ ᠲᠤᠯᠢ ᠪᠤᠯᠭᠠᠵᠤ᠂ ᠵᠣᠷᠢᠭ᠍ᠲᠠᠢ᠎ᠪᠠᠷ ᠥᠭᠡᠷᠡᠴᠢᠯᠡᠯᠲᠡ ᠬᠢᠵᠦ᠍᠂ ᠤᠷᠢᠳ᠎ᠢᠶᠠᠷ ᠬᠢᠵᠦ᠍ ᠤᠷᠢᠳ᠎ᠢᠶᠠᠷ ᠲᠤᠷᠱᠢᠵᠤ᠂ ᠭᠠᠳᠠᠭᠠᠳᠤ ᠨᠡᠭᠡᠭᠡᠯᠳᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠰᠠᠢᠵᠢᠷᠠᠭᠤᠯᠬᠤ ᠵᠡᠷᠭᠡ ᠬᠦᠷᠢᠶᠡᠨ᠎ᠳᠦ ᠢᠳᠡᠪᠬᠢᠲᠡᠢ ᠰᠦᠪᠡᠭ᠌ᠴᠢᠯᠡᠨ ᠦᠢᠯᠡᠳᠦᠯᠭᠡᠵᠢᠭᠦᠯᠵᠦ᠍᠂ ᠮᠠᠨ᠎ᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠬᠤᠷᠠᠯ᠎ᠡᠴᠠ ᠪᠠᠰᠠ ᠪᠤᠰᠤᠳ ᠵᠦᠢᠯᠡᠰ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号