ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠢᠯᠠᠩ 2026 ᠣᠨ᠎ᠤ ᠳᠥᠷᠪᠡᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠬᠢᠪᠡ
2026-03-28 11:32:27
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠬᠠᠮᠲᠤ᠎ᠶ᠋ᠢᠨ ᠰᠤᠷᠤᠯᠴᠠᠯᠭ᠎ᠠ ᠵᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠪᠠ

ᠪᠤᠤ ᠭᠠᠩ ᠵᠠᠩ ᠶᠠᠨ ᠺᠦᠨ ᠱᠢ ᠭᠤᠸᠠᠩ ᠬᠤᠢ ᠤᠷᠤᠯᠴᠠᠪᠠ

 

3 ᠰᠠᠷ᠎ᠠ᠎ᠶ᠋ᠢᠨ 27 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠢᠯᠠᠩ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠣᠷᠢᠨ᠎ᠳᠤ ᠬᠠᠮᠲᠤ᠎ᠶ᠋ᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠬᠠᠮᠲᠤ᠎ᠶ᠋ᠢᠨ ᠰᠤᠷᠤᠯᠴᠠᠯᠭ᠎ᠠ ᠵᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃

ᠬᠤᠷᠠᠯ ᠳᠡᠭᠡᠷ᠎ᠡ ᠪᠦᠦ ᠱᠢᠶᠠᠨ ᠬᠤᠸᠠ《ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢᠨ ᠰᠤᠷᠤᠯᠴᠠᠯᠭ᠎ᠠ ᠵᠢᠨ ᠬᠥᠲᠥᠯᠪᠦᠷᠢ》ᠵᠢᠨ ᠬᠣᠯᠪᠣᠭ᠍ᠳᠠᠯ ᠪᠦᠬᠦᠢ ᠠᠭᠤᠯᠭ᠎ᠠ᠎ᠶ᠋ᠢ ᠳᠠᠭᠠᠭᠤᠯᠤᠨ ᠰᠤᠷᠤᠯᠴᠠᠵᠤ᠂ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠪᠦᠷᠢᠯᠳᠦᠬᠦᠨ ᠰᠠᠨᠠᠯ᠎ᠢᠶᠠᠨ ᠰᠣᠯᠢᠯᠴᠠᠬᠤ ᠦᠭᠡ ᠬᠡᠯᠡᠵᠡᠢ᠃

ᠸᠠᠩ ᠸᠧᠢ ᠵᠦᠩ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ ᠶᠡᠷᠦᠩᠬᠡᠢ ᠱᠦᠵᠢ ᠰᠢ ᠵᠢᠨ ᠫᠢᠩ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠡᠴᠡ ᠪᠤᠳᠤᠯᠬᠢᠯᠠᠵᠤ᠂ ᠰᠣᠶᠣᠯ᠎ᠤᠨ ᠪᠠᠢᠭᠤᠯᠤᠯᠲᠠ᠎ᠶ᠋ᠢ ᠲᠦᠷᠦ᠍᠎ᠶ᠋ᠢ ᠵᠠᠰᠠᠬᠤ ᠲᠤᠪᠤᠢ᠌ᠮ᠎ᠠ ᠪᠠᠢᠷᠢᠨ᠎ᠳᠤ ᠲᠠᠯᠪᠢᠵᠤ᠂ ᠲᠤᠭ᠎ᠢ ᠮᠠᠨᠳᠤᠭᠤᠯᠤᠨ ᠴᠢᠭ᠌ᠯᠡᠯ᠎ᠢ ᠲᠣᠭ᠍ᠲᠠᠭᠠᠵᠤ᠂ ᠲᠥᠯᠥᠪᠵᠢᠭᠦᠯᠦᠨ ᠪᠠᠢᠷᠢᠯᠠᠭᠤᠯᠵᠤ᠂ ᠠᠯᠢ ᠤᠯᠠᠨ ᠱᠢᠨ᠎ᠡ ᠦᠵᠡᠯ ᠰᠠᠨᠠᠭ᠎ᠠ ᠱᠢᠨ᠎ᠡ ᠦᠵᠡᠯᠲᠡ ᠱᠢᠨ᠎ᠡ ᠨᠤᠲᠠᠯᠠᠯᠲᠠ᠎ᠶ᠋ᠢ ᠪᠦᠲᠦᠭᠡᠯᠴᠢ᠎ᠴᠢᠨᠠᠷᠲᠠᠢ ᠪᠡᠷ ᠳᠤᠷᠠᠳᠴᠤ᠌᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠪᠦᠷᠢᠯᠳᠦᠭᠦᠯᠵᠦ᠍᠂ ᠱᠢᠨ᠎ᠡ ᠴᠠᠭ ᠦᠶ᠎ᠡ ᠱᠢᠨ᠎ᠡ ᠠᠶᠠᠨ᠎ᠳᠡᠬᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠰᠠᠢᠲᠤᠷ ᠬᠢᠬᠦ᠌᠂ ᠰᠣᠶᠣᠯ᠎ᠤᠨ ᠬᠥᠭ᠌ᠵᠢᠯ ᠴᠡᠴᠡᠭ᠌ᠯᠡᠯ ᠎ᠢ ᠠᠬᠢᠭᠤᠯᠬᠤ᠂ ᠰᠣᠶᠣᠯ᠎ᠤᠨ ᠬᠦᠴᠦᠷᠬᠡᠭ ᠤᠯᠤᠰ᠎ᠢ ᠪᠠᠢᠭᠤᠯᠬᠤ᠎ᠳᠤ ᠬᠦᠴᠦᠷᠬᠡᠭ ᠶᠡᠬᠡ ᠦᠵᠡᠯ ᠰᠠᠨᠠᠭᠠᠨ᠎ᠤ ᠵᠡᠪᠰᠡᠭ ᠪᠠ ᠱᠢᠨᠵᠢᠯᠡᠬᠦ᠌ ᠤᠬᠠᠭᠠᠨᠴᠢ ᠠᠵᠢᠯᠯᠠᠭᠠᠨ᠎ᠤ ᠵᠦᠭ᠌ᠯᠡᠭᠦᠷ ᠬᠠᠩᠭᠠᠪᠠ᠃ ᠪᠢᠳᠡ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠪᠠᠲᠤ ᠴᠢᠩᠭ᠎ᠠ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠪᠠᠷ ᠬᠦᠴᠦᠷᠬᠡᠭ ᠶᠡᠬᠡ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠣᠶᠤᠨ ᠰᠠᠨᠠᠭᠠᠨ᠎ᠤ ᠨᠢᠭ᠍ᠲᠠᠷᠠᠯ᠎ᠤᠨ ᠬᠦᠴᠦᠨ᠂ ᠥᠷᠲᠡᠭ᠎ᠦᠨ ᠤᠷᠢᠶᠠᠯᠠᠬᠤ ᠬᠦᠴᠦᠨ᠂ ᠳᠡᠯᠡᠬᠡᠶ ᠳᠡᠭᠡᠷᠡᠬᠢ ᠨᠥᠯᠥᠭᠡᠯᠡᠬᠦ᠌ ᠬᠦᠴᠦᠨ᠎ᠲᠡᠶ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠰᠣᠶᠣᠯ᠎ᠤᠨ ᠬᠦᠴᠦᠷᠬᠡᠭ ᠣᠷᠣᠨ᠎ᠤ ᠪᠠᠢᠭᠤᠯᠤᠯᠲᠠ ᠵᠢᠨ ᠲᠤᠬᠠᠢ ᠪᠠᠢᠷᠢᠯᠠᠭᠤᠯᠤᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠲᠥᠪ ᠶᠣᠰᠣ᠎ᠶ᠋ᠢ ᠪᠠᠷᠢᠮᠲᠠᠯᠠᠬᠤ ᠪᠠ ᠱᠢᠨ᠎ᠡ᠎ᠶ᠋ᠢ ᠡᠭᠦᠳᠬᠦ᠌᠂ ᠰᠣᠶᠣᠯ᠎ᠤᠨ ᠦᠢᠯᠡᠰ᠎ᠢ ᠠᠬᠢᠭᠤᠯᠬᠤ ᠪᠠ ᠰᠣᠶᠣᠯ᠎ᠤᠨ ᠠᠵᠤ ᠦᠢᠯᠡᠰ᠎ᠢ ᠬᠥᠭ᠌ᠵᠢᠭᠦᠯᠬᠦ᠌᠂ ᠰᠦᠯᠵᠢᠶ᠎ᠡ ᠵᠢ ᠬᠡᠷᠡᠭ᠌ᠯᠡᠬᠦ᠌ ᠪᠠ ᠰᠦᠯᠵᠢᠶ᠎ᠡ᠎ᠶ᠋ᠢ ᠬᠠᠮᠢᠶᠠᠷᠬᠤ᠎ᠶ᠋ᠢᠨ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠵᠦ᠍᠂ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠪᠠᠲᠤᠯᠠᠬᠤ ᠬᠡᠷᠡᠭ᠌ᠲᠡᠢ᠃ ᠰᠣᠶᠣᠯ᠎ᠤᠨ ᠢᠲᠡᠭᠡᠯ᠎ᠢᠶᠡᠨ ᠪᠠᠲᠤᠳᠭᠠᠬᠤ ᠪᠠ ᠰᠣᠶᠣᠯ᠎ᠤᠨ ᠭᠣᠣᠯ ᠴᠣᠭ᠍ᠴᠠᠲᠤ ᠴᠢᠨᠠᠷ᠎ᠢ ᠪᠠᠲᠤ ᠰᠠᠬᠢᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢ ᠨᠢᠭ᠍ᠲᠠᠷᠠᠭᠤᠯᠤᠨ ᠰᠦᠭ ᠰᠦᠨᠡᠰᠦ᠎ᠶ᠋ᠢ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠤᠳᠤᠷᠢᠳᠭᠤ ᠡᠷᠬᠡ᠂ ᠬᠠᠮᠢᠶᠠᠷᠬᠤ ᠡᠷᠬᠡ᠂ ᠦᠭᠡ ᠬᠡᠯᠡᠬᠦ᠌ ᠡᠷᠬᠡ᠎ᠶ᠋ᠢ ᠪᠠᠲᠤ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠷᠭᠦᠯᠵᠢᠯᠡᠨ ᠪᠠᠲᠤ ᠴᠣᠭ᠍ᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠬᠡᠷᠡᠭ᠌ᠲᠡᠢ᠃ ᠴᠠᠭ ᠦᠶ᠎ᠡ᠎ᠶ᠋ᠢᠨ ᠬᠥᠭ᠌ᠵᠢᠯᠲᠡ ᠬᠤᠪᠢᠷᠠᠯᠲᠠ᠎ᠳᠤ ᠵᠣᠬᠢᠴᠠᠭᠤᠯᠤᠨ ᠠᠵᠢᠯ᠎ᠤᠨ ᠠᠷᠭ᠎ᠠ ᠬᠡᠮᠵᠢᠶ᠎ᠡ ᠪᠠ ᠠᠷᠭ᠎ᠠ ᠪᠠᠷᠢᠯ᠎ᠤᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠢᠨᠲ᠋ᠸᠷ ᠰᠦᠯᠵᠢᠶᠡᠨ᠎ᠦ ᠨᠥᠬᠥᠴᠡᠯ ᠳᠣᠣᠷᠠᠬᠢ ᠤᠯᠠᠨ ᠲᠦᠮᠨᠨᠴᠢ ᠱᠢᠨ᠎ᠡ ᠤᠳᠭ᠎ᠠ ᠤᠷᠠᠯᠢᠭ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠤᠯᠠᠨ ᠤᠯᠤᠰ᠎ᠲᠠᠬᠢ ᠰᠣᠶᠣᠯ᠎ᠤᠨ ᠳᠠᠮᠵᠢᠭᠤᠯᠭ᠎ᠠ᠎ᠶ᠋ᠢ ᠱᠢᠨ᠎ᠡ᠎ᠶ᠋ᠢ ᠡᠭᠦᠳᠦᠨ ᠠᠬᠢᠭᠤᠯᠵᠤ᠂ ᠤᠯᠤᠰ᠎ᠤᠨ ᠥᠮᠴᠢᠯᠡᠯ᠎ᠦᠨ ᠤᠳᠭ᠎ᠠ ᠤᠷᠠᠯᠢᠭ᠎ᠤᠨ ᠬᠦᠷᠢᠶᠡᠯᠡᠩ ᠪᠦᠯᠬᠦᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠰᠣᠶᠣᠯ᠎ᠤᠨ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠲᠠᠰᠤᠷᠠᠯᠳᠠ ᠦᠭᠡᠢ ᠬᠥᠭ᠌ᠵᠢᠭᠡᠬᠦ ᠬᠡᠷᠡᠭᠳᠡᠢ᠃ ᠨᠡᠢᠭᠡᠮ᠎ᠦᠨ ᠦᠷ᠎ᠡ ᠠᠱᠢᠭ᠎ᠢ ᠲᠡᠷᠢᠭᠦᠨ᠎ᠳᠤ ᠲᠠᠯᠪᠢᠬᠤ᠂ ᠨᠡᠢᠭᠡᠮ᠎ᠦᠨ ᠦᠷ᠎ᠡ ᠠᠱᠢᠭ ᠪᠣᠯᠤᠨ ᠠᠵᠤ ᠠᠬᠤᠶ᠎ᠶ᠋ᠢᠨ ᠦᠷ᠎ᠡ ᠠᠱᠢᠭ᠎ᠢ ᠬᠠᠷᠢᠯᠴᠠᠨ ᠨᠢᠭᠡᠳᠭᠡᠬᠦ᠌᠎ᠶ᠋ᠢ ᠪᠠᠷᠢᠮᠲᠠᠯᠠᠵᠤ᠂ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌ ᠢᠨᠵᠧᠨᠧᠷᠢᠩ᠎ᠢ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ 《ᠨᠤᠮ᠎ᠤᠨ ᠬᠡᠰᠢᠭᠳᠦ ᠥᠪᠥᠷ ᠮᠣᠩᠭᠣᠯ》 ᠤ᠋ᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠣᠯᠠᠨ ᠲᠦᠮᠡᠨ᠎ᠲᠡᠶ ᠣᠢᠷᠠᠲᠤᠭ᠍ᠰᠠᠨ᠂ ᠣᠯᠠᠨ ᠲᠦᠮᠡᠨ᠎ᠦ ᠳᠤᠮᠳᠠ ᠳᠡᠯᠭᠡᠷᠡᠵᠦ᠍ ᠲᠠᠭᠠᠱᠢᠶᠠᠭ᠍ᠳᠠᠭ᠍ᠰᠠᠨ ᠨᠠᠩ ᠣᠯᠠᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠍᠂ ᠠᠷᠠᠳ ᠣᠯᠠᠨ᠎ᠤ ᠣᠯᠠᠨ ᠶᠠᠩᠵᠤᠵᠢᠭ᠍ᠰᠠᠨ᠂ ᠣᠯᠠᠨ ᠲᠠᠰ ᠳᠠᠪᠬᠤᠷᠭ᠎ᠠ ᠵᠢᠨ᠂ ᠣᠯᠠᠨ ᠲᠠᠯ᠎ᠠ᠎ᠶ᠋ᠢᠨ ᠣᠶᠤᠨ᠎ᠤ ᠰᠣᠶᠣᠯ᠎ᠤᠨ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠬᠤ ᠬᠡᠷᠡᠭᠳᠡᠢ᠃ ᠮᠠᠯ ᠠᠵᠤ ᠠᠬᠤᠶ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠬᠤᠳᠠᠯᠳᠤᠭ᠎ᠠ ᠵᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠬᠢᠯᠢ ᠪᠡᠷ ᠤᠷᠤᠵᠤ ᠢᠷᠡᠭᠰᠡᠨ ᠬᠦᠮᠦᠰ᠎ᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠪᠣᠢᠵᠢᠭᠤᠯᠬᠤ᠎ᠶ᠋ᠢ ᠨᠠᠩ ᠴᠢᠬᠤᠯᠠᠴᠢᠯᠠᠨ᠂ ᠡᠯᠪᠡᠭ ᠪᠠᠶᠠᠯᠢᠭ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠪᠠ ᠰᠣᠶᠣᠯ᠎ᠤᠨ ᠥᠪ᠎ᠦᠨ ᠡᠬᠢ ᠪᠠᠶᠠᠯᠢᠭ᠎ᠢ ᠰᠠᠢᠲᠤᠷ ᠬᠠᠮᠠᠭᠠᠯᠠᠨ ᠤᠯᠠᠮᠵᠢᠯᠠᠵᠤ᠂ ᠨᠡᠭᠡᠭᠡᠨ ᠬᠥᠭ᠌ᠵᠢᠭᠦᠯᠵᠦ᠍ ᠠᠱᠢᠭ᠍ᠯᠠᠬᠤ ᠬᠡᠷᠡᠭᠳᠡᠢ᠃ ᠢᠳᠡᠪᠬᠢ ᠬᠦᠴᠦᠨ᠎ᠢ ᠲᠠᠮᠵᠢᠭᠤᠯᠬᠤ ᠠᠵᠢᠯᠯᠠᠭᠠᠨ᠎ᠤ ᠲᠥᠯᠥᠪᠯᠡᠭᠡ ᠪᠠ ᠰᠦᠯᠵᠢᠶᠡᠨ᠎ᠤ ᠳᠠᠮᠵᠢᠭᠤᠯᠭ᠎ᠠ ᠪᠡᠷ ᠬᠦᠴᠦᠨ ᠴᠢᠳᠠᠯ ᠣᠯᠭᠣᠬᠤ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠰᠦᠯᠵᠢᠶᠡᠨ ᠳᠡᠭᠡᠷᠡᠬᠢ ᠣᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠰᠦᠯᠵᠢᠶᠡᠨ᠎ᠦ ᠶᠠᠷᠢᠶ᠎ᠠ ᠬᠡᠯᠡᠯᠴᠡᠭᠡᠨ᠎ᠦ ᠪᠠᠢᠳᠠᠯ᠎ᠢ ᠠᠷᠭᠠᠴᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠰᠣᠶᠣᠯ᠎ᠤᠨ ᠬᠦᠴᠦᠷᠬᠡᠭ ᠣᠷᠣᠨ᠎ᠤ ᠪᠦᠲᠦᠭᠡᠨ ᠪᠠᠢᠭᠤᠯᠤᠯᠲᠠ᠎ᠲᠤᠮᠳᠠᠬᠢ ᠰᠦᠯᠵᠢᠶᠡᠨ᠎ᠦ 《ᠬᠠᠮᠤᠭ᠎ᠤᠨ ᠶᠡᠬᠡ ᠨᠡᠮᠡᠭ᠌ᠳᠡᠯ》 ᠤ᠋ᠨ ᠦᠶ᠋ᠯᠡᠳᠦᠯ᠎ᠢ ᠨᠠᠩ ᠰᠠᠢᠳᠤᠷ ᠪᠠᠳᠠᠷᠠᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃

ᠸᠠᠩ ᠸᠧᠢ ᠵᠦᠩ᠂ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠲᠤᠭ ᠲᠡᠮᠳᠡᠭ ᠲᠣᠳᠣᠷᠬᠠᠢ᠎ᠪᠠᠷ ᠨᠠᠮ ᠡᠴᠡ ᠤᠬᠠᠭᠤᠯᠭ᠎ᠠ᠎ᠶ᠋ᠢ ᠬᠠᠮᠢᠶᠠᠷᠬᠤ᠂ ᠨᠠᠮ ᠡᠴᠡ ᠦᠵᠡᠯ ᠤᠬᠠᠮᠰᠠᠷ᠎ᠤᠨ ᠬᠡᠯᠪᠡᠷᠢ᠎ᠶ᠋ᠢ ᠬᠠᠮᠢᠶᠠᠷᠬᠤ᠂ ᠨᠠᠮ ᠡᠴᠡ ᠵᠠᠭᠤᠴᠢᠯᠠᠭᠤᠷ᠎ᠢ ᠬᠠᠮᠢᠶᠠᠷᠬᠤ᠂ ᠨᠠᠮ ᠡᠴᠡ ᠢᠨᠲᠸᠷ ᠰᠦᠯᠵᠢᠶ᠎ᠡ᠎ᠶ᠋ᠢ ᠬᠠᠮᠢᠶᠠᠷᠬᠤ᠎ᠶ᠋ᠢ ᠪᠠᠷᠢᠮᠲᠠᠯᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠵᠢᠭ᠍ᠰᠠᠭᠠᠯ᠎ᠤᠨ ᠭᠠᠵᠠᠷ᠎ᠢ ᠨᠠᠮ ᠪᠣᠯᠤᠨ ᠠᠷᠠᠳ ᠲᠦᠮᠡᠨ᠎ᠤ ᠭᠠᠷ ᠲᠤ᠌ ᠪᠠᠲᠤ ᠡᠵᠡᠮᠳᠡᠬᠦ᠌ ᠵᠢ ᠪᠠᠳᠤᠯᠠᠬᠤ ᠬᠡᠷᠡᠭ᠌ᠲᠡᠢ᠃ ᠨᠠᠮ᠎ᠤᠨ ᠬᠤᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠵᠢᠨ ᠭᠣᠣᠯ ᠬᠠᠷᠢᠭᠤᠴᠠᠯᠭᠠᠲᠠᠨ ᠨᠥᠬᠥᠳ ᠲᠦᠷᠦᠭᠦᠯᠡᠨ ᠴᠢᠭ᠌ᠯᠡᠯ᠎ᠢ ᠡᠵᠡᠮᠳᠡᠵᠦ᠍᠂ ᠤᠳᠤᠷᠢᠳᠤᠮᠵᠢ᠎ᠶ᠋ᠢ ᠠᠳᠭᠤᠵᠤ᠂ ᠵᠢᠭ᠍ᠰᠠᠭᠠᠯ᠎ᠤᠨ ᠭᠠᠵᠠᠷ᠎ᠢ ᠬᠠᠮᠢᠶᠠᠷᠴᠤ᠌᠂ ᠡᠩᠨᠡᠭᠡ᠎ᠵᠢ ᠬᠦᠴᠦᠷᠬᠡᠭ᠌ᠵᠢᠭᠦᠯᠵᠦ᠍᠂ ᠪᠣᠳᠠᠲᠠᠢ ᠠᠵᠢᠯᠯᠠᠭ᠍ᠴᠢ ᠪᠣᠯᠬᠤ᠎ᠪᠠᠷ ᠪᠠᠷᠠᠬᠤ ᠦᠭᠡᠢ ᠪᠠᠰᠠ ᠰᠠᠢᠨ ᠤᠬᠠᠭᠤᠯᠤᠭ᠍ᠴᠢ ᠪᠣᠯᠬᠤ ᠬᠡᠷᠡᠭ᠌ᠲᠡᠢ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠰᠠᠯᠠᠭ᠎ᠠ ᠮᠥᠴᠢᠷ᠎ᠤᠨ ᠬᠢᠨ ᠰᠣᠶᠣᠯ᠎ᠤᠨ ᠪᠠᠢᠭᠤᠯᠤᠯᠲᠠ᠎ᠶ᠋ᠢᠨ ᠡᠯ᠎ᠡ ᠵᠦᠢᠯ᠎ᠦᠨ ᠡᠭᠦᠷᠭᠡ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠥᠪ᠎ᠦᠨ ᠲᠣᠭᠣᠷᠢᠨ ᠪᠠᠢᠴᠠᠭᠠᠯᠲᠠ ᠵᠢᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠲᠤᠰᠭᠠᠢ ᠪᠠᠢᠴᠠᠭᠠᠵᠤ ᠬᠠᠷᠢᠭᠤ ᠲᠤᠰᠭᠠᠭ᠍ᠰᠠᠨ ᠰᠠᠨᠠᠯ ᠶᠤᠰᠤᠭᠠᠷ ᠴᠡᠭ᠌ᠴᠡᠯᠡᠨ ᠰᠠᠢᠵᠢᠷᠠᠭᠤᠯᠬᠤ ᠠᠵᠢᠯ᠎ᠢ ᠲᠦᠷᠦᠭᠦᠯᠡᠨ ᠰᠠᠢᠲᠤᠷ ᠬᠢᠬᠦ᠌ ᠬᠡᠷᠡᠭ᠌ᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠰᠠᠨᠠᠭᠠᠴᠢᠯᠠᠭ᠎ᠠ ᠡᠴᠡ᠎ᠪᠠᠨ ᠤᠷᠢᠳᠴᠢᠯᠠᠨ ᠬᠢᠵᠦ᠂ ᠢᠳᠡᠪᠬᠢᠲᠡᠶ ᠬᠠᠮᠵᠢᠯᠴᠠᠨ᠂ ᠪᠦᠬᠦᠯᠢ ᠴᠣᠭ᠍ᠴᠠ᠎ᠶ᠋ᠢᠨ ᠬᠠᠮᠳᠤᠷᠠᠯ ᠬᠦᠴᠦᠨ᠎ᠢ ᠪᠣᠶ ᠪᠣᠯᠭᠠᠬᠤ ᠬᠡᠷᠡᠭ᠌ᠲᠡᠶ᠃ ᠡᠯ᠎ᠡ ᠱᠠᠲᠤᠨ᠎ᠤ ᠬᠢᠨ ᠬᠤᠭᠤᠴᠠᠭ᠎ᠠ ᠰᠣᠯᠢᠬᠤ ᠠᠵᠢᠯ᠎ᠲᠠᠶ ᠤᠶᠠᠯᠳᠤᠭᠤᠯᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠡᠩᠨᠡᠭᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠵᠤ᠂ ᠤᠯᠤᠰ ᠲᠦᠷᠦ᠍᠎ᠶ᠋ᠢᠨ ᠲᠠᠯ᠎ᠠ᠎ᠪᠠᠷ ᠴᠠᠭᠠᠷᠠᠭ᠍ᠰᠠᠨ᠂ ᠡᠷᠳᠡᠮ ᠴᠢᠳᠠᠪᠤᠷᠢ᠎ᠶ᠋ᠢᠨ ᠲᠠᠯ᠎ᠠ᠎ᠪᠠᠷ ᠰᠢᠯᠭᠠᠷᠠᠭᠰᠠᠨ᠂ ᠦᠨᠡᠨ᠎ᠢ ᠪᠠᠷᠢᠮᠲᠠᠯᠠᠨ ᠱᠢᠨ᠎ᠡ᠎ᠶ᠋ᠢ ᠡᠭᠦᠳᠬᠦ᠂ ᠢᠯᠠᠭᠤᠭ᠍ᠰᠠᠨ ᠲᠠᠢ᠌ᠨ ᠬᠢᠵᠦ᠍ ᠴᠢᠳᠠᠬᠤ ᠰᠣᠶᠣᠯ᠎ᠤᠨ ᠲᠡᠮᠦᠷ ᠴᠡᠷᠢᠭ᠎ᠢ ᠪᠠᠢᠭᠤᠯᠬᠤ ᠬᠡᠷᠡᠭ᠌ᠲᠡᠢ ᠭᠡᠵᠦ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号