ᠤᠯᠠᠭᠠᠨᠬᠠᠳᠠ ᠬᠤᠳᠠ ᠤᠯᠠᠨ ᠤᠯᠤᠰ᠎ᠤᠨ ᠲᠤᠲᠤᠭᠠᠲᠤ ᠬᠠᠭᠤᠷᠠᠢ ᠵᠢᠨ ᠭᠠᠷᠠᠮ᠎ᠢ ᠦᠨᠳᠦᠷ ᠪᠠᠷᠢᠮᠵᠢᠶ᠎ᠠ᠎ᠪᠠᠷ ᠪᠠᠢᠭᠤᠯᠵᠤ ᠪᠤᠢ
2026-03-28 11:48:27
ᠵᠣᠬᠢᠶᠠᠭ᠍ᠴᠢ᠄
​ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠯᠠᠢᠰᠢᠨ ᠰᠢᠪᠲᠤᠷᠲᠤ ᠬᠦᠴᠢᠯ᠂ ᠰᠷᠸᠤ᠋ ᠰᠢᠪᠲᠤᠷᠲᠤ ᠬᠦᠴᠢᠯ᠂ ᠠᠮᠲᠠ ᠵᠢᠨ ᠣᠬᠢ ᠵᠡᠷᠭᠡ ᠭᠠᠳᠠᠭᠠᠳᠤ᠎ᠳᠤ ᠭᠠᠷᠭᠠᠬᠤ ᠦᠢᠯᠡᠳᠬᠦᠨ᠎ᠢ 30 ᠪᠠᠷᠢᠮᠵᠢᠶᠠᠲᠤ ᠴᠢᠩᠭᠡᠯᠢᠭ ᠠᠴᠢᠶᠠᠯᠠᠭᠰᠠᠨ᠂ ᠶᠡᠷᠦᠩᠬᠡᠢ ᠪᠠᠷᠠᠭᠠᠨ᠎ᠤ ᠥᠷᠲᠡᠭ ᠨᠢ 220 ᠭᠠᠷᠤᠢ ᠲᠦᠮᠡᠨ ᠲᠥᠭᠦᠷᠢᠭ ᠪᠦᠬᠦᠢ ᠴᠢᠩᠬᠡᠯᠢᠭᠳᠤ ᠵᠢᠱᠢᠶᠠᠨ᠎ᠤ ᠭᠠᠯᠲᠤ ᠲᠡᠷᠭᠡ ᠲᠦᠷᠦᠭᠦᠭᠡᠨ ᠤᠯᠠᠭᠠᠨᠬᠠᠳᠠ᠎ᠶ᠋ᠢᠨ ᠤᠯᠠᠨ ᠤᠯᠤᠰ᠎ᠤᠨ ᠲᠤᠲᠤᠭᠠᠲᠤ ᠬᠠᠭᠤᠷᠠᠢ ᠵᠢᠨ ᠭᠠᠷᠠᠮ᠎ᠠᠴᠠ ᠪᠦᠷᠢᠶ᠎ᠡ ᠬᠠᠩᠭᠢᠨᠠᠭᠤᠯᠤᠨ ᠮᠤᠷᠳᠠᠯ᠎ᠠ᠃ ᠵᠢᠱᠢᠶᠡᠨ᠎ᠤ ᠭᠠᠯᠲᠤ ᠲᠡᠷᠭᠡ ᠲᠢᠶᠠᠨᠵᠢᠨ ᠭᠠᠷᠠᠮ ᠳ᠋ᠤ ᠬᠦᠷᠦᠭᠰᠡᠨ᠎ᠤ ᠳᠠᠷᠠᠭ᠎ᠠ ᠪᠠᠷᠠᠭ᠎ᠠ ᠪᠠᠨ ᠰᠢᠭᠤᠳ ᠤᠩᠭᠤᠴᠠᠨ ᠳ᠋ᠤ ᠲᠡᠭᠡᠭᠡᠪᠦᠷᠢᠯᠡᠵᠦ᠂ ᠸᠢᠶᠧᠲ᠋ᠨᠠᠮ᠂ ᠡᠨᠡᠳᠭᠡᠭ ᠵᠡᠷᠭᠡ ᠤᠯᠤᠰ᠎ᠲᠤ ᠬᠦᠷᠭᠡᠬᠦ ᠪᠤᠯᠤᠨ᠎ᠠ᠃ 《〈ᠨᠢᠭᠡ ᠲᠡᠭᠡᠭᠡᠪᠦᠷᠢᠯᠡᠬᠦ ᠬᠠᠭᠤᠳᠠᠰᠤ ᠪᠡᠷ ᠡᠬᠢᠨ᠎ᠤ ᠦᠷᠲᠡᠭᠡ ᠡᠴᠡ ᠡᠴᠦᠰ᠎ᠤᠨ ᠦᠷᠲᠡᠭᠡᠨ ᠳ᠋ᠤ ᠬᠦᠷᠭᠡᠬᠦ〉ᠲᠡᠮᠦᠷ ᠵᠠᠮ ᠲᠡᠯᠡᠶ ᠲᠠᠩᠭᠢᠰ᠎ᠤᠨ ᠬᠠᠮᠲᠤᠷᠠᠭ᠍ᠰᠠᠨ ᠲᠡᠭᠡᠭᠡᠪᠦᠷᠢ᠎ᠶ᠋ᠢᠨ ᠵᠠᠭ᠍ᠪᠤᠷ᠎ᠨᠢ ᠪᠥᠬᠦ᠌ ᠶᠠᠪᠤᠴᠠ᠎ᠶ᠋ᠢᠨ ᠲᠡᠭᠡᠭᠡᠪᠦᠷᠢ᠎ᠶ᠋ᠢᠨ ᠴᠠᠭ᠎ᠢ 3 ᠡᠳᠦᠷ ᠪᠣᠭᠤᠨᠢᠰᠭᠠᠵᠤ᠂ ᠥᠪᠡᠷ᠎ᠤᠨ ᠥᠷᠲᠡᠭ᠎ᠢ 20% ᠎ᠪᠠᠷ ᠪᠠᠭᠤᠷᠠᠭᠤᠯᠤᠨ᠎ᠠ》 ᠭᠡᠵᠦ ᠳᠠᠭᠠᠭᠠᠨ ᠲᠡᠭᠡᠭᠡᠪᠦᠷᠢᠯᠡᠭᠰᠡᠨ ᠠᠵᠤ ᠠᠬᠤᠢᠯᠠᠯ ᠤᠯᠠᠭᠠᠨᠬᠠᠳᠠ᠎ᠶ᠋ᠢᠨ ᠬᠤᠩ ᠱᠠᠨ ᡁᠢ ᠶᠦᠨ ᠡᠳ᠋ ᠪᠠᠷᠠᠭᠠᠨ᠎ᠤ ᠭᠦᠢᠯᠭᠡᠭᠡᠨ᠎ᠤ ᠬᠢᠵᠠᠭᠠᠷᠲᠤ ᠺᠤᠮᠫᠠᠨᠢ ᠎ᠶ᠋ᠢᠨ ᠶᠡᠷᠦᠩᠬᠡᠶ ᠳᠠᠭᠠᠭᠠᠮᠠᠯ ᠯᠦ᠍ ᠰᠧ ᠮᠢᠩ ᠶᠠᠷᠢᠨ᠎ᠠ ᠃

ᠡᠬᠡ ᠬᠠᠭᠤᠷᠠᠢ ᠪᠠ ᠳᠠᠯᠠᠢ᠎ᠶ᠋ᠢᠨ ᠨᠡᠪᠲᠡᠷᠡᠬᠦ ᠵᠠᠮ᠎ᠢ ᠥᠷᠭᠡᠳᠭᠡᠬᠦ᠌᠎ᠶ᠋ᠢᠨ ᠲᠥᠯᠥᠭᠡ ᠤᠯᠠᠭᠠᠨᠬᠠᠳᠠ ᠬᠤᠲᠠ 2024 ᠣᠨ᠎ᠤ 4 ᠰᠠᠷ᠎ᠠ᠎ᠳᠤ ᠤᠯᠠᠭᠠᠨᠬᠠᠳᠠ᠎ᠶ᠋ᠢᠨ ᠣᠯᠠᠨ ᠤᠯᠤᠰ᠎ᠤᠨ ᠬᠠᠭᠤᠷᠠᠢ᠎ᠭᠠᠷᠠᠮ᠎ᠠᠴᠠ ᠲᠢᠶᠠᠨᠵᠢᠨ ᠭᠠᠷᠠᠮ᠂ ᠳ᠋ᠠᠯᠢᠶᠠᠨ ᠭᠠᠷᠠᠮ᠎ᠳᠤ ᠬᠦᠷᠬᠦ᠌ 《ᠵᠠᠰᠠᠮᠠᠯ ᠵᠠᠮ᠎ᠠᠴᠠ ᠲᠡᠮᠦᠷ ᠵᠠᠮ ᠪᠤᠯᠭᠠᠨ ᠬᠤᠪᠢᠷᠠᠭᠤᠯᠬᠤ》 ᠴᠢᠩᠭᠡᠯᠢᠭᠳᠤ ᠵᠢᠱᠢᠶᠠᠨ᠎ᠤ ᠭᠠᠯᠲᠤ ᠲᠡᠷᠭᠡ᠎ᠶ᠋ᠢ ᠨᠡᠭᠡᠭᠡᠵᠦ᠍᠂ ᠲᠤᠬᠠᠢ ᠵᠢᠨ ᠭᠠᠵᠠᠷ᠎ᠤᠨ ᠦᠢᠯᠡᠳᠪᠦᠷᠢᠯᠡᠭ᠌ᠰᠡᠨ ᠯᠠᠢᠰᠢᠨ ᠠᠮᠢᠨᠤ᠋ ᠬᠦᠴᠢᠯ᠂ ᠡᠷᠳᠡᠨᠢ ᠱᠢᠰᠢ᠎ᠶ᠋ᠢᠨ ᠤᠭᠤᠷᠠᠭ ᠵᠡᠷᠭᠡ ᠪᠦᠲᠦᠭᠡᠭ᠌ᠳᠡᠬᠦᠨ᠎ᠢ ᠭᠠᠳᠠᠭᠰᠢ ᠲᠡᠭᠡᠭᠡᠪᠦᠷᠢᠯᠡᠨ ᠪᠤᠷᠤᠯᠠᠭᠤᠯᠵᠠᠢ᠃ 2025 ᠣᠨ᠎ᠳᠤ ᠤᠯᠠᠭᠠᠨᠬᠠᠳᠠ ᠬᠤᠲᠠ ᠲᠡᠮᠦᠷ ᠵᠠᠮ ᠲᠡᠯᠡᠶ ᠲᠠᠩᠭᠢᠰ᠎ᠤᠨ ᠬᠠᠮᠲᠤᠷᠠᠭ᠍ᠰᠠᠨ ᠲᠡᠭᠡᠭᠡᠪᠦᠷᠢ᠎ᠶ᠋ᠢᠨ ᠴᠢᠩᠭᠡᠯᠢᠭᠳᠤ ᠵᠢᠰᠢᠶᠡᠨ᠎ᠤ ᠭᠠᠯᠲᠤ ᠲᠡᠷᠭᠡ᠎ᠶ᠋ᠢ ᠨᠡᠢᠲᠡ 223 ᠡᠭᠡᠯᠵᠢ ᠬᠦᠳᠡᠯᠭᠡᠵᠦ᠂ 3760 ᠪᠠᠷᠢᠮᠵᠢᠶᠠᠲᠤ ᠴᠢᠩᠭᠡᠯᠢᠭ᠎ᠢ ᠲᠡᠭᠡᠭᠡᠪᠦᠷᠢᠯᠡᠨ ᠬᠦᠷᠭᠡᠵᠦ᠍᠂ ᠪᠠᠷᠠᠭᠠᠨ᠎ᠤ ᠥᠷᠲᠡᠭ᠎ᠨᠢ 3.3 ᠳ᠋ᠦᠩᠱᠢᠭᠤᠷ ᠲᠥᠭᠦᠷᠢᠭ᠎ᠲᠤ ᠬᠦᠷᠪᠡ᠃

ᠤᠮᠠᠷᠠᠲᠤ ᠣᠷᠣᠨ ᠬᠢᠭᠡᠳ ᠵᠡᠭᠦᠨ ᠬᠤᠢᠲᠤ ᠣᠷᠣᠨ᠎ᠤ ᠱᠢᠯᠵᠢᠯᠲᠡ᠎ᠶ᠋ᠢᠨ ᠪᠦᠰᠡᠨ᠎ᠳᠤ ᠪᠠᠢᠷᠢᠯᠠᠵᠤ ᠪᠠᠢᠭ᠎ᠠ ᠤᠯᠠᠭᠠᠨᠬᠠᠳᠠ ᠪᠣᠯ ᠳᠤᠮᠳᠠᠳᠤ ᠮᠣᠩᠭᠤᠯ ᠣᠷᠣᠰ ᠭᠤᠷᠪᠠᠨ ᠤᠯᠤᠰ᠎ᠤᠨ ᠠᠵᠤ ᠠᠬᠤᠶ᠎ᠶ᠋ᠢᠨ ᠬᠤᠩᠭᠢᠯ᠎ᠤᠨ ᠴᠢᠬᠤᠯᠠ ᠵᠠᠩᠭᠢᠯᠠᠭ᠎ᠠ᠎ᠶ᠋ᠢᠨ ᠴᠡᠭ ᠪᠣᠯᠬᠤ ᠪᠥᠭᠡᠳ ᠨᠠᠩ ᠴᠤ᠌ ᠥᠪᠥᠷ ᠮᠣᠩᠭᠤᠯ᠎ᠤᠨ ᠳᠠᠯᠠᠢ᠎ᠳᠤ ᠭᠠᠷᠬᠤ ᠭᠠᠷᠠᠮ᠎ᠠᠴᠠ ᠬᠠᠮᠤᠭ᠎ᠤᠨ ᠣᠢᠷᠠᠬᠠᠨ ᠭᠠᠵᠠᠷ ᠣᠷᠣᠨ ᠪᠤᠯᠤᠨ᠎ᠠ᠃ ᠤᠯᠠᠭᠠᠨᠬᠠᠳᠠ ᠵᠢᠨᠵᠧᠦ ᠭᠠᠷᠠᠮ᠎ᠠᠴᠠ 250 ᠺᠢᠯᠣᠮᠧᠲᠷ᠂ ᠲᠢᠶᠠᠨᠵᠢᠨ ᠭᠠᠷᠠᠮ᠎ᠠᠴᠠ 370 ᠺᠢᠯᠣᠮᠧᠲᠷ ᠵᠠᠢᠲᠠᠶ ᠪᠠᠢᠵᠤ᠂ ᠡᠷᠲᠡᠨ᠎ᠠᠴᠠ 《ᠲᠤᠲᠤᠭᠠᠲᠤ ᠬᠠᠭᠤᠷᠠᠢ ᠵᠢᠨ ᠭᠠᠷᠠᠮ 》 ᠭᠡᠳᠡᠭ ᠴᠤᠯᠠ ᠲᠠᠢ᠃ ᠡᠨᠡ ᠬᠦ᠌ ᠣᠷᠣᠨ ᠪᠠᠢᠷᠢ᠎ᠶ᠋ᠢᠨ ᠳᠠᠪᠠᠭᠤᠯᠢᠭ᠎ᠲᠤ ᠰᠠᠭᠤᠷᠢᠯᠠᠨ᠂ ᠤᠯᠠᠭᠠᠨᠬᠠᠳᠠ ᠬᠤᠲᠠ 《ᠤᠮᠠᠷᠠᠰᠢ ᠨᠡᠭᠡᠭᠡᠯᠲᠡ ᠬᠢᠵᠦ᠍᠂ ᠡᠮᠦᠨᠠᠰᠢ ᠲᠡᠯᠡᠶ ᠵᠦᠭ ᠤᠷᠤᠭᠰᠢᠯᠠᠬᠤ》 ᠭᠤᠣᠯ ᠪᠠᠢᠯᠳᠤᠬᠤ ᠪᠣᠳᠣᠯᠭ᠎ᠠ᠎ᠶ᠋ᠢ ᠲᠣᠭ᠍ᠲᠠᠭᠠᠵᠤ᠂ ᠣᠯᠠᠨ ᠤᠯᠤᠰ᠎ᠤᠨ ᠲᠤᠲᠤᠭᠠᠲᠤ ᠬᠠᠭᠤᠷᠠᠶ ᠵᠢᠨ ᠭᠠᠷᠠᠮ᠎ᠤᠨ ᠪᠦᠲᠦᠭᠡᠨ ᠪᠠᠢᠭᠤᠯᠤᠯᠲᠠ᠎ᠪᠠᠷ ᠲᠤᠯᠭᠠᠭᠤᠷᠢᠯᠠᠬᠤ ᠴᠡᠭ ᠪᠣᠯᠭᠠᠨ᠂ ᠤᠮᠠᠷᠠᠰᠢ ᠪᠠᠨ ᠬᠠᠭᠤᠷᠠᠶ ᠵᠠᠮ᠎ᠤᠨ ᠪᠣᠭᠤᠮᠲᠠ ᠵᠢ ᠨᠡᠪᠲᠡᠷᠡᠭᠦᠯᠵᠦ᠂  ᠡᠮᠦᠨᠡᠰᠢ ᠪᠠᠨ ᠳᠠᠯᠠᠶ᠎ᠳᠤ ᠭᠠᠷᠬᠤ ᠵᠠᠮ᠎ᠢ ᠨᠡᠪᠲᠡᠷᠡᠭᠦᠯᠵᠦ᠍᠂ ᠳᠣᠲᠣᠭᠠᠳᠤ ᠬᠠᠭᠤᠷᠠᠶ᠎ᠶ᠋ᠢᠨ ᠥᠷᠥᠴᠡ ᠭᠠᠵᠠᠷ᠎ᠤᠨ ᠬᠡᠯᠪᠡᠷᠢ᠎ᠪᠠᠨ ᠬᠤᠪᠢᠷᠠᠭᠤᠯᠬᠤ᠎ᠶ᠋ᠢ ᠠᠮᠵᠢᠯᠲᠠ᠎ᠲᠠᠢ᠎ᠠᠬᠢᠭᠤᠯᠪᠠ᠃

ᠣᠳᠣᠬᠠᠨ᠎ᠳᠤ ᠤᠯᠠᠭᠠᠨᠬᠠᠳᠠ᠎ᠶ᠋ᠢᠨ ᠣᠯᠠᠨ ᠤᠯᠤᠰ᠎ᠤᠨ ᠲᠤᠲᠤᠭᠠᠲᠤ ᠬᠠᠭᠤᠷᠠᠶ᠎ᠵᠢᠨ  ᠭᠠᠷᠠᠮ ᠨᠢ ᠲᠢᠶᠠᠨᠵᠢᠨ᠂ ᠳ᠋ᠠᠯᠢᠶᠠᠨ ᠭᠠᠷᠠᠮ ᠵᠦᠭ ᠪᠠᠢᠩᠭᠤ ᠵᠢᠱᠢᠶᠠᠨ᠎ᠤ ᠭᠠᠯᠲᠤ ᠲᠡᠷᠭᠡ ᠶᠠᠪᠤᠭᠤᠯᠬᠤ᠎ᠠᠴᠠ ᠭᠠᠳᠠᠨ᠎ᠠ ᠳᠤᠮᠳᠠ ᠠᠽᠢᠶ᠎ᠠ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠴᠦ᠍ ᠥᠨᠳᠥᠷ ᠪᠦᠲᠦᠮᠵᠢᠲᠡᠶ᠎ᠨᠡᠪᠲᠡᠷᠡᠵᠦ᠍᠂ ᠤᠯᠠᠭᠠᠨᠬᠠᠳᠠ᠎ᠶ᠋ᠢᠨ ᠪᠦᠲᠦᠭᠡᠭ᠌ᠳᠡᠬᠦᠨ᠎ᠢ ᠳᠤᠮᠳᠠ ᠠᠽᠢᠶ᠎ᠠ᠎ᠶ᠋ᠢᠨ ᠲᠠᠪᠤᠨ ᠤᠯᠤᠰ ᠵᠢᠴᠢ ᠣᠷᠣᠰ ᠵᠡᠷᠭᠡ ᠤᠯᠤᠰ᠎ᠲᠤ ᠲᠠᠰᠤᠷᠠᠯᠲᠠ ᠥᠬᠡᠶ ᠬᠦᠷᠭᠡᠵᠦ ᠪᠤᠢ᠃ ᠣᠲᠣ ᠪᠣᠯᠲᠠᠯ᠎ᠠ ᠳᠤᠮᠳᠠᠳᠤ ᠧᠦ᠋ᠷᠣᠫᠠ᠂ ᠳᠤᠮᠳᠠ ᠠᠽᠢᠶ᠎ᠠ᠎ᠶ᠋ᠢᠨ ᠵᠢᠰᠢᠶᠡᠨ᠎ᠤ ᠭᠠᠯᠲᠤ ᠲᠡᠷᠭᠡ ᠨᠢᠭᠡᠨᠲᠡ 64 ᠡᠭᠡᠯᠵᠢ ᠨᠡᠪᠲᠡᠷᠡᠵᠦ᠍᠂ ᠠᠴᠢᠶᠠᠯᠠᠨ ᠲᠡᠭᠡᠭᠡᠪᠦᠷᠢᠯᠡᠭᠰᠡᠨ ᠪᠠᠷᠢᠮᠵᠢᠶᠠᠲᠤ ᠴᠢᠩᠭᠡᠯᠢᠭ 6354 ᠬᠦᠷᠴᠦ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠪᠠᠷᠠᠭᠠᠨ᠎ᠤ ᠥᠷᠲᠡᠭ᠎ᠨᠢ 8.07 ᠳ᠋ᠦᠩᠱᠢᠭᠤᠷ ᠲᠥᠭᠦᠷᠢᠭ᠎ᠲᠤ ᠬᠦᠷᠴᠦ᠍᠂ ᠣᠷᠣᠨ ᠪᠦᠰᠡ᠎ᠶ᠋ᠢᠨ ᠭᠠᠳᠠᠭ᠍ᠰᠢ ᠴᠢᠭ᠌ᠯᠡᠭᠦᠯᠦᠭ᠌ᠰᠡᠨ ᠠᠵᠤ ᠠᠬᠤᠶ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠪᠡ᠃

ᠵᠠᠮ ᠱᠤᠭᠤᠮ᠎ᠢ ᠲᠠᠰᠤᠷᠠᠯᠲᠡ ᠦᠭᠡᠢ ᠦᠷᠭᠡᠳᠭᠡᠵᠦ ᠪᠠᠢᠭ᠎ᠠ ᠵᠢᠨ ᠠᠷᠤ ᠳ᠋ᠤ ᠭᠠᠳᠠᠭ᠍ᠱᠢ ᠨᠡᠭᠡᠬᠡᠯᠲᠡ ᠬᠢᠬᠦ ᠲᠠᠪᠴᠠᠩ᠎ᠤ᠋ᠨ ᠪᠠᠲᠤ ᠪᠡᠬᠢ ᠲᠤᠯᠭᠠᠭᠤᠷᠢᠯᠠᠯ ᠪᠤᠢ᠃ ᠥᠪᠡᠷᠲᠡᠭᠡᠨ ᠵᠠᠰᠠᠬᠤ ᠣᠷᠣᠨ᠎ᠤ B ᠬᠡᠯᠪᠡᠷᠢ᠎ᠶ᠋ᠢᠨ ᠭᠠᠢᠯᠢ ᠪᠠᠲᠤᠯᠠᠬᠤ ᠪᠠᠷᠠᠭᠠᠨ᠎ᠤ ᠭᠦᠢᠯᠭᠡᠭᠡᠨ᠎ᠤ ᠲᠥᠪ — ᠤᠯᠠᠭᠠᠨᠬᠠᠳᠠ᠎ᠶ᠋ᠢᠨ ᠭᠠᠢᠯᠢ ᠪᠠᠲᠤᠯᠠᠬᠤ ᠪᠠᠷᠠᠭᠠᠨ᠎ᠤ ᠭᠦᠢᠯᠭᠡᠭᠡᠨ᠎ᠤ ᠲᠥᠪ ᠲᠥᠷᠥ᠎ᠶ᠋ᠢᠨ ᠪᠣᠳᠣᠯᠭ᠎ᠠ᠎ᠶ᠋ᠢᠨ ᠳᠠᠪᠠᠭᠤᠯᠢᠭ᠎ᠲᠤ ᠲᠦᠱᠢᠭ᠌ᠯᠡᠨ ᠤᠯᠠᠭᠠᠨᠬᠠᠳᠠ ᠬᠤᠲᠠ᠎ᠶ᠋ᠢᠨ ᠡᠳ᠋ᠱᠢᠭᠦᠯᠦᠨ ᠪᠣᠯᠪᠠᠰᠤᠷᠠᠭᠤᠯᠬᠤ ᠠᠷᠠᠯᠵᠢᠶ᠎ᠠ᠂ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭ᠎ᠠ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠶᠡᠭᠡ᠎ᠪᠠᠷ ᠪᠤᠢᠵᠢᠭᠤᠯᠵᠤ᠂ ᠳᠤᠮᠳᠠᠳᠤ ᠤᠯᠤᠰ(ᠤᠯᠠᠭᠠᠨᠬᠠᠳᠠ)ᠤ᠋ᠨ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠣᠷᠣᠨ᠎ᠢ 2023 ᠣᠨ᠎ᠳᠤ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠲᠤᠬᠠᠢᠯᠠᠭ᠍ᠰᠠᠨ ᠠᠵᠢᠯ᠎ᠤᠨ ᠵᠠᠭ᠍ᠪᠤᠷ᠎ᠢ ᠪᠦᠬᠦᠨ᠎ᠢ ᠬᠠᠮᠤᠷᠬᠤ᠎ᠶ᠋ᠢ ᠪᠡᠶᠡᠯᠡᠭᠦᠯᠵᠡᠢ᠃ 2024 ᠣᠨ᠎ᠳᠤ ᠤᠯᠠᠭᠠᠨᠬᠠᠳᠠ ᠬᠤᠲᠠ 《9610》ᠱᠢᠭᠤᠳ ᠭᠤᠪᠢᠭᠤᠯᠬᠤ +TIR ᠎ᠶ᠋ᠢᠨ ᠬᠢᠯᠢ ᠰᠤᠨᠳᠠᠯᠠᠨ ᠱᠢᠭᠤᠳ ᠬᠥᠷᠬᠦ᠌ ᠬᠤᠤᠰ ᠨᠡᠪᠲᠡᠷᠡᠬᠦ᠌ ᠵᠠᠮ᠎ᠤᠨ ᠱᠢᠨ᠎ᠡ᠎ᠶ᠋ᠢ ᠡᠭᠦᠳᠴᠦ᠍᠂ TIR ᠣᠯᠠᠨ ᠤᠯᠤᠰ᠎ᠤᠨ ᠵᠠᠰᠠᠮᠠᠯ ᠵᠠᠮ᠎ᠤᠨ ᠲᠡᠭᠡᠭᠡᠪᠦᠷᠢ᠎ᠶ᠋ᠢᠨ ᠱᠤᠭᠤᠮ᠎ᠢ ᠨᠡᠪᠲᠡᠷᠡᠭᠦᠯᠵᠦ᠍᠂ ᠲᠡᠮᠦᠷ ᠵᠠᠮ᠎ᠠᠴᠠ ᠭᠠᠳᠠᠨᠠᠬᠢ ᠣᠯᠠᠨ ᠤᠯᠤᠰ᠎ᠤᠨ ᠬᠤᠶᠠᠳᠤᠭᠠᠷ ᠲᠡᠭᠡᠭᠡᠪᠦᠷᠢ᠎ᠶ᠋ᠢᠨ ᠲᠤᠰᠭᠠᠶ ᠱᠤᠭᠤᠮ᠎ᠢ ᠨᠡᠭᠡᠭᠡᠪᠡ᠃                    

《ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠠᠪᠴᠠᠩ ᠳ᠋ᠤ ᠨᠢᠭᠡᠨᠲᠡ 232 ᠠᠵᠤ ᠠᠬᠤᠢᠯᠠᠯ᠎ᠳᠠᠩᠰᠠᠯᠠᠭᠤᠯᠵᠤ᠂  ᠲᠠᠪᠴᠠᠩ᠎ᠢ ᠮᠠᠨᠵᠤᠤᠷ ᠪᠣᠭᠤᠮᠲᠠ᠎ᠶ᠋ᠢᠨ ᠲᠤᠭ᠎ᠠ ᠪᠠᠷᠢᠮᠲᠠ᠎ᠶ᠋ᠢᠨ ᠵᠠᠩᠭᠢᠯᠠᠭ᠎ᠠ᠎ᠶ᠋ᠢᠨ ᠴᠡᠭ᠎ᠲᠠᠢ ᠠᠮᠵᠢᠯᠲᠠ᠎ᠲᠠᠢ ᠵᠣᠯᠭᠠᠭᠤᠯᠵᠤ᠂ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠂ ᠲᠤᠭ᠎ᠠ ᠪᠦᠷᠢᠳᠭᠡᠯ᠎ᠢ ᠬᠢᠨᠠᠨ ᠬᠡᠮᠵᠢᠬᠦ᠌ ᠵᠡᠷᠭᠡ ᠴᠢᠳᠠᠮᠵᠢ᠎ᠶ᠋ᠢᠨ ᠬᠤᠷᠠᠮᠳᠤᠯ᠎ᠢ ᠪᠡᠶᠡᠯᠡᠭᠦᠯᠪᠡ᠃ 2025 ᠣᠨ᠎ᠳᠤ ᠤᠯᠠᠭᠠᠨᠬᠠᠳᠠ ᠬᠤᠲᠠ᠎ᠶ᠋ᠢᠨ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠶᠡᠷᠦᠩᠬᠡᠢ ᠬᠡᠮᠵᠢᠶ᠎ᠡ ᠨᠢ 9.92 ᠳ᠋ᠦᠩᠱᠢᠭᠤᠷ ᠲᠥᠭᠦᠷᠢᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 94.5% ᠎ᠪᠠᠷ ᠨᠡᠮᠡᠭ᠌ᠳᠡᠪᠡ》 ᠭᠡᠵᠦ ᠳᠤᠮᠳᠠᠳᠤ ᠤᠯᠤᠰ (ᠤᠯᠠᠭᠠᠨᠬᠠᠳᠠ) ᠤ᠋ᠨ ᠬᠢᠯᠢ ᠰᠤᠨᠳᠠᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠦᠢᠯᠡᠴᠢᠯᠡᠭᠡᠨ᠎ᠤ ᠲᠠᠪᠴᠠᠩ᠎ᠤᠨ ᠬᠤᠳᠠᠯᠳᠤᠭᠠᠨ᠎ᠤ ᠶᠠᠪᠤᠳᠠᠯ᠎ᠤᠨ ᠳᠠᠭᠠᠭᠠᠮᠠᠯ ᠵᠦ᠍ ᠨᠠᠨ ᠲᠠᠨᠢᠯᠴᠠᠭᠤᠯᠪᠠ᠃

《ᠤᠯᠠᠭᠠᠨᠬᠠᠳᠠ᠎ᠳ᠋ᠤ ᠪᠠᠰᠠ ᠥᠪᠥᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠠᠩᠬᠠᠳᠠᠭ᠍ᠴᠢ ᠣᠯᠠᠨ ᠤᠯᠤᠰ᠎ᠤᠨ ᠲᠦᠷᠭᠡᠨ ᠬᠦᠷᠭᠡᠯᠲᠡ ᠵᠢᠨ ᠬᠢᠨᠠᠯᠲᠠ ᠬᠠᠮᠢᠶᠠᠷᠤᠯᠲᠠ᠎ᠶ᠋ᠢᠨ ᠲᠥᠪ᠎ᠲᠠᠢ ᠪᠠᠢᠵᠤ᠂ ᠤᠯᠤᠰ᠎ᠤᠨ ᠭᠠᠳᠠᠭᠠᠳᠤ᠎ᠶ᠋ᠢᠨ ᠲᠠᠸᠠᠷ᠎ᠢ ᠱᠢᠭᠤᠳ ᠲᠤᠰ ᠭᠠᠵᠠᠷ᠎ᠲᠤ ᠬᠦᠷᠭᠡᠵᠦ᠂ ᠳᠤᠮᠳᠠ ᠨᠢ ᠪᠠᠭᠤᠯᠭᠠᠵᠦ ᠠᠴᠢᠬᠤ ᠴᠢᠬᠤᠯᠠ ᠦᠭᠡᠢ; ᠢᠵᠢ ᠪᠦᠷᠢᠳᠦᠭᠦᠯᠦᠭ᠌ᠰᠡᠨ ᠬᠢᠯᠢ ᠰᠤᠨᠳᠠᠯᠠᠭᠰᠠᠨ ᠲᠠᠸᠠᠷ᠎ᠤᠨ ᠰᠦᠯᠵᠢᠶᠡᠨ ᠭᠠᠳᠠᠨᠠᠬᠢ ᠪᠡᠶᠡᠴᠢᠯᠡᠨ ᠣᠢᠯᠠᠭᠠᠬᠤ ᠲᠥᠪ ᠲᠤ᠌ 40 ᠭᠠᠷᠤᠶ ᠤᠯᠤᠰ ᠵᠢᠴᠢ ᠭᠠᠵᠠᠷ ᠣᠷᠣᠨ᠎ᠤ 5300 ᠭᠠᠷᠤᠶ ᠵᠦᠢᠯ᠎ᠤᠨ ᠭᠠᠳᠠᠭᠠᠳᠤ᠎ᠠᠴᠠ ᠣᠷᠣᠭᠤᠯᠤᠭᠰᠠᠨ ᠲᠠᠸᠠᠷ ᠪᠠᠢᠵᠤ᠂ 〈ᠪᠤᠳᠠᠳᠤ ᠴᠤᠭᠴᠠ᠎ᠳᠤ ᠪᠡᠶᠡᠴᠢᠯᠡᠨ ᠣᠢᠯᠠᠭᠠᠬᠤ᠂ ᠰᠦᠯᠵᠢᠶᠡᠨ ᠳᠡᠭᠡᠷ᠎ᠡ ᠠᠷᠠᠯᠵᠢᠶᠠᠯᠠᠬᠤ〉 ᠶ᠋ᠢ ᠪᠡᠶᠡᠯᠡᠭᠦᠯᠪᠡ》 ᠭᠡᠵᠦ ᠤᠯᠠᠭᠠᠨᠬᠠᠳᠠ᠎ᠶ᠋ᠢᠨ ᠠᠷᠠᠯᠵᠢᠶ᠎ᠠ ᠬᠤᠳᠠᠯᠳᠤᠭᠠᠨ᠎ᠤ ᠦᠢᠯᠡᠴᠢᠯᠡᠭᠡᠨ᠎ᠤ ᠪᠠᠷᠠᠭᠠᠨ᠎ᠤ ᠭᠦᠢᠯᠭᠡᠭᠡᠨ᠎ᠤ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ᠎ᠶ᠋ᠢᠨ ᠵᠥᠪᠯᠡᠯ᠎ᠤᠨ ᠪᠡᠯᠡ ᠣᠷᠣᠭᠤᠯᠤᠯᠲᠠ᠎ᠶ᠋ᠢ ᠠᠬᠢᠭᠤᠯᠬᠤ ᠲᠣᠪᠴᠢᠶᠠᠨ᠎ᠤ ᠳᠠᠷᠤᠭ᠎ᠠ ᠱᠢᠤᠢ ᠶᠠᠨ ᠲᠠᠨᠢᠯᠴᠠᠭᠤᠯᠵᠤ ᠪᠠᠢᠯ᠎ᠠ᠃

ᠡᠳᠦᠭᠡ ᠤᠯᠠᠭᠠᠨᠬᠠᠳᠠ ᠬᠤᠲᠠ ᠨᠢᠭᠡᠨᠲᠡ ᠪᠠᠷᠠᠭᠤᠨᠰᠢ᠎ᠪᠠᠨ ᠳᠤᠮᠳᠠ ᠠᠽᠢᠶ᠎ᠠ᠂ ᠤᠮᠠᠷᠠᠰᠢ ᠪᠠᠨ ᠣᠷᠣᠰ᠂ ᠮᠣᠩᠭᠤᠯ᠂ ᠡᠮᠦᠨᠡᠰᠢ᠎ᠪᠠᠨ ᠵᠡᠭᠦᠨ ᠡᠮᠦᠨᠡᠲᠦ ᠠᠽᠢᠶ᠎ᠠ᠎ᠬᠡᠮᠡᠨ ᠣᠯᠠᠨ ᠴᠢᠭ᠌ᠯᠡᠯ᠎ᠢᠶᠠᠷ ᠨᠡᠭᠡᠭᠡᠯᠲᠡ ᠬᠢᠬᠦ᠌ ᠪᠠᠢᠷᠢᠱᠢᠯ᠎ᠢ ᠪᠦᠷᠢᠯᠳᠦᠭᠦᠯᠵᠦ᠍᠂ ᠲᠣᠰ ᠭᠠᠵᠠᠷ᠎ᠤᠨ ᠲᠠᠸᠠᠷ᠎ᠢ 《ᠪᠦᠬᠦ᠌ ᠳᠡᠯᠡᠭᠡᠢ ᠳ᠋ᠤ ᠬᠤᠳᠠᠯᠳᠤᠬᠤ》ᠶ᠋ᠢ ᠪᠡᠶᠡᠯᠡᠭᠦᠯᠦᠭᠰᠡᠨ ᠮᠥᠷᠲᠡᠭᠡᠨ ᠬᠤᠲᠠ᠎ᠶ᠋ᠢᠨ ᠠᠷᠠᠳ᠎ᠤᠨ ᠭᠡᠷ᠎ᠤᠨ ᠡᠭᠦᠳᠡᠨ᠎ᠳ᠋ᠡᠭᠡᠨ 《ᠪᠦᠬᠦ᠌ ᠳᠡᠯᠡᠬᠡᠢ ᠵᠢᠨ ᠪᠠᠷᠠᠭ᠎ᠠ ᠵᠢ᠎ᠬᠤᠳᠠᠯᠳᠤᠨ ᠠᠪᠬᠤ》 ᠶ᠋ᠢ ᠪᠡᠶᠡᠯᠡᠭᠦᠯᠪᠡ᠃

ᠵᠠᠮ ᠨᠡᠪᠲᠡᠷᠡᠪᠠᠯ ᠪᠠᠷᠠᠭᠠᠨ᠎ᠤ ᠭᠦᠢᠯᠭᠡᠭᠡ ᠬᠦᠭᠵᠢᠵᠦ᠂ ᠪᠠᠷᠠᠭᠠᠨ᠎ᠤ ᠭᠦᠢᠯᠭᠡᠭᠡ ᠬᠦᠭᠵᠢᠪᠡᠯ ᠠᠷᠠᠯᠵᠢ᠎ᠠ ᠬᠦᠭᠵᠢᠵᠦ᠂ ᠠᠷᠠᠯᠵᠢᠢ᠎ᠠ ᠬᠦᠭᠵᠢᠪᠡᠯ ᠠᠵᠤ ᠦᠢᠯᠡᠰ ᠬᠦᠭᠵᠢᠨ᠎ᠡ᠃ ᠤᠯᠠᠭᠠᠨᠬᠠᠳᠠ ᠬᠤᠲᠠ᠎ᠳᠦ᠎ᠣᠲᠣ ᠢᠮᠠᠭᠠᠨ ᠨᠣᠣᠯᠣᠭᠤᠷ᠂ ᠢᠮᠠᠭᠠᠨ ᠨᠣᠣᠯᠣᠭᠤᠷ᠎ᠤᠨ ᠪᠦᠲᠦᠭᠡᠭ᠌ᠳᠡᠬᠦᠨ ᠪᠠ ᠡᠯᠳᠡᠪ ᠠᠮᠤ ᠡᠯᠳᠡᠪ ᠪᠤᠷᠴᠠᠭ ᠵᠡᠷᠭᠡ ᠤᠯᠤᠰ᠎ᠤᠨ ᠲᠠᠰ᠎ᠤᠨ ᠭᠠᠳᠠᠭᠠᠳᠤ ᠠᠷᠠᠯᠵᠢᠶᠠᠨ᠎ᠤ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠭᠦᠯᠬᠦ᠌ 3 ᠰᠠᠭᠤᠷᠢᠨ ᠭᠠᠵᠠᠷ ᠪᠠ ᠲᠤᠰᠭᠠᠶ ᠬᠢᠮᠢ᠎ᠶ᠋ᠢᠨ ᠠᠵᠤ ᠦᠢᠯᠡᠳᠪᠦᠷᠢ᠂ ᠡᠮ ᠡᠮᠨᠡᠯᠭᠡ  ᠵᠡᠷᠭᠡ 2 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠠᠳᠠᠭᠠᠳᠤ ᠠᠷᠠᠯᠵᠢᠶᠠᠨ᠎ᠤ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠭᠦᠯᠬᠦ᠌ ᠰᠠᠭᠤᠷᠢᠨ ᠲᠠᠢ ᠪᠠᠢᠵᠤ᠂  ᠪᠤᠲᠠᠲᠠᠢ ᠲᠤᠬᠠᠢᠯᠠᠭ᠍ᠰᠠᠨ ᠠᠵᠢᠯ᠎ᠢ ᠥᠷᠨᠢᠭᠦᠯᠵᠦ ᠪᠠᠢᠭ᠎ᠠ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ 142 ᠪᠠᠢᠨ᠎ᠠ᠃

2025 ᠣᠨ᠎ᠤ 1 ᠰᠠᠷ᠎ᠠ᠎ᠠᠴᠠ 11 ᠰᠠᠷ᠎ᠠ ᠪᠣᠯᠲᠠᠯ᠎ᠠ᠂ ᠤᠯᠠᠭᠠᠨᠬᠠᠳᠠ ᠬᠤᠲᠠ᠎ᠶ᠋ᠢᠨ ᠭᠠᠳᠠᠭᠠᠳᠤ ᠠᠷᠠᠯᠵᠢᠶᠠᠨ᠎ᠤ ᠶᠡᠷᠦᠩᠬᠡᠶ ᠲᠤᠭ᠎ᠠ 311.4 ᠳ᠋ᠦᠩᠱᠢᠭᠤᠷ ᠲᠥᠭᠦᠷᠢᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 10.7% ᠎ᠪᠠᠷ ᠨᠡᠮᠡᠭ᠌ᠳᠡᠪᠡ; ᠤᠯᠠᠭᠠᠨᠬᠠᠳᠠ᠎ᠶ᠋ᠢᠨ ᠭᠠᠢᠯᠢ ᠪᠠᠲᠤᠯᠠᠬᠤ ᠪᠠᠷᠠᠭᠠᠨ᠎ᠤ ᠭᠦᠢᠯᠭᠡᠭᠡᠨ᠎ᠤ ᠲᠥᠪ᠎ᠤᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠶᠡᠷᠦᠩᠬᠡᠶ ᠲᠤᠭ᠎ᠠ ᠨᠢ ᠠᠳᠠᠯᠢ ᠬᠤᠭᠤᠴᠠᠭᠠᠨ᠎ᠤ ᠪᠥᠬᠦ᠌ ᠤᠯᠤᠰ᠎ᠤᠨ 85 ᠭᠠᠢᠯᠢ ᠪᠠᠲᠤᠯᠠᠬᠤ ᠪᠠᠷᠠᠭᠠᠨ᠎ᠤ ᠭᠦᠢᠯᠭᠡᠭᠡᠨ᠎ᠤ ᠲᠥᠪ᠎ᠤᠨ ᠳᠣᠲᠣᠷ᠎ᠠ 23 ᠳ᠋ᠤᠭᠠᠷ᠎ᠲᠤ ᠵᠢᠭ᠍ᠰᠠᠭᠠᠭ᠍ᠳᠠᠵᠤ᠂ ᠥᠪᠡᠷᠲᠡᠭᠡᠨ ᠵᠠᠰᠠᠬᠤ ᠣᠷᠣᠨ᠎ᠤ B ᠬᠡᠯᠪᠡᠷᠢ᠎ᠶ᠋ᠢᠨ ᠭᠠᠢᠯᠢ ᠪᠠᠲᠤᠯᠠᠬᠤ ᠲᠥᠪ᠎ᠤᠨ ᠳᠣᠲᠣᠷ᠎ᠠ ᠲᠦᠷᠦᠭᠦᠯᠡᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠡᠭᠡᠯᠵᠢ᠎ᠶ᠋ᠢᠨ ᠭᠠᠳᠠᠭᠠᠳᠤ ᠨᠡᠭᠡᠭᠡᠯᠲᠡ᠎ᠶ᠋ᠢᠨ ᠬᠡᠪ ᠳᠠᠭᠤᠷᠢᠶᠠᠯ᠎ᠢᠶᠠᠷ ᠵᠢᠭ᠍ᠰᠠᠭᠠᠭ᠍ᠳᠠᠪᠠ᠃

《〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠲᠦᠯᠦᠪᠵᠢᠭᠦᠯᠭᠡ᠎ᠵᠢᠨ᠎ᠬᠤᠭᠤᠴᠠᠭᠠᠨ᠎ᠳᠤ ᠤᠮᠠᠷᠠᠰᠢ ᠨᠡᠭᠡᠭᠡᠯᠲᠡ ᠬᠢᠬᠦ᠂ ᠡᠮᠦᠨᠠᠰᠢ ᠲᠡᠯᠡᠶ ᠵᠦᠭ ᠤᠷᠤᠭᠰᠢᠯᠠᠬᠤ᠎ᠶ᠋ᠢ ᠪᠠᠷᠢᠮᠲᠠᠯᠠᠵᠤ᠂ ᠤᠮᠠᠷᠠᠰᠢ ᠪᠠᠨ ᠬᠠᠭᠤᠷᠠᠶ ᠵᠠᠮ᠎ᠤᠨ ᠪᠣᠭᠤᠮᠲᠠ ᠵᠢ ᠨᠡᠪᠲᠡᠷᠡᠭᠦᠯᠵᠦ᠂ ᠡᠮᠦᠨᠡᠰᠢ ᠪᠠᠨ ᠳᠠᠯᠠᠶ᠎ᠳᠤ ᠭᠠᠷᠬᠤ ᠵᠠᠮ᠎ᠢ ᠨᠡᠪᠲᠡᠷᠡᠭᠦᠯᠵᠦ᠍᠂ ᠤᠯᠠᠭᠠᠨᠬᠠᠳᠠ᠎ᠶ᠋ᠢᠨ ᠣᠯᠠᠨ ᠤᠯᠤᠰ᠎ᠤᠨ ᠬᠠᠭᠤᠷᠠᠶ ᠭᠠᠷᠠᠮ᠎ᠢ ᠥᠨᠳᠥᠷ ᠪᠠᠷᠢᠮᠵᠢᠶ᠎ᠠ᠎ᠪᠠᠷ ᠪᠥᠲᠥᠭᠡᠨ ᠪᠠᠢᠭᠤᠯᠵᠤ᠂ ᠤᠯᠠᠭᠠᠨᠬᠠᠳᠠ᠎ᠶ᠋ᠢᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠢ ᠭᠤᠶᠤᠴᠢᠯᠠᠨ ᠪᠠᠢᠭᠤᠯᠬᠤ᠎ᠶ᠋ᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠲᠤᠯᠭᠠᠭᠤᠷᠢᠯᠠᠬᠤ ᠦᠢᠯᠡᠳᠦᠯ᠎ᠢ ᠨᠠᠩ ᠰᠠᠢᠲᠤᠷ ᠪᠠᠳᠠᠷᠠᠭᠤᠯᠤᠨ᠎ᠠ》 ᠭᠡᠵᠦ ᠤᠯᠠᠭᠠᠨᠬᠠᠳᠠ ᠬᠤᠳᠠ᠎ᠶ᠋ᠢᠨ ᠨᠠᠮ᠎ᠤᠨ ᠬᠤᠷᠢᠶᠠᠨ᠎ᠤ ᠱᠦᠵᠢ ᠲᠠᠩ ᠢ ᠤᠯᠠᠭᠠᠨᠬᠠᠳᠠ᠎ᠶ᠋ᠢᠨ ᠨᠡᠭᠡᠭᠡᠯᠲᠡᠲᠦ ᠬᠥᠭ᠌ᠵᠢᠯᠲᠡ᠎ᠶ᠋ᠢᠨ ᠲᠣᠳᠣᠷᠬᠠᠢ ᠵᠢᠷᠤᠭ ᠲᠥᠯᠥᠪᠯᠡᠭᠡ᠎ᠶ᠋ᠢ ᠲᠠᠨᠢᠯᠴᠠᠭᠤᠯᠪᠠ᠃

ᠤᠯᠠᠭᠠᠨᠬᠠᠳᠠ ᠦᠨᠤᠳᠤᠷ ᠶᠠᠭ ᠨᠠᠩ ᠰᠠᠭᠠᠳ ᠥᠬᠡᠶ ᠨᠡᠪᠲᠡᠷᠡᠬᠦ᠌ ᠵᠠᠮ᠂ ᠨᠠᠩ ᠪᠦᠷᠢᠨ ᠲᠡᠭᠦᠯᠳᠡᠷ ᠨᠡᠭᠡᠭᠡᠯᠲᠡ᠎ᠶ᠋ᠢᠨ ᠲᠠᠪᠴᠠᠩ᠎ᠢᠶᠠᠷ 《ᠤᠮᠠᠷᠠᠰᠢ ᠨᠡᠭᠡᠭᠡᠯᠲᠡ ᠬᠢᠵᠦ᠍᠂ ᠡᠮᠦᠨᠠᠰᠢ ᠲᠡᠯᠡᠶ ᠵᠦᠭ ᠤᠷᠤᠭ᠍ᠰᠢᠯᠠᠬᠤ》 ᠵᠠᠮ᠎ᠢᠶᠠᠷ ᠯᠠᠪᠳᠠᠭᠤᠨ ᠤᠷᠤᠭ᠍ᠰᠢᠯᠠᠵᠤ᠂ ᠳᠣᠲᠣᠭᠠᠳᠤ ᠬᠠᠭᠤᠷᠠᠶ᠎ᠶ᠋ᠢᠨ ᠬᠤᠲᠠ᠎ᠶ᠋ᠢᠨ ᠭᠠᠳᠠᠭᠠᠳᠤ ᠨᠡᠭᠡᠭᠡᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号