ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠤᠪᠴᠢᠶ᠎ᠠ ᠬᠤᠷᠠᠯ ᠬᠤᠷᠠᠯᠳᠤᠭᠤᠯᠵᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠣᠷᠣᠨ ᠨᠤᠲᠤᠭ᠎ᠤᠨ ᠬᠤᠷᠢᠶ᠎ᠠ᠎ᠶᠢᠨ ᠠᠵᠢᠯ᠎ᠤᠨ ᠲᠦᠷᠢᠮ》 ᠢ᠋ ᠬᠢᠨᠠᠨ ᠵᠥᠪᠯᠡᠪᠡ
2026-03-28 11:21:22
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ


ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠡᠣᠯᠣᠰ ᠲᠦᠷᠦ᠎ᠶᠢᠨ ᠲᠣᠪᠴᠢᠶ᠎ᠠ 3 ᠰᠠᠷ᠎ᠠ᠎ᠶ᠋ᠢᠨ 27 ᠎ᠤ᠋ ᠡᠳᠦᠷ ᠬᠤᠷᠠᠯ ᠬᠤᠷᠠᠯᠳᠤᠭᠤᠯᠵᠤ᠂ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠣᠷᠣᠨ ᠨᠤᠲᠤᠭ᠎ᠤᠨ ᠬᠤᠷᠢᠶ᠎ᠠ᠎ᠶᠢᠨ ᠠᠵᠢᠯ᠎ᠤᠨ ᠳᠦᠷᠢᠮ》 ᠢ᠋  ᠬᠢᠨᠠᠨ ᠵᠥᠪᠯᠡᠪᠡ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ᠃

ᠬᠤᠷᠠᠯ ᠡᠴᠡ ᠣᠷᠣᠨ ᠨᠤᠲᠤᠭ᠎ᠤᠨ ᠨᠠᠮ᠎ᠤᠨ ᠬᠤᠷᠢᠶ᠎ᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠭᠤᠤᠯᠳᠠᠯᠭ᠎ᠠ᠎ᠶᠢᠨ ᠲᠤᠳᠤᠷᠠᠬᠢ  ᠭᠤᠤᠯᠳᠠᠯᠭ᠎ᠠ ᠪᠣᠯᠭᠠᠵᠤ᠂ ᠨᠠᠮ᠎ᠤᠨ ᠲᠥᠪ ᠬᠤᠷᠢᠶ᠎ᠠ᠎ᠶᠢᠨ ᠲᠣᠭ᠍ᠲᠠᠭᠠᠭ᠍ᠰᠠᠨ ᠶᠠᠪᠤᠳᠠᠯ᠎ᠢ ᠡᠷᠡᠰ ᠭᠤᠢᠪᠢᠰᠢ ᠦᠬᠡᠢ ᠠᠳᠭᠤᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠬᠤ᠎ᠶ᠋ᠢᠨ ᠬᠠᠮᠲᠤ ᠲᠤᠰ ᠭᠠᠵᠠᠷ ᠣᠷᠣᠨ᠎ᠤ ᠪᠣᠳᠠᠲᠤ ᠪᠠᠢᠳᠠᠯ᠎ᠲᠠᠶ᠎ᠪᠠᠨ ᠨᠢᠭ᠍ᠲᠠ ᠤᠶᠠᠯᠳᠤᠭᠤᠯᠵᠤ᠂ ᠠᠵᠢᠯ᠎ᠤᠨ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢᠶᠠᠨ ᠴᠢᠩᠭᠠᠳᠭᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠬᠤᠷᠠᠯ ᠡᠴᠡ ᠣᠷᠣᠨ ᠨᠤᠲᠤᠭ᠎ᠤᠨ ᠨᠠᠮ᠎ᠤᠨ ᠬᠤᠷᠢᠶ᠎ᠠ ᠬᠥᠭ᠌ᠵᠢᠯᠲᠡ᠎ᠶ᠋ᠢ ᠡᠷᠢᠯᠬᠢᠯᠡᠬᠦ᠌ ᠠᠮᠤᠷ ᠲᠦᠪᠱᠢᠨ᠎ᠢ ᠪᠠᠲᠤᠯᠠᠬᠤ ᠲᠠᠯ᠎ᠠ᠎ᠪᠠᠷ ᠵᠠᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ᠎ᠲᠠᠶ᠂ ᠯᠠᠪᠳᠠᠭᠤᠨ ᠪᠠᠲᠤᠲᠠᠢ ᠠᠵᠢᠯᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠬᠡᠷᠡᠭ᠌ᠲᠡᠢ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠨ ᠰᠠᠢᠵᠢᠷᠠᠭᠤᠯᠵᠤ᠂ ᠤᠯᠤᠰ᠎ᠤᠨ ᠠᠮᠤᠷ ᠲᠦᠪᠱᠢᠨ ᠪᠠ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠬᠤ ᠬᠡᠷᠡᠭ᠌ᠲᠡᠶ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠠᠷᠠᠳ ᠲᠦᠮᠡᠨ᠎ᠦ ᠲᠥᠯᠥᠭᠡ ᠠᠵᠢᠯ᠎ᠤᠨ ᠠᠮᠵᠢᠯᠳᠠ ᠪᠦᠲᠦᠮᠵᠢ ᠭᠠᠷᠭᠠᠬᠤ᠂ ᠪᠣᠳᠠᠲᠠᠢ ᠠᠵᠢᠯᠯᠠᠨ ᠠᠵᠢᠯ᠎ᠤᠨ ᠠᠮᠵᠢᠯᠳᠠ ᠪᠦᠲᠦᠮᠵᠢ ᠭᠠᠷᠭᠠᠬᠤ᠎ᠶ᠋ᠢ ᠪᠠᠷᠢᠮᠲᠠᠯᠠᠵᠤ᠂ ᠦᠢᠯᠡᠳᠦᠯᠭᠡ᠂ ᠠᠷᠠᠳ ᠲᠦᠮᠡᠨ᠂ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠪᠣᠳᠠᠲᠤ ᠠᠮᠵᠢᠯᠲᠠ᠎ᠶ᠋ᠢ ᠴᠢᠷᠮᠠᠢᠨ ᠡᠭᠦᠳᠬᠦ᠌ ᠬᠡᠷᠡᠭ᠌ᠲᠡᠢ᠃ ᠣᠷᠣᠨ ᠨᠤᠲᠤᠭ᠎ᠤᠨ ᠨᠠᠮ᠎ᠤᠨ ᠬᠤᠷᠢᠶ᠎ᠠ᠎ᠶᠢᠨ ᠤᠳᠤᠷᠢᠳᠭᠤ ᠪᠠᠭ᠎ᠤᠨ ᠳᠣᠲᠣᠷ᠎ᠠ ᠠᠷᠠᠳᠴᠢᠯᠠᠯ ᠲᠥᠪᠯᠡᠷᠡᠯ᠎ᠦᠨ ᠶᠣᠰᠣᠨ᠎ᠤ ᠬᠥᠮᠦᠵᠢᠯ᠎ᠢ ᠴᠢᠩᠭᠠᠳᠭᠠᠵᠤ᠂ ᠬᠡᠷᠡᠭ ᠵᠥᠪᠯᠡᠵᠦ᠍ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠲᠦᠷᠢᠮ᠎ᠢ ᠲᠡᠭᠦᠯᠳᠡᠷᠵᠢᠭᠦᠯᠦᠨ᠂ ᠨᠠᠵᠠᠭᠠᠢ ᠲᠠᠯ᠎ᠠ᠎ᠶ᠋ᠢᠨ ᠨᠠᠷᠢᠨ ᠳᠠᠩᠰᠠ᠎ᠶ᠋ᠢ ᠨᠠᠷᠢᠯᠢᠬ᠍ᠵᠢᠭᠤᠯᠵᠤ᠂ ᠬᠢᠨᠠᠯᠲᠠ ᠲᠠᠯᠪᠢᠬᠤ ᠲᠣᠭ᠍ᠲᠠᠴᠠ᠎ᠶ᠋ᠢ ᠪᠦᠷᠢᠨᠱᠢᠬᠦᠯᠤᠨ᠂ ᠬᠢᠨᠠᠯᠲᠠ ᠲᠠᠯᠪᠢᠬᠤ ᠭᠣᠣᠯᠳᠠᠯᠭ᠎ᠠ᠎ᠲᠠᠶ ᠬᠡᠷᠡᠭ ᠶᠠᠪᠤᠳᠠᠯ᠂ ᠪᠣᠳᠠᠲᠠᠢ ᠠᠷᠭ᠎ᠠ ᠬᠡᠮᠵᠢᠶ᠎ᠡ᠂ ᠬᠠᠷᠢᠭᠤᠴᠠᠯᠭ᠎ᠠ ᠨᠡᠬᠡᠮᠵᠢᠯᠡᠬᠦ᠌ ᠵᠡᠷᠭᠡ ᠠᠭᠤᠯᠭ᠎ᠠ᠎ᠶ᠋ᠢ ᠲᠣᠳᠣᠷᠬᠠᠢᠯᠠᠵᠤ᠂ ᠠᠷᠠᠳᠴᠢᠯᠠᠯ ᠲᠥᠪᠯᠡᠷᠡᠯ᠎ᠦᠨ ᠶᠣᠰᠣ᠎ᠶ᠋ᠢ ᠴᠢᠩᠭ᠎ᠠ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠣᠷᠣᠨ ᠨᠤᠲᠤᠭ᠎ᠤᠨ ᠨᠠᠮ᠎ᠤᠨ ᠬᠤᠷᠢᠶ᠎ᠠ᠎ᠶᠢᠨ ᠤᠳᠤᠷᠢᠳᠭᠤ ᠪᠠᠭ᠎ᠤᠨ ᠪᠦᠷᠢᠯᠳᠦᠬᠦᠨ ᠤᠨᠤᠯ᠎ᠤᠨ ᠰᠤᠷᠤᠯᠴᠠᠯᠭ᠎ᠠ᠎ᠪᠠᠨ ᠴᠢᠩᠭᠠᠳᠭᠠᠵᠤ᠂ ᠲᠤᠰᠭᠠᠢ ᠮᠡᠷᠭᠡᠵᠢᠯ᠎ᠦᠨ ᠬᠡᠪ ᠴᠢᠨᠠᠷ᠎ᠢᠶᠠᠨ ᠳᠡᠭᠡᠭ᠌ᠰᠢᠯᠡᠭᠦᠯᠵᠦ᠍᠂ ᠤᠳᠤᠷᠢᠳᠭᠤ ᠴᠢᠳᠠᠪᠤᠷᠢ᠎ᠪᠠᠨ ᠬᠦᠴᠦᠯᠡᠨ ᠳᠡᠭᠡᠭ᠌ᠰᠢᠯᠡᠭᠦᠯᠬᠦ᠌ ᠬᠡᠷᠡᠭ᠌ᠲᠡᠢ᠃ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ ᠵᠢᠴᠢ ᠲᠡᠬᠦᠨ ᠎ᠢ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠴᠥᠬᠥᠷᠡᠰᠢ ᠦᠭᠡᠢ ᠴᠢᠩᠭ᠎ᠠ ᠲᠤᠭᠤᠱᠢᠯᠠᠭᠤᠯᠵᠤ᠂ ᠬᠡᠯᠪᠡᠷᠢᠴᠢ ᠦᠵᠡᠯ᠎ᠢ ᠭᠦᠨᠵᠡᠭᠡᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠵᠦ᠂ ᠬᠠᠤᠯᠢ ᠲᠣᠭ᠍ᠲᠠᠭᠠᠯ ᠶᠣᠰᠣᠭᠠᠷ ᠡᠷᠬᠡ᠎ᠪᠡᠨ ᠬᠡᠷᠡᠭ᠌ᠯᠡᠵᠦ᠍᠂ ᠠᠷᠢᠭᠤᠨ ᠴᠢᠬᠡᠴᠢ ᠪᠠᠢᠬᠤ ᠬᠣᠷᠢᠭ᠎ᠠ ᠱᠤᠭᠤᠮ᠎ᠢ ᠰᠠᠢᠲᠤᠷ ᠰᠠᠬᠢᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠦᠷᠢᠯᠳᠦᠭᠦᠯᠬᠦ᠌᠎ᠶ᠋ᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ ᠡᠴᠡ ᠪᠠᠰᠠ ᠪᠤᠰᠤᠳ ᠵᠦᠢᠯᠡᠰ᠎ᠢ ᠰᠤᠳᠤᠯᠵᠠᠢ᠃

ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 27 ᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号