ᠳᠦᠷᠢᠮ ᠲᠣᠭᠲᠠᠭᠠᠯ᠎ᠢ ᠪᠠᠢᠭᠤᠯᠤᠨ ᠲᠣᠭᠲᠠᠭᠠᠬᠤ ᠲᠡᠬᠡᠷ᠎ᠡ ᠬᠦᠴᠦ ᠤᠷᠤᠭᠤᠯᠬᠤ ᠬᠡᠷᠡᠭᠳᠡᠢ
2026-03-28 12:10:06
ᠵᠣᠬᠢᠶᠠᠭ᠍ᠴᠢ᠄
ᠰᠢᠨᠬᠤᠸᠠ ᠬᠣᠷᠢᠶ᠎ᠡ ᠵᠢᠨ ᠰᠢᠭᠦᠮᠵᠢᠯᠡᠭᠴᠢ
ᠣᠩᠱᠢᠭ᠍ᠰᠠᠨ ᠣᠳᠠᠭ᠎ᠠ᠄
★★★☆☆

︱ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠥᠭᠦᠯᠡᠬᠦ ᠨᠢ


ᠵᠢᠵᠢᠭ ᠤᠬᠠᠭᠠᠨ᠎ᠢᠶᠠᠷ ᠬᠡᠷᠡᠭ ᠶᠠᠪᠤᠳᠠᠯ᠎ᠢ ᠰᠢᠢᠳᠪᠦᠷᠢᠯᠡᠵᠤ᠂ ᠲᠤᠮᠤ ᠤᠬᠠᠭᠠᠨ᠎ᠢᠶᠠᠷ ᠳᠦᠷᠢᠮ᠎ᠢ ᠵᠠᠰᠠᠨ᠎ᠠ᠃ ᠳᠦᠷᠢᠮ ᠪᠣᠯ ᠪᠦᠬᠦ ᠲᠠᠯ᠎ᠠ᠎ᠶᠢᠨ ᠴᠢᠨᠠᠷᠲᠠᠢ᠂ ᠲᠣᠭᠲᠠᠪᠤᠷᠢᠲᠤ ᠴᠢᠨᠠᠷᠲᠠᠢ ᠪᠠᠢᠵᠤ᠂ ᠦᠨᠳᠦᠰᠦ ᠡᠴᠡ ᠨᠢ ᠬᠠᠮᠢᠶᠠᠷᠴᠤ᠂ ᠠᠯᠤᠰ ᠬᠡᠳᠤ᠎ᠶᠢ ᠬᠠᠮᠢᠶᠠᠷᠳᠠᠭ᠃ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠰᠠᠢᠲᠤᠷ ᠥᠷᠨᠢᠭᠦᠯᠬᠦ᠎ᠳᠦ᠂《ᠤᠳᠤ᠎ᠶᠢᠨ ᠪᠠᠢᠳᠠᠯ᠎ᠳᠤ ᠥᠭᠡᠷᠡᠴᠢᠯᠡᠯᠲᠡ ᠬᠢᠬᠦ》ᠪᠠ《ᠤᠷᠳᠤ ᠬᠤᠭᠤᠴᠠᠭ᠎ᠠ᠎ᠪᠦᠳᠦᠮᠵᠢᠳᠡᠢ ᠪᠠᠢᠬᠤ》ᠶ᠋ᠢ ᠤᠶᠠᠯᠳᠤᠭᠤᠯᠬᠤ᠎ᠶᠢ ᠪᠠᠷᠢᠮᠲᠠᠯᠠᠵᠤ᠂ ᠳᠦᠷᠢᠮ ᠲᠣᠭᠲᠠᠭᠠᠯ ᠪᠠᠢᠭᠤᠯᠤᠨ ᠲᠣᠭᠲᠠᠭᠠᠬᠤ᠎ᠲᠡᠬᠡᠷ᠎ᠡ ᠬᠦᠴᠦ ᠲᠠᠯᠪᠢᠵᠤ᠂ ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠶᠢ ᠪᠠᠢᠩᠭᠤᠵᠢᠭᠤᠯᠤᠨ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠣᠯᠭᠠᠬᠤ᠎ᠶᠢ ᠠᠬᠢᠭᠤᠯᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ 《〈ᠬᠣᠶᠠᠷ᠎ᠢ ᠰᠤᠷᠤᠯᠴᠠᠵᠦ ᠨᠢᠭᠡ᠎ᠳᠦ ᠲᠡᠩᠴᠡᠭᠦᠯᠬᠦ〉ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠬᠤ ᠳᠦᠷᠢᠮᠵᠢᠭᠦᠯᠬᠦ᠎ᠶᠢ ᠠᠬᠢᠭᠤᠯᠬᠤ ᠲᠤᠬᠠᠢ ᠰᠠᠨᠠᠯ》 ᠢ᠋ ᠳᠠᠷᠤᠮᠠᠯᠯᠠᠨ ᠲᠠᠷᠬᠠᠭᠠᠭᠰᠠᠨ᠎ᠡᠴᠡ ᠠᠪᠤᠭᠠᠳ  ᠤᠭ ᠰᠠᠨᠠᠭ᠎ᠠ᠎ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ ᠳᠦᠷᠢᠮ᠎ᠢ ᠪᠠᠢᠭᠤᠯᠤᠭᠰᠠᠨ ᠬᠦᠷᠲᠡᠯ᠎ᠡ᠂ ᠳᠠᠬᠢᠭᠠᠳ 《ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠳᠦᠷᠢᠮ》 ᠢ᠋ ᠨᠡᠢᠲᠡᠯᠡᠭᠰᠡᠨ ᠬᠦᠷᠲᠡᠯ᠎ᠡ᠂ ᠨᠠᠮ᠎ᠤᠨ ᠳᠣᠲᠣᠭᠠᠳᠤ᠎ᠶᠢᠨ ᠲᠥᠪᠯᠡᠷᠡᠩᠭᠦᠢ ᠰᠤᠷᠤᠯᠴᠠᠯᠭ᠎ᠠ ᠬᠥᠮᠦᠵᠢᠯ᠎ᠳᠦ ᠢᠮᠠᠭᠲᠠ ᠳᠦᠷᠢᠮ ᠲᠣᠭᠲᠠᠭᠠᠯ᠎ᠢ ᠪᠠᠢᠭᠤᠯᠤᠨ ᠲᠣᠭᠲᠠᠭᠠᠬᠤ᠎ᠶᠢ ᠴᠢᠬᠤᠯᠠᠴᠢᠯᠠᠵᠤ᠂ ᠳᠦᠷᠢᠮ᠎ᠦᠨ ᠪᠠᠢᠭᠤᠯᠤᠯᠲᠠ᠎ᠪᠠᠷ ᠳᠠᠮᠵᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠲᠠᠰᠤᠷᠠᠯᠳᠡ ᠦᠭᠡᠢ ᠪᠡᠬᠢᠵᠢᠭᠦᠯᠦᠨ ᠥᠷᠭᠡᠳᠬᠡᠪᠡ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠬᠦ᠎ᠳᠦ᠂ ᠳᠦᠷᠢᠮ ᠲᠣᠭᠲᠠᠭᠠᠯ᠎ᠢ ᠪᠠᠢᠭᠤᠯᠤᠨ ᠲᠣᠭᠲᠠᠭᠠᠬᠤ ᠡᠨᠡ ᠬᠦ᠌ ᠴᠢᠬᠤᠯᠠ ᠲᠤᠷᠰᠢᠯᠭ᠎ᠠ᠎ᠶᠢ ᠰᠠᠢᠲᠤᠷ ᠬᠡᠷᠡᠭᠯᠡᠵᠦ᠂ ᠳᠦᠷᠢᠮ ᠲᠣᠭᠲᠡᠴᠡ᠎ᠶᠢ ᠲᠠᠰᠤᠷᠠᠯᠳᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠪᠣᠢᠮ᠎ᠠ ᠵᠥᠷᠢᠴᠡᠯ ᠪᠠ ᠠᠰᠠᠭᠤᠳᠠᠯ᠎ᠢ ᠭᠦᠨᠵᠡᠭᠡᠢ ᠪᠦᠲᠦᠮᠵᠢᠲᠡᠶ ᠰᠢᠢᠳᠪᠦᠷᠢᠯᠡᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠰᠠᠢᠲᠤᠷ ᠪᠤᠢ ᠪᠣᠯᠭᠠᠵᠤ᠂ ᠰᠠᠢᠲᠤᠷ ᠦᠢᠯᠡᠳᠦᠯᠭᠡᠵᠢᠭᠦᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃

《ᠰᠢᠯᠭᠠᠷᠠᠭᠰᠠᠨ ᠵᠠᠰᠠᠭ ᠪᠠᠷᠢᠭᠴᠢᠳ᠂ ᠠᠯᠳᠠᠭ᠎ᠠ ᠳᠤᠲᠠᠭᠳᠠᠯ᠎ᠢᠶᠡᠨ ᠳᠠᠷᠤᠢᠬᠠᠨ ᠨᠥᠬᠥᠪᠦᠷᠢᠯᠡᠵᠤ᠂ ᠠᠰᠠᠭᠤᠳᠠᠯ ᠭᠠᠷᠪᠡᠯ ᠳᠠᠷᠤᠢᠬᠠᠨ ᠰᠢᠢᠳᠪᠦᠷᠢᠯᠡᠮᠤᠢ》᠃ ᠳᠦᠷᠢᠮ ᠲᠣᠭᠲᠠᠭᠠᠯ᠎ᠢ ᠪᠠᠢᠭᠤᠯᠤᠨ ᠲᠣᠭᠲᠠᠭᠠᠬᠤ᠎ᠲᠡᠬᠡᠷ᠎ᠡ ᠬᠦᠴᠦ ᠲᠠᠯᠪᠢᠵᠤ᠂ ᠳᠦᠷᠢᠮ ᠲᠣᠭᠲᠠᠭᠠᠯ᠎ᠢ ᠦᠨᠡᠨ ᠬᠦ᠌ ᠨᠥᠬᠥᠪᠦᠷᠢᠯᠡᠨ ᠰᠠᠢᠲᠤᠷ ᠲᠣᠭᠲᠠᠭᠠᠬᠤ ᠬᠡᠷᠡᠭᠲᠡᠢ᠃ ᠤᠳᠤ᠎ᠶᠢᠨ ᠬᠡᠷᠡᠭᠵᠢᠭᠦᠯᠵᠦ ᠪᠠᠢᠭ᠎ᠠ ᠳᠦᠷᠢᠮ ᠲᠣᠭᠲᠡᠴᠡ᠎ᠳᠠᠬᠢ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢᠨ ᠱᠠᠭᠠᠷᠳᠠᠯᠭ᠎ᠠ᠎ᠳᠤ ᠨᠡᠢᠴᠡᠬᠦ ᠦᠭᠡᠢ ᠲᠣᠭᠲᠠᠭᠠᠯ᠎ᠢ ᠭᠦᠨᠵᠡᠭᠡᠢ ᠡᠷᠢᠵᠦ᠂ ᠪᠠᠢᠴᠠᠭᠠᠨ ᠥᠭᠡᠷᠡᠴᠢᠯᠡᠬᠦ ᠠᠰᠠᠭᠤᠳᠠᠯ᠎ᠤᠨ ᠳᠤᠮᠳᠠ᠎ᠡᠴᠡ ᠳᠦᠷᠢᠮ᠎ᠦᠨ ᠭᠡᠮ ᠰᠤᠭᠤᠭ᠂ ᠳᠤᠲᠠᠭᠳᠠᠯ᠂ ᠪᠠᠭᠤᠷᠠᠢ ᠲᠠᠯ᠎ᠠ᠎ᠶᠢ ᠢᠯᠡᠷᠡᠭᠦᠯᠵᠦ᠂ ᠡᠭᠦᠨ᠎ᠢ ᠦᠨᠳᠦᠰᠦᠯᠡᠨ ᠳᠦᠷᠢᠮ᠎ᠢ ᠲᠡᠭᠦᠯᠳᠡᠷᠵᠢᠭᠦᠯᠵᠦ᠂ ᠲᠣᠭᠲᠠᠭᠠᠯ᠎ᠢ ᠰᠠᠢᠲᠤᠷ ᠲᠣᠭᠲᠠᠭᠠᠵᠤ᠂ ᠶᠠᠭᠤ᠎ᠶᠢ ᠬᠢᠵᠦ ᠪᠣᠯᠬᠤ᠂ ᠶᠠᠭᠤ᠎ᠶᠢ ᠬᠢᠵᠦ ᠦᠯᠦ ᠪᠣᠯᠬᠤ᠂ ᠬᠡᠨ᠎ᠦ ᠲᠥᠯᠥᠭᠡ ᠬᠢᠬᠦ᠂ ᠶᠠᠭᠠᠬᠢᠵᠤ ᠬᠢᠪᠡᠯ ᠵᠣᠬᠢᠬᠤ᠎ᠶᠢ ᠲᠣᠳᠣᠷᠬᠠᠢ ᠪᠣᠯᠭᠠᠬᠤ ᠬᠡᠷᠡᠭᠲᠡᠢ᠃ ᠵᠠᠰᠠᠭ᠎ᠤᠨ ᠠᠵᠢᠯ᠎ᠤᠨ ᠪᠦᠲᠦᠮᠵᠢ ᠵᠢᠨ ᠦᠵᠡᠯᠲᠡ᠎ᠶᠢᠨ ᠵᠥᠷᠢᠶ᠎ᠡ᠎ᠶᠢ ᠪᠦᠲᠦᠮᠵᠢᠲᠡᠢ ᠰᠡᠷᠭᠡᠢᠯᠡᠬᠦ ᠪᠠ ᠵᠠᠯᠠᠷᠠᠭᠤᠯᠤᠨ ᠵᠠᠰᠠᠬᠤ ᠠᠵᠢᠯ᠎ᠤᠨ ᠲᠣᠭᠲᠡᠴᠡ᠎ᠶᠢ ᠪᠦᠷᠢᠨᠰᠢᠭᠦᠯᠵᠦ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢᠨ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠬᠦ ᠲᠣᠭᠲᠡᠴᠡ᠎ᠶᠢ ᠲᠡᠭᠦᠯᠳᠡᠷᠵᠢᠭᠦᠯᠬᠦ ᠬᠡᠷᠡᠭᠲᠡᠢ᠃ ᠬᠠᠷᠢᠭᠤᠴᠠᠯᠭ᠎ᠠ ᠨᠡᠬᠡᠮᠵᠢᠯᠡᠬᠦ ᠠᠷᠭ᠎ᠠ᠎ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠳᠦᠷᠢᠮ᠎ᠢ《ᠴᠢᠩᠳᠠᠯᠠᠵᠤ》᠂ ᠨᠠᠮ᠎ᠤᠨ ᠭᠡᠰᠢᠭᠦᠨ ᠺᠠᠳ᠋ᠷᠴᠤᠳ᠎ᠢ ᠰᠡᠳᠬᠢᠯ ᠵᠢᠷᠦᠬᠡᠨ᠎ᠳᠡᠭᠡᠨ ᠡᠮᠢᠶᠡᠬᠦ ᠵᠦᠢᠯ ᠲᠡᠢ᠂ ᠦᠭᠡ ᠶᠠᠷᠢᠶ᠎ᠠ᠎ᠳᠠᠭᠠᠨ ᠴᠡᠭᠡᠷ᠎ᠲᠠᠢ᠂ ᠦᠢᠯᠡ ᠠᠵᠢᠯᠯᠠᠭ᠎ᠠ᠎ᠳᠠᠭᠠᠨ ᠵᠣᠭᠰᠣᠴᠠ᠎ᠲᠠᠢ ᠪᠣᠯᠭᠠᠵᠤ᠂ ᠳᠦᠷᠢᠮ᠎ᠢ ᠬᠡᠷᠡᠭᠵᠢᠭᠦᠯᠬᠦ ᠬᠦᠴᠦᠨ᠎ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃

ᠶᠡᠷᠦᠩᠬᠡᠢ ᠱᠦᠵᠢ ᠰᠢ ᠵᠢᠨ ᠫᠢᠩ᠄《ᠨᠠᠮ᠎ᠤᠨ ᠥᠪᠡᠷ ᠪᠡᠶ᠎ᠡ᠎ᠶᠢᠨ ᠬᠤᠪᠢᠰᠭᠠᠯ᠎ᠬᠢᠬᠦ ᠵᠢᠨ ᠭᠣᠣᠯ ᠨᠢ ᠡᠷᠬᠡ᠎ᠶ᠋ᠢ ᠵᠠᠰᠠᠬᠤ᠎ᠳᠤ ᠪᠤᠢ᠂ ᠡᠷᠬᠡ᠎ᠶ᠋ᠢ ᠲᠦᠷᠢᠮ᠎ᠢᠶᠡᠷ ᠡᠵᠡᠮᠳᠡᠬᠦ ᠪᠣᠯ ᠱᠢᠨ᠎ᠡ ᠴᠠᠭ ᠦᠶ᠎ᠡ᠎ᠶ᠋ᠢᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢᠨ ᠴᠢᠬᠤᠯᠠ ᠡᠭᠦᠷᠭᠡ ᠮᠥᠨ》᠃  ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ ᠳ᠋ᠤ ᠬᠡᠯᠪᠡᠷᠢᠯ ᠭᠠᠷᠴᠤ ᠵᠦᠷᠢᠶ᠎ᠡ ᠲᠠᠢ ᠪᠤᠯᠬᠤ ᠨᠢ ᠶᠡᠷᠦ᠍ᠳᠡᠭᠡᠨ ᠡᠷᠬᠡ ᠵᠢ ᠬᠡᠷᠡᠭᠵᠢᠬᠦᠯᠬᠦ  ᠵᠢᠷᠤᠮᠵᠢᠯ᠎ᠢᠶᠠᠨ ᠠᠯᠳᠠᠬᠤ᠂ ᠡᠷᠬᠡ᠎ᠶ᠋ᠢ ᠳᠤᠷ᠎ᠠ᠎ᠪᠠᠷ᠎ᠢᠶᠠᠨ ᠬᠡᠷᠡᠭ᠌ᠯᠡᠬᠦ᠌ ᠵᠡᠷᠭᠡ᠎ᠲᠡᠶ ᠨᠢᠭ᠍ᠲᠠ ᠬᠣᠯᠪᠣᠭ᠎ᠠ᠎ᠲᠠᠶ ᠪᠠᠢᠳᠠᠭ᠂ ᠡᠷᠬᠡᠪᠰᠢ ᠲᠦᠷᠢᠮ᠎ᠢᠶᠡᠷ ᠡᠷᠬᠡ᠎ᠶ᠋ᠢ ᠵᠠᠰᠠᠬᠤ᠂ ᠲᠦᠷᠢᠮ ᠶᠣᠰᠣᠭᠠᠷ ᠡᠷᠬᠡ᠎ᠶ᠋ᠢ ᠬᠡᠷᠡᠭ᠌ᠯᠡᠬᠦ᠌᠎ᠶ᠋ᠢ ᠴᠢᠩᠭᠠᠳᠭᠠᠵᠤ᠂ ᠡᠷᠬᠡ᠎ᠶ᠋ᠢ ᠨᠡᠩ ᠱᠢᠨᠵᠢᠯᠡᠬᠦ᠌ ᠤᠬᠠᠭᠠᠨᠴᠢ ᠪᠥᠭᠡᠳ ᠪᠦᠲᠦᠮᠵᠢᠲᠡᠢ᠎ᠪᠡᠷ ᠲᠦᠷᠢᠮ᠎ᠦᠨ ᠱᠢᠩᠭᠡᠯᠢᠭ᠎ᠲᠦ ᠬᠣᠷᠢᠬᠤ ᠬᠡᠷᠡᠭ᠌ᠲᠡᠢ᠃ ᠠᠷᠠᠳᠴᠢᠯᠠᠯ ᠲᠥᠪᠯᠡᠷᠡᠯ᠎ᠦᠨ ᠶᠣᠰᠣ᠎ᠶ᠋ᠢ ᠴᠢᠩᠭ᠎ᠠ ᠬᠡᠷᠡᠭ᠌ᠵᠢᠭᠦᠯᠵᠦ᠍᠂ ᠤᠳᠤᠷᠢᠳᠭᠤ ᠪᠠᠭ᠎ᠤᠨ ᠬᠡᠷᠡᠭ ᠵᠥᠪᠯᠡᠬᠦ᠌ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠲᠦᠷᠢᠮ᠎ᠢ ᠲᠡᠭᠦᠯᠳᠡᠷᠵᠢᠭᠦᠯᠵᠦ᠍᠂ ᠡᠷᠬᠡ᠎ᠶ᠋ᠢᠨ ᠠᠵᠢᠯᠯᠠᠭᠠᠨ᠎ᠢ ᠵᠢᠷᠤᠮᠵᠢᠭᠤᠯᠬᠤ ᠬᠡᠷᠡᠭ᠌ᠲᠡᠢ᠃ ᠤᠳᠤᠷᠢᠳᠭᠤ ᠲᠤᠱᠢᠶᠠᠯ ᠥᠨᠳᠥᠷ ᠪᠣᠯᠬᠤ ᠲᠤᠳᠤᠮ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ ᠠᠰᠠᠭᠤᠳᠠᠯ ᠭᠠᠷᠤᠭ᠍ᠰᠠᠨ ᠡᠴᠡ ᠪᠣᠯᠵᠤ ᠡᠭᠦᠰᠬᠡᠬᠦ ᠬᠣᠣᠷ ᠬᠥᠨᠥᠭᠡᠯ ᠨᠢ ᠤᠯᠠᠮ ᠶᠡᠬᠡ ᠪᠣᠯᠳᠠᠭ᠃ 《ᠨᠢᠭᠡᠳᠦᠭᠡᠷ ᠭᠠᠷ》 ᠲᠤ᠌ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ 《ᠨᠢᠭᠡᠳᠦᠭᠡᠷ ᠭᠠᠷ》 ᠤ᠋ᠨ ᠳᠤᠷ᠎ᠠ ᠵᠣᠷᠢᠭ᠎ᠢᠶᠠᠷ᠎ᠢᠶᠠᠨ ᠡᠷᠬᠡ᠎ᠪᠡᠨ ᠬᠡᠷᠡᠭ᠌ᠯᠡᠬᠦ᠌᠂ ᠦᠷᠯᠦᠬᠡ᠎ᠶᠢᠨ ᠵᠠᠷᠯᠢᠭ᠎ᠢᠶᠡᠨ ᠦᠳᠡᠰᠢ ᠨᠢ ᠬᠤᠪᠢᠷᠠᠭᠤᠯᠬᠤ᠎ᠶ᠋ᠢ ᠰᠡᠷᠭᠡᠢᠯᠡᠵᠦ᠍᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠬᠠᠤᠯᠢ ᠶᠣᠰᠣᠭᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠶ᠋ᠢ ᠪᠠᠷᠢᠮᠲᠠᠯᠠᠵᠤ᠂ ᠱᠢᠢᠳᠪᠦᠷᠢᠲᠦ ᠪᠤᠳᠤᠯᠭ᠎ᠠ᠎ᠶ᠋ᠢᠨ ᠶᠠᠰᠤ ᠴᠢᠨᠠᠷ᠎ᠤᠨ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃

ᠬᠢᠨᠠᠨ ᠱᠢᠯᠭᠠᠬᠤ ᠴᠢᠭᠯᠡᠯ ᠨᠢ ᠦᠢᠯᠡ ᠠᠵᠢᠯᠯᠠᠭ᠎ᠠ᠎ᠶ᠋ᠢᠨ ᠬᠠᠨᠳᠤᠰᠢ ᠵᠢ ᠬᠥᠲᠥᠯᠥᠨ ᠳᠠᠭᠠᠭᠤᠯᠵᠤ᠂ ᠬᠥᠮᠦᠨ ᠬᠡᠷᠡᠭ᠌ᠯᠡᠬᠦ᠌ ᠤᠳᠤᠷᠢᠳᠤᠮᠵᠢ ᠨᠢ ᠠᠵᠢᠯ ᠶᠠᠪᠤᠳᠠᠯ ᠬᠢᠬᠦ᠌ ᠴᠢᠭ᠌ᠯᠡᠯ᠎ᠲᠡᠶ ᠬᠣᠯᠪᠣᠭ᠍ᠳᠠᠨ᠎ᠠ᠃ ᠳᠦᠷᠢᠮ ᠲᠣᠭ᠍ᠲᠠᠭᠠᠯ᠎ᠢ ᠪᠠᠢᠭᠤᠯᠤᠨ ᠲᠣᠭ᠍ᠲᠠᠭᠠᠬᠤ ᠳᠡᠭᠡᠷ᠎ᠡ ᠬᠦᠴᠦ᠍ ᠲᠠᠯᠪᠢᠵᠤ᠂ ᠬᠢᠨᠠᠨ ᠱᠢᠯᠭᠠᠬᠤ᠎ᠶᠢᠨ 《ᠳᠣᠬᠢᠭᠤᠷ》 ᠤ᠋ᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠵᠠᠰᠠᠭ᠎ᠤᠨ ᠠᠵᠢᠯ᠎ᠤᠨ ᠪᠦᠳᠦᠮᠵᠢ᠎ᠶ᠋ᠢ ᠬᠢᠨᠠᠨ ᠱᠢᠯᠭᠠᠵᠤ ᠦᠨᠡᠯᠡᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠬᠢᠨᠠᠨ ᠱᠢᠯᠭᠠᠬᠤ ᠭᠦᠢᠴᠡᠳᠭᠡᠯ ᠲᠣᠭ᠎ᠠ᠎ᠶ᠋ᠢ ᠱᠢᠯᠢᠳᠡᠭ᠌ᠵᠢᠭᠦᠯᠦᠨ ᠴᠣᠮᠬᠠᠳᠭᠠᠵᠤ᠂ ᠬᠢᠨᠠᠨ ᠱᠢᠯᠭᠠᠬᠤ ᠬᠠᠨᠳᠤᠯᠭᠠᠲᠤ ᠴᠢᠨᠠᠷ ᠪᠠ ᠱᠢᠨᠵᠢᠯᠡᠬᠦ᠌ ᠤᠬᠠᠭᠠᠨᠴᠢ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠬᠢᠨᠠᠨ ᠰᠢᠯᠭᠠᠭᠰᠠᠨ ᠦᠷ᠎ᠡ ᠳ᠋ᠦᠩ᠎ᠢ ᠱᠢᠯᠢᠨ ᠳᠡᠪᠱᠢᠭᠦᠯᠵᠦ᠍ ᠲᠣᠮᠢᠯᠠᠨ ᠬᠡᠷᠡᠭ᠌ᠯᠡᠬᠦ᠌᠂ ᠰᠤᠷᠭᠠᠨ ᠬᠥᠮᠦᠵᠢᠭᠦᠯᠵᠦ᠍ ᠪᠤᠢᠵᠢᠭᠤᠯᠬᠤ᠂ ᠤᠷᠮᠠᠱᠢᠭᠤᠯᠬᠤ ᠬᠢᠵᠠᠭᠠᠷᠯᠠᠬᠤ ᠵᠡᠷᠭᠡ᠎ᠯᠦᠭᠡ ᠤᠶᠠᠯᠳᠤᠭᠤᠯᠵᠤ᠂ ᠲᠡᠷᠢᠭᠦᠨ᠎ᠦ ᠬᠢ᠎ᠶ᠋ᠢ ᠵᠣᠷᠢᠭ᠍ᠵᠢᠭᠤᠯᠤᠨ᠂ ᠬᠣᠴᠣᠷᠤᠩᠭᠤᠶ᠎ᠶ᠋ᠢ ᠱᠠᠯᠠᠪᠳᠠᠭᠤᠯᠬᠤ ᠬᠡᠷᠡᠭ᠌ᠲᠡᠶ᠃ ᠪᠣᠳᠠᠲᠠᠢ ᠠᠵᠢᠯᠯᠠᠬᠤ᠎ᠶ᠋ᠢ ᠴᠢᠬᠤᠯᠠᠴᠢᠯᠠᠬᠤ᠂ ᠪᠣᠳᠠᠲᠤ ᠠᠮᠵᠢᠯᠲᠠ᠎ᠶ᠋ᠢ ᠴᠢᠬᠤᠯᠠᠴᠢᠯᠠᠬᠤ ᠬᠥᠮᠦᠨ ᠬᠡᠷᠡᠭ᠌ᠯᠡᠬᠦ᠌ ᠤᠳᠤᠷᠢᠳᠤᠮᠵᠢ᠎ᠶ᠋ᠢ ᠴᠢᠩᠭᠠᠳᠭᠠᠵᠤ᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠲᠤᠬᠠᠢ ᠵᠥᠪ ᠦᠵᠡᠯᠲᠡ᠎ᠶ᠋ᠢ ᠪᠠᠲᠤ ᠪᠤᠢ ᠪᠤᠯᠭᠠᠨ ᠦᠢᠯᠡᠳᠦᠯᠭᠡᠵᠢᠭᠦᠯᠦᠭ᠌ᠰᠡᠨ᠂ ᠦᠨᠡᠨ ᠬᠦ᠌ ᠠᠳᠭᠤᠨ ᠪᠣᠳᠠᠲᠠᠢ ᠠᠵᠢᠯᠯᠠᠭ᠍ᠰᠠᠨ᠂ ᠪᠣᠳᠠᠲᠤ ᠠᠮᠵᠢᠯᠲᠠ᠎ᠪᠠᠷ ᠲᠤᠪᠤᠢ᠌ᠮ᠎ᠠ ᠪᠠᠢᠬᠤ ᠱᠢᠯᠢᠳᠡᠭ ᠺᠠᠳ᠋ᠷ᠎ᠢ ᠶᠡᠬᠡ᠎ᠪᠡᠷ ᠱᠢᠯᠢᠨ ᠳᠡᠪᠱᠢᠭᠦᠯᠵᠦ᠍᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠲᠤᠬᠠᠢ ᠦᠵᠡᠯᠲᠡ ᠨᠢ ᠲᠥᠪ ᠪᠤᠰᠤ ᠲᠡᠳᠡᠭᠡᠷ ᠺᠠᠳ᠋ᠷ᠎ᠢ ᠡᠷᠡᠰ ᠬᠡᠷᠡᠭ᠌ᠯᠡᠬᠦ᠌ ᠦᠭᠡᠢ ᠪᠠᠢᠵᠤ᠂ ᠺᠠᠳ᠋ᠷ᠎ᠤᠨ ᠲᠠᠪᠱᠢᠵᠤ ᠪᠠᠭᠤᠵᠤ ᠪᠦᠷ ᠪᠣᠯᠬᠤ᠎ᠶ᠋ᠢ ᠠᠬᠢᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠵᠥᠪ ᠦᠢᠯᠡᠳᠴᠤ᠂ ᠬᠦᠴᠦᠯᠡᠨ ᠴᠢᠷᠮᠠᠢᠵᠤ ᠦᠢᠯᠡᠰ ᠪᠦᠲᠦᠭᠡᠬᠦ᠌᠎ᠶ᠋ᠢ ᠬᠦᠳᠦᠯᠦᠨ ᠵᠢᠯᠣᠭᠣᠳᠭᠤ ᠬᠡᠷᠡᠭ᠌ᠲᠡᠢ᠃

ᠤᠯᠤᠰ᠎ᠢ ᠵᠠᠰᠠᠵᠤ ᠠᠷᠠᠳ᠎ᠢ ᠠᠮᠤᠷᠵᠢᠭᠤᠯᠬᠤ᠎ᠳᠦ ᠳᠦᠷᠢᠮ᠎ᠢ ᠪᠦᠷᠢᠨᠰᠢᠬᠦᠯᠬᠦ ᠬᠡᠷᠡᠭᠳᠡᠢ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠦᠨ᠂ ᠲᠦᠷᠢᠮ ᠲᠣᠭ᠍ᠲᠠᠭᠠᠯ᠎ᠢ ᠪᠠᠢᠭᠤᠯᠤᠨ ᠲᠣᠭ᠍ᠲᠠᠭᠠᠬᠤ ᠲᠡᠬᠡᠷ᠎ᠡ ᠬᠦᠴᠦ᠍ ᠲᠠᠯᠪᠢᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠦᠵᠡᠯ ᠰᠠᠨᠠᠭᠠᠨ᠎ᠤ ᠲᠠᠯ᠎ᠠ᠎ᠪᠠᠷ ᠪᠠᠲᠤ ᠪᠤᠢ ᠪᠣᠯᠭᠠᠬᠤ᠂ ᠦᠢᠯᠡᠳᠦᠯᠭᠡ᠎ᠶ᠋ᠢᠨ ᠳᠤᠮᠳᠠ ᠨᠠᠢᠳᠠᠪᠤᠷᠢᠵᠢᠭᠤᠯᠬᠤ᠎ᠶ᠋ᠢ ᠠᠬᠢᠭᠤᠯᠪᠠᠯ᠂ ᠠᠵᠢᠯ ᠬᠢᠵᠦ᠍ ᠦᠢᠯᠡᠰ ᠪᠤᠰᠬᠠᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠨᠢ ᠯᠠᠪᠲᠠᠢ ᠶᠤᠮ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 3 ᠰᠠᠷ᠎ᠠ᠎ᠶᠢᠨ 25᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号